ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠲᠤᠬᠠᠢ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/10/28
     10 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 33 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ  ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠲᠤᠬᠠᠢ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠸᠠᠩ ᠵᠢᠶᠦ᠋ᠨ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠦ ᠪᠠᠶᠢᠭ᠎ᠠ ᠨᠢ        ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠲᠤᠬᠠᠢ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶ᠎ᠠ ᠨᠢ ᠤᠳᠬ᠎ᠠ ᠬᠦᠨ᠂ ᠠᠭᠤᠯᠤᠭᠳᠠᠬᠤᠨ ᠢᠶᠠᠷ ᠪᠠᠶᠠᠯᠢᠭ ᠪᠠᠶᠢᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠢ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ ᠬᠡᠵᠦ ᠵᠢᠭᠠᠵᠤ ᠭᠠᠷᠭᠠᠪᠠ᠃      ᠬᠤᠷᠠᠯ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠠᠴᠠ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠤ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠣᠳᠣᠯᠭ᠎ᠠ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠢ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠠᠴᠠ ᠴᠢᠬᠤᠯᠠ ᠠᠵᠢᠯ ᠪᠣᠯᠤᠨ᠎ᠠ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠮᠵᠢᠯᠴᠠᠵᠤ᠂ ᠦᠨᠳᠦᠰᠦᠲᠡᠨ ᠤ ᠬᠦᠷᠢᠶᠡᠨ ᠳᠠᠬᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠶᠢᠯᠠᠭᠠᠨ ᠡᠵᠡᠮᠰᠢᠬᠦ ᠪᠠ ᠰᠤᠳᠤᠯᠤᠨ ᠮᠠᠭᠠᠳᠯᠠᠵᠤ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠦᠨᠳᠦᠰᠦᠲᠡᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠬᠰᠠᠭᠠᠯ ᠤᠨ ᠭᠠᠵᠠᠷ ᠢ ᠪᠠᠲᠤ ᠰᠠᠬᠢᠵᠤ᠂ ᠦᠨᠳᠦᠰᠦᠲᠡᠨ ᠤ ᠠᠵᠢᠯ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ︽ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ︾ ᠢ ᠪᠠᠳᠤᠳᠬᠠᠬᠤ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠲᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
      ᠬᠤᠷᠠᠯ ᠤᠨ ᠲᠠᠯᠠᠪᠠᠢ          ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠬᠤᠷᠠᠯ ᠳᠤ ᠰᠤᠯᠠ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂  ᠵᠦᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ