10 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ | 2021 ᠣᠨ ᠤ 13 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ | ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠭᠢᠯᠡᠭᠰᠡᠨ ᠪᠥᠭᠡᠳ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ | ᠳ᠋ᠧᠩ ᠶᠤᠸᠠᠢ ᠯᠧᠦ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ᠂ ᠠᠵᠢᠯᠴᠢᠨ ᠤ ᠡᠪᠯᠡᠯ ᠤᠨ ᠠᠵᠢᠯ ᠤᠨ ᠬᠤᠷᠢᠶᠠᠨ ᠤ ᠡᠷᠬᠢᠯᠡᠭᠴᠢ ᠡᠤ ᠶᠢᠩ ᠱᠢ ᠬᠤᠷᠠᠯ ᠳᠤ ᠣᠷᠣᠯᠴᠠᠨ | ᠲᠣᠭᠤᠷᠢᠨ ᠵᠢᠯᠤᠭᠤᠳᠴᠦ ᠰᠣᠨᠣᠰᠪᠠ᠃ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ ᠨᠣᠮ ᠤᠩᠰᠢᠬᠤ ᠠᠩᠭᠢ ᠶᠢ ᠵᠣᠬᠢᠶᠠᠨ ᠪᠠᠶᠢᠭᠤᠯᠵᠤ᠂ | ᠬᠤᠶᠠᠷ ᠡᠳᠦᠷ ᠤᠨ ᠴᠠᠭ ᠢ ᠠᠰᠢᠭᠯᠠᠨ ᠥᠪᠡᠷ ᠤᠨ ᠰᠤᠷᠤᠯᠴᠠᠯᠭ᠎ᠠ ᠥᠷᠨᠢᠭᠦᠯᠪᠡ᠃ ᠰᠤᠷᠤᠯᠴᠠᠵᠥ ᠰᠤᠳᠤᠯᠤᠨ | ᠶᠠᠷᠢᠯᠴᠠᠬᠤ ᠬᠤᠷᠠᠯ ᠨᠢ ᠵᠦᠪᠯᠡᠯ ᠤᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ ᠠᠷᠭ᠎ᠠ ᠬᠡᠯᠪᠡᠷᠢ ᠶᠢ ᠠᠪᠴᠤ᠂ | ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶ᠎ᠠ ᠪᠣᠯᠤᠨ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠳᠠᠬᠢᠨᠲᠠ ᠰᠤᠷᠤᠯᠴᠠᠵᠤ᠂ ᠲᠠᠷᠠᠭ᠎ᠠ ᠨᠢ ᠵᠦᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠡᠰᠡᠭ ᠭᠠᠵᠠᠷ ᠠᠯᠪᠠᠨ ᠭᠡᠷ᠂ ᠵᠦᠪᠯᠡᠯ ᠤᠨ ᠬᠠᠷᠢᠶ᠎ᠠ | ᠨᠢᠭᠡᠴᠢ ᠶᠢᠨ ᠬᠠᠷᠢᠭᠤᠴᠠᠯᠭᠠᠲᠠᠨ ᠲᠤᠰ ᠲᠤᠰ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠲᠤᠬᠠᠢ ᠰᠤᠷᠤᠯᠴᠠᠯᠭ᠎ᠠ ᠰᠡᠳᠬᠢᠨ | ᠪᠤᠳᠤᠯᠬᠢᠯᠳᠡ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠳᠠᠯᠢ ᠪᠤᠰᠤ ᠬᠠᠷᠠᠭᠠᠰᠤ ᠪᠣᠯᠤᠨ | ᠠᠳᠠᠯᠢ ᠪᠤᠰᠤ ᠲᠠᠯ᠎ᠠ ᠠᠴᠠ ᠰᠤᠳᠤᠯᠤᠨ ᠶᠠᠷᠢᠯᠴᠠᠵᠠᠢ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠧᠩ ᠶᠤᠸᠠᠢ ᠯᠧᠦ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ | | ᠳ᠋ᠧᠩ ᠶᠤᠸᠠᠢ ᠯᠧᠦ ᠠᠴᠠ᠂ ᠲᠤᠰ ᠤᠳᠠᠭᠠᠨ ᠤ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠨᠢ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠯᠤᠰ ᠲᠦᠷᠦ | ᠶᠢᠨ ᠵᠣᠭᠰᠣᠴᠠ ᠥᠨᠳᠥᠷ᠂ ᠰᠤᠷᠤᠯᠴᠠᠨ ᠲᠤᠭᠤᠰᠢᠯᠠᠭᠤᠯᠬᠤ ᠪᠠᠷ ᠪᠣᠳᠠᠲᠠᠢ ᠪᠠᠶᠢᠬᠤ ᠶᠢ ᠭᠦᠢᠴᠡᠳ ᠢᠯᠡᠷᠡᠭᠦᠯᠵᠦ᠂ | ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ | ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ | ᠡᠭᠦᠷᠭᠡᠯᠡᠵᠦ᠂ ᠴᠢᠩᠭ᠎ᠠ ᠠᠳᠬᠤᠵᠤ᠂ ᠪᠤᠳᠠᠳᠠᠢ ᠪᠠᠶᠢᠷᠢᠯᠠᠭᠤᠯᠵᠤ᠂ ᠦᠨᠡᠨ ᠬᠦ ᠨᠠᠶᠢᠳᠠᠪᠤᠷᠢᠵᠢᠭᠤᠯᠬᠤ ᠶᠢ ᠪᠤᠳᠠᠳᠠᠢ | ᠪᠡᠶᠡᠯᠡᠬᠦᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠤᠯᠤᠰ ᠤᠨ ᠲᠤᠮᠤ ᠶᠠᠪᠤᠳᠠᠯ︾ ᠪᠣᠯᠬᠤ ᠶᠢ ᠢᠯᠡᠷᠡᠭᠦᠯᠪᠡ᠃ | ᠰᠤᠳᠤᠯᠤᠨ ᠶᠠᠷᠢᠯᠴᠠᠬᠤ ᠶᠠᠷᠢᠶ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ | ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ᠂ ᠰᠡᠳᠬᠢᠨ ᠪᠤᠳᠤᠯᠬᠢᠯᠳᠡ ᠪᠠᠨ ᠶᠠᠷᠢᠵᠤ᠂ ᠠᠵᠢᠯ ᠢᠶᠠᠨ | ᠶᠠᠷᠢᠯᠴᠠᠵᠤ᠂ ᠦᠨᠳᠦᠰᠦᠲᠡᠨ ᠤ ᠵᠥᠪᠯᠡᠯ ᠤᠨ ᠠᠵᠢᠯ ᠤᠨ ᠰᠢᠨ᠎ᠡ ᠠᠭᠤᠷ ᠠᠮᠢᠰᠬᠤᠯ ᠰᠢᠨ᠎ᠡ ᠳᠦᠷᠰᠦ ᠪᠠᠶᠢᠳᠠᠯ ᠢ | ᠬᠠᠷᠠᠭᠤᠯᠪᠠ᠃ ᠳᠠᠷᠠᠭᠠᠴᠢ ᠶᠢᠨ ᠠᠯᠬᠤᠮ ᠳᠤ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ | ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ | ᠬᠡᠵᠤ ᠵᠢᠭᠠᠨ ᠭᠠᠷᠭᠠᠪᠠ᠃ | | ᠸᠠᠩ ᠵᠢᠶᠦ᠋ᠨ ᠬᠤᠷᠠᠯ ᠡᠷᠬᠢᠯᠡᠵᠦ ᠪᠠᠶᠢᠭ᠎ᠠ ᠨᠢ | | ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨ ᠲᠣᠭᠤᠷᠢᠨ | ᠵᠢᠯᠣᠭᠤᠳᠬᠤ ᠳᠤᠭᠤᠶᠢᠯᠠᠩ ᠤᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ | ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ | ᠤᠨ ᠵᠣᠷᠢᠭ ᠰᠠᠨᠠᠭ᠎ᠠ ᠶᠢ ᠲᠠᠬᠢᠨ ᠰᠤᠷᠤᠯᠴᠠᠵᠤ᠂ ᠲᠠᠬᠢᠨ ᠣᠶᠢᠯᠠᠭᠠᠵᠤ᠂ ᠲᠠᠬᠢᠨ ᠳᠡᠭᠡᠭᠰᠢᠯᠡᠭᠦᠯᠦᠨ᠎ᠡ᠃ | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠣᠨᠣᠯ ᠤᠨ | ᠰᠤᠷᠤᠯᠴᠠᠯᠭ᠎ᠠ ᠶᠢ ᠭᠦᠨᠵᠡᠭᠡᠶ ᠤᠳᠠᠭᠠᠨ ᠳᠠᠭᠠᠭᠠᠮᠠᠭᠠᠶ ᠴᠢᠩᠭᠠᠳᠬᠠᠨ᠎ᠠ᠃ ᠤᠯᠤᠰ ᠲᠥᠷᠥ ᠶᠢᠨ ᠲᠠᠯ᠎ᠠ ᠠᠴᠠ ᠦᠵᠡᠬᠦ᠂ | ᠤᠯᠤᠰ ᠲᠥᠷᠥ ᠶᠢᠨ ᠲᠠᠯ᠎ᠠ ᠠᠴᠠ ᠬᠦᠢᠴᠡᠳᠬᠡᠬᠦ ᠶᠢ ᠪᠠᠷᠢᠮᠲᠠᠯᠠᠨ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠬᠤ ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠤᠨ᠂ | ᠪᠦᠬᠦ ᠠᠵᠢᠯᠳᠠᠨ ᠢ ᠬᠠᠮᠤᠷᠴᠤ ᠪᠠᠶᠢᠩᠭᠤᠵᠢᠭᠤᠯᠬᠤ ᠶᠢ ᠪᠠᠷᠢᠮᠲᠠᠯᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠭᠦᠨᠵᠡᠭᠡᠶ | ᠰᠡᠳᠬᠢᠨ ᠪᠤᠳᠤᠯᠬᠢᠯᠡᠵᠤ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠡᠶᠡᠯᠡᠭᠦᠯᠦᠨ᠂ ᠦᠨᠡᠨ ᠬᠦ | ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠬᠠᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭᠠᠨ ᠳᠡᠭᠡᠷ᠎ᠡ ᠨᠢᠬᠡᠳᠬᠡᠨ᠎ᠡ᠃ | ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠣᠯᠠᠨ ᠠᠷᠭ᠎ᠠ ᠵᠠᠮ᠂ ᠣᠯᠠᠨ | ᠬᠠᠷᠠᠭᠠᠰᠤ ᠠᠴᠠ ᠤᠬᠠᠭᠤᠯᠬᠤ ᠶᠢ ᠪᠡᠶᠡᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠣᠶ ᠪᠣᠯᠭᠠᠨ᠂ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃ | ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭᠠᠨ ᠤ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠦᠨᠳᠦᠰᠦᠲᠡᠨ ᠤ ᠵᠥᠪᠯᠡᠯ ᠤᠨ ᠠᠵᠢᠯ ᠳᠤ | ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠡᠯ᠎ᠡ ᠵᠦᠶᠯ ᠤᠨ ᠠᠵᠢᠯ ᠢᠶᠠᠨ | ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠤᠨ᠎ᠠ᠃ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠬᠦ ᠶᠢ | ᠪᠠᠷᠢᠮᠲᠠᠯᠠᠵᠤ᠂ ︽ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠶᠡᠭᠡ ᠪᠠᠷ ᠰᠤᠷᠪᠤᠯᠵᠢᠯᠠᠯ ᠬᠢᠵᠤ᠂ ᠲᠥᠷᠥ ᠶᠢᠨ | ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ | ᠵᠠᠭᠤᠨ ᠡᠳᠦᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ ᠠᠯᠪᠠᠨ ᠪᠠᠶᠢᠭᠤᠯᠭ᠎ᠠ ᠠᠴᠠ ᠪᠠᠨ | ᠭᠠᠷᠴᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠡᠨ ᠦᠭᠡ | ᠶᠢ ᠰᠣᠨᠣᠰᠴᠤ᠂ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠲᠥᠪ ᠬᠤᠷᠢᠶ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠦᠨᠡᠨ ᠬᠦ ᠲᠦᠭ ᠲᠦᠮᠡᠨ ᠠᠶᠢᠯ ᠡᠷᠦᠬᠡ ᠳᠤ | ᠤᠬᠠᠭᠤᠯᠤᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠦᠨᠡᠨ ᠬᠦ ᠠᠬᠢᠭᠤᠯᠤᠨ᠎ᠠ ᠬᠡᠵᠤ ᠢᠯᠡᠷᠬᠡᠶᠢᠯᠡᠪᠡ᠃ | | ᠬᠤᠷᠠᠯ ᠤᠨ ᠠᠬᠤᠢ ᠲᠠᠯᠠᠪᠠᠢ |