ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/9
     10 ᠳ᠋ᠤᠭᠠᠷ ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠤᠨ ᠳᠤᠤᠷᠠᠬᠢ ᠪᠥᠬᠦ ᠬᠤᠲᠠ ᠶᠢᠨ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠬᠤᠲᠠ ᠶᠢᠨ ᠡᠯ᠎ᠡ ᠱᠠᠲᠤᠨ ᠤ ᠺᠠᠳ᠋ᠷ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠷᠠᠯ ᠢ ᠡᠷᠭᠢᠯᠡᠪᠡ᠃
           ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠠᠩᠬᠠᠳᠤᠭᠠᠷ ᠪᠥᠬᠦᠳᠡ ᠬᠤᠷᠠᠯ ᠢ ᠡᠷᠬᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠤ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠬᠤᠶᠠᠳᠤᠭᠠᠷ ᠪᠥᠬᠦᠳᠡ ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠣᠤ ᠮᠠᠨ ᠪᠢᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠹᠠᠩ ᠽᠧ ᠬᠤᠷᠠᠯ ᠢ ᠡᠷᠭᠢᠯᠡᠪᠡ᠃      ᠰᠦᠢ ᠸᠧᠢ ᠵᠢᠶᠦ᠋ᠨ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ ᠶᠢ ᠣᠨᠣᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠡᠯ᠎ᠡ  ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠬᠢᠭᠤᠯᠬᠤ ᠬᠡᠷᠡᠭᠲᠡᠶ᠃      ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠬᠠᠷᠢᠴᠠᠭ᠎ᠠ︾ ᠶᠢ ᠣᠨᠣᠪᠴᠢᠲᠠᠢ ᠣᠶᠢᠯᠭᠠᠨ ᠪᠦᠬᠦ ᠲᠠᠯ᠎ᠠ ᠪᠠᠷ ᠡᠵᠡᠮᠳᠡᠵᠦ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠤ ᠤᠬᠠᠮᠰᠠᠷ ᠢ ᠪᠠᠲᠤᠳᠬᠠᠬᠤ ᠤᠨᠤᠯ ᠤᠨ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠬᠠᠮᠲᠤᠳᠬᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠥᠨ ᠳᠠᠭᠠᠭᠤᠯᠵᠤ ᠪᠠᠶᠢᠭᠠᠳ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠵᠡᠷᠭᠡ ᠤᠶᠤᠨ ᠰᠠᠨᠠᠭᠠᠨ ᠤ ᠰᠢᠰᠲ᠋ᠧᠮ ᠠᠴᠠ ᠡᠯᠪᠡᠭ ᠪᠠᠶᠠᠯᠢᠭ ᠰᠢᠮ᠎ᠡ ᠲᠡᠵᠢᠭᠡᠯ ᠬᠦᠷᠲᠡᠵᠦ᠂ ᠤᠬᠠᠮᠰᠠᠷ ᠠᠴᠠ ᠪᠠᠨ ᠬᠠᠮᠲᠤ ᠶᠢᠨ ᠬᠦᠰᠡᠯ ᠵᠣᠷᠢᠯᠲᠠ ᠢᠲᠡᠭᠡᠯ ᠪᠢᠰᠢᠷᠡᠯ ᠢᠶᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠣᠷᠣᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠪᠠᠶᠠᠰᠤᠯᠴᠠᠬᠤ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠬᠦᠰᠡᠯ ᠵᠤᠷᠢᠯᠲᠠ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠭᠤᠯᠤᠭᠳᠠᠬᠤᠨ ᠢᠶᠠᠨ ᠬᠦᠴᠦᠯᠡᠨ ᠭᠦᠨᠵᠡᠭᠡᠶᠢᠷᠡᠭᠦᠯᠵᠦ᠂ ᠬᠡᠯᠪᠡᠷᠢ ᠪᠠᠨ ᠪᠠᠶᠠᠯᠢᠭᠵᠢᠭᠤᠯᠤᠨ᠂ ᠠᠷᠭ᠎ᠠ ᠪᠠᠨ ᠰᠢᠨᠡᠴᠢᠯᠡᠵᠦ᠂ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠡᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢᠵᠢᠯ ᠤᠨ ᠵᠠᠮ ᠢᠶᠠᠷ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠦᠨᠳᠦᠰᠦᠲᠡᠨ ᠤ ᠬᠦᠷᠢᠶ᠎ᠡ ᠬᠡᠪᠴᠢᠶᠡᠨ ᠳᠤ ᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠡᠯ᠎ᠡ ᠲᠦᠷᠦᠯ ᠤᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠪᠥᠬᠦ ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠵᠣᠷᠢᠭᠲᠠᠶ ᠪᠠᠷ ᠵᠠᠷᠴᠢᠮ ᠢ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠪᠠᠲᠤᠯᠠᠬᠤ ᠳᠤ ᠤᠯᠠᠭᠠᠨᠴᠠᠪ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠶ᠃      ᠴᠢ ᠹᠸᠢ ᠶᠦᠨ ᠬᠤᠷᠠᠯ ᠢ ᠡᠷᠭᠢᠯᠡᠬᠦ ᠳᠤ ᠪᠠᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ ᠶᠢᠨ ᠡᠭᠦᠷᠭᠡᠲᠦ ᠰᠡᠳᠬᠢᠯᠭᠡ ᠪᠣᠯᠤᠨ ᠪᠣᠳᠠᠲᠤ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠲᠤᠬᠠᠶ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠲᠡᠨ ᠤ ᠠᠵᠢᠯ ᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ︽ᠬᠥᠲᠥᠯᠪᠦᠷᠢ︾ ᠪᠣᠯᠭᠠᠵᠤ᠂ ᠦᠨᠳᠦᠰᠦᠲᠡᠨ ᠤ ᠠᠵᠢᠯ ᠳᠠᠬᠢ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠬᠦᠢ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠤᠬᠠᠮᠰᠠᠷ ᠢ ᠢᠮᠠᠭᠲᠠ ᠪᠠᠲᠤᠵᠢᠭᠤᠯᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠲᠤᠭᠤᠰᠢᠯᠠᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳ ᠨᠢᠭᠡ ᠪᠠᠷ ᠨᠠᠢᠲᠠᠪᠤᠷᠢᠵᠢᠭᠤᠯᠤᠨ ᠠᠬᠢᠭᠤᠯᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠠᠭᠠᠨᠴᠠᠪ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃      ᠤᠣ ᠮᠠᠨ ᠪᠢᠨ ᠳ᠋ᠦᠩᠨᠡᠯᠲᠡ ᠶᠢᠨ ᠶᠠᠷᠢᠶᠠᠨ ᠳᠤ ᠪᠠᠨ ᠵᠢᠭᠠᠵᠤ ᠭᠠᠷᠭᠠᠭᠰᠠᠨ ᠨᠢ᠂ ᠪᠦᠬᠦ ᠬᠤᠲᠠ ᠳᠠᠶᠠᠭᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠵᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠯᠢ ᠬᠢᠵᠠᠭᠠᠷ ᠤᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠬᠦᠨᠳᠦ ᠴᠢᠬᠤᠯᠠ ᠲᠡᠦᠬᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠭᠤᠣᠯᠳᠠᠯᠭ᠎ᠠ ᠲᠠᠢ ᠬᠦᠴᠢᠷ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠬᠦᠴᠦᠨ ᠢᠶᠠᠷ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠶᠢᠨ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃
           ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠷᠤᠯᠴᠠᠨ ᠵᠦᠪᠯᠡᠯᠳᠦᠪᠡ᠃      ᠬᠤᠷᠠᠯ ᠢ ᠸᠢᠳᠢᠦ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃
ᠢᠷᠡᠯᠲᠡ᠄ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ