ᠣᠶᠢᠷ᠎ᠠ ᠳᠤ᠂ ︽ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠬᠠᠶᠢᠷ᠎ᠠ ᠶᠢ ᠸᠢᠳᠢᠦ᠋ ᠳᠣᠯᠭᠢᠶᠠᠨ ᠢᠶᠠᠷ | ᠳᠠᠮᠵᠢᠭᠤᠯᠤᠭᠰᠠᠨ︾ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠬᠤ | ᠬᠤᠷᠠᠯ ᠵᠣᠣ ᠵᠢᠶᠦ᠋ᠨ ᠤ ᠨᠤᠲᠤᠭ ᠬᠤᠪᠸᠢ ᠮᠤᠵᠢ ᠶᠢᠨ ᠢᠴᠠᠩ ᠬᠤᠲᠠ ᠶᠢᠨ ᠰᠢᠩ ᠱᠠᠨ ᠰᠢᠶᠠᠨ ᠤ ᠲᠤᠷᠰᠢᠯᠲᠠ | ᠶᠢᠨ ᠪᠠᠭ᠎ᠠ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠮᠡᠳᠡᠭᠦᠯᠦᠯᠲᠡ ᠶᠢᠨ ᠬᠤᠷᠠᠯ ᠨᠢ | ᠥᠷᠭᠡᠨ ᠣᠯᠠᠨ ᠪᠠᠭᠰᠢ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠳᠤᠳᠬᠠᠵᠤ᠂ ︽ᠦᠨᠳᠦᠰᠦᠲᠡᠨ ᠨᠦᠭᠦᠳ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠬᠦ︾ ᠶᠢ ᠠᠬᠢᠭᠤᠯᠪᠠ᠃ ᠬᠥᠬᠡᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ᠂ ᠬᠤᠳᠠ ᠶᠢᠨ ᠦᠨᠳᠦᠰᠦᠳᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ᠂ ᠡᠷᠬᠢᠯᠡᠭᠴᠢ ᠾᠧᠦ ᡁᠢ ᠬᠤᠢ ᠠᠵᠢᠯᠯᠠᠭ᠎ᠠ ᠳᠤ ᠣᠷᠣᠯᠴᠠᠵᠤ᠂ ᠬᠥᠬᠡᠬᠤᠲᠠ ᠶᠢᠨ ᠢᠤᠢ ᠴᠢᠤᠸᠠᠨ | ᠲᠣᠭᠤᠷᠢᠭ᠂ ᠢᠴᠠᠩ ᠬᠤᠳᠠ ᠶᠢᠨ ᠰᠢᠩ ᠱᠠᠨ ᠰᠢᠶᠠᠨ ᠬᠤᠶᠠᠷ ᠭᠠᠵᠠᠷ ᠤᠨ 12000 ᠭᠠᠷᠤᠢ ᠪᠠᠭᠰᠢ ᠰᠤᠷᠤᠬᠴᠢ | ᠡᠭᠦᠯᠡᠨ ᠰᠢᠭᠤᠳ ᠨᠡᠪᠲᠡᠷᠡᠭᠦᠯᠭᠡ ᠪᠠᠷ ᠲᠠᠮᠵᠢᠨ ᠤᠬᠠᠭᠤᠯᠤᠨ ᠲᠠᠶᠢᠯᠪᠤᠷᠢᠯᠠᠬᠤ ᠶᠢ ᠬᠠᠮᠲᠤ ᠪᠠᠷ ᠰᠣᠨᠢᠷᠬᠠᠪᠠ᠃ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ — | ᠬᠥᠬᠡᠬᠤᠲᠠ ᠶᠢᠨ ᠵᠣᠣ ᠵᠢᠶᠦ᠋ᠨ ᠮᠦᠽᠧᠶ ᠶᠢᠨ ᠵᠣᠣ ᠵᠢᠶᠦ᠋ᠨ ᠤ ᠰᠣᠶᠣᠯ ᠤᠨ ᠰᠤᠳᠤᠯᠭᠠᠨ ᠤ ᠲᠠᠰᠤᠭ ᠤᠨ | ᠡᠷᠬᠢᠯᠡᠭᠴᠢ ᠾᠧ ᠯᠢ ᠵᠢᠤᠸᠠᠨ᠄ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠤ᠂ ᠵᠣᠣ ᠵᠢᠶᠦ᠋ᠨ ᠤ ᠪᠣᠭᠤᠮᠲᠠ | ᠶᠢᠨ ᠭᠠᠳᠠᠨ᠎ᠠ ᠭᠠᠷᠤᠭᠰᠠᠨ ᠥᠯᠢᠭᠡᠷ ᠵᠢᠴᠢ ᠵᠣᠣ ᠵᠢᠶᠦ᠋ᠨ ᠤ ᠰᠣᠶᠣᠯ ᠢ ᠥᠪᠥᠷ ᠮᠣᠩᠭᠤᠯ ᠳᠤ ᠤᠯᠠᠮᠵᠢᠯᠠᠨ | ᠪᠠᠳᠠᠷᠠᠭᠤᠯᠤᠭᠰᠠᠨ ᠵᠡᠷᠭᠡ ᠭᠤᠶᠢᠳᠠ ᠰᠠᠶᠢᠬᠠᠨ ᠠᠭᠤᠯᠭ᠎ᠠ ᠨᠤᠭᠤᠳ ᠢ ᠶᠠᠷᠢᠪᠠ︔ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ︽5·1︾ ᠤ ᠬᠥᠳᠡᠯᠮᠦᠷᠢ ᠶᠢᠨ | ᠱᠠᠩᠨᠠᠯ ᠤᠨ ᠮᠧᠳᠠᠯ ᠬᠦᠷᠲᠡᠭᠴᠢ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠡᠷᠢᠭᠦᠨ ᠤ ᠬᠤᠪᠢ ᠬᠥᠮᠦᠨ — ︽ᠶᠢᠩ ᠽᠢ ᠡᠭᠡᠴᠢ︾ ᠯᠢᠦ ᠹᠠ ᠶᠢᠩ᠄ ︽ᠦᠨᠳᠦᠰᠦᠲᠡᠨ ᠤ ᠪᠦᠯᠬᠦᠮᠳᠡᠯ ᠤᠨ | ᠦᠷ᠎ᠡ ᠶᠢ ᠬᠡᠦᠬᠡᠳ ᠤᠨ ᠰᠡᠳᠬᠢᠯ ᠳᠤ ᠰᠠᠴᠤᠶ᠎ᠠ︾ ᠭᠡᠬᠦ ᠰᠡᠳᠦᠪ ᠢᠶᠠᠷ ᠦᠪᠡᠷ ᠤᠨ ᠤᠷᠳᠤ ᠬᠤᠭᠤᠴᠠᠭ᠎ᠠ ᠪᠠᠷ | ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠰ ᠲᠤ ᠵᠢᠳᠬᠦᠵᠦ᠂ ᠶᠠᠳᠠᠭᠤ ᠬᠦᠴᠢᠷᠳᠡᠯᠲᠡᠢ | ᠰᠤᠷᠤᠭᠴᠢᠳ ᠢ ᠲᠤᠰᠠᠯᠠᠨ ᠲᠡᠮᠵᠢᠭᠰᠡᠨ ᠬᠠᠶᠢᠷ᠎ᠠ ᠬᠠᠯᠠᠮᠵᠢ ᠶᠢᠨ ᠦᠯᠢᠭᠡᠷ ᠢᠶᠠᠨ ᠶᠠᠷᠢᠪᠠ᠃ | ᠮᠡᠳᠡᠭᠦᠯᠦᠯᠲᠡ ᠶᠢᠨ ᠬᠤᠷᠠᠯ ᠠᠴᠠ᠂ ᠵᠤᠤ ᠵᠢᠶᠦ᠋ᠨ ᠪᠣᠯ ᠦᠨᠳᠦᠰᠦᠲᠡᠨ ᠤ ᠪᠦᠯᠬᠦᠮᠳᠡᠯ ᠤᠨ ᠡᠯᠴᠢ ᠮᠥᠨ᠂ | ᠬᠤᠶᠠᠷ ᠭᠠᠵᠠᠷ ᠤᠨ ᠬᠢᠨ ᠵᠤᠤ ᠵᠢᠶᠦ᠋ᠨ ᠢᠶᠠᠷ ᠡᠯᠢᠬᠡᠨ ᠬᠠᠶᠢᠷ᠎ᠠ ᠪᠠᠨ ᠬᠤᠯᠪᠤᠵᠤ᠂ ᠵᠤᠤ ᠵᠢᠶᠦ᠋ᠨ ᠤ ᠬᠠᠶᠢᠷ᠎ᠠ | ᠰᠡᠳᠬᠢᠯᠭᠡ ᠶᠢ ᠰᠠᠶᠢᠲᠤᠷ ᠤᠯᠠᠮᠵᠢᠯᠠᠵᠤ᠂ ︽ᠲᠦᠷᠦᠯ ᠰᠠᠳᠤᠨ︾ ᠨᠤᠭᠤᠳ ᠢ ᠶᠠᠪᠤᠯᠴᠠᠬᠤ ᠲᠤᠳᠤᠮ ᠲᠤᠳᠤᠨᠤ | ᠪᠤᠯᠭᠠᠵᠤ᠂ ᠵᠤᠤ ᠵᠢᠶᠦ᠋ᠨ ᠤ ︽ᠲᠥᠷᠬᠦᠮ ᠤᠨ ᠬᠢᠨ︾᠂ ︽ᠬᠠᠳᠠᠮ ᠤᠨ ᠬᠢᠨ︾ ᠢ ᠦᠶ᠎ᠡ ᠶᠢᠨ ᠦᠶ᠎ᠡ ᠪᠠᠷ ᠬᠠᠨᠢᠯᠠᠭᠤᠯᠤᠨ | ᠠᠨᠳᠠᠯᠠᠭᠤᠯᠵᠤ᠂ ᠣᠷᠣᠨ ᠪᠦᠰᠡ᠂ ᠰᠠᠯᠠᠭ᠎ᠠ ᠮᠥᠴᠢᠷ᠂ ᠠᠵᠢᠯ ᠲᠦᠷᠦᠯ ᠠᠯᠤᠰᠯᠠᠭᠤᠯᠤᠨ ᠬᠠᠮᠲᠤ ᠪᠠᠷ ᠪᠠᠶᠢᠭᠤᠯᠵᠤ | ᠬᠤᠯᠪᠤᠭᠠᠯᠠᠨ ᠡᠭᠦᠳᠬᠦ ᠪᠠ ᠬᠠᠮᠵᠢᠯᠴᠠᠨ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠳᠡᠢ ᠬᠡᠵᠤ ᠵᠢᠭᠠᠪᠠ᠃ | ᠬᠤᠶᠠᠷ ᠭᠠᠵᠠᠷ ᠤᠨ ᠰᠤᠷᠤᠭᠴᠢᠳ ᠠᠴᠠ ᠦᠨᠳᠦᠰᠦᠲᠡᠨ ᠤ ᠪᠦᠯᠬᠦᠮᠳᠡᠯ ᠤᠨ ᠶᠡᠭᠡ ᠲᠤᠭ ᠢ ᠥᠨᠳᠥᠷ | ᠮᠠᠨᠳᠤᠭᠤᠯᠵᠤ᠂ ︽ᠠᠬ᠎ᠠ ᠳᠡᠭᠦᠦ ᠮᠡᠲᠦ ᠳᠣᠲᠣᠨᠣ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠢᠬᠡ ᠬᠡᠷ | ᠪᠦᠯᠢ ᠶᠢᠨ ᠬᠢᠨ ᠮᠡᠳᠦ ᠳᠣᠲᠣᠨᠣ ᠪᠠᠶᠢᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠤᠬᠠᠭᠤᠯᠤᠭᠴᠢ᠂ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ | ᠴᠢᠷᠮᠠᠶᠢᠨ᠎ᠠ ᠭᠡᠵᠦ ᠢᠯᠡᠳᠬᠡᠵᠡᠭᠡᠪᠡ᠃ |