ᠬᠥᠬᠡᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠬᠠᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/10
     11 ᠳ᠋ᠤᠭᠡᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠬᠠᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠬᠠᠢ ᠡᠯ᠎ᠡ ᠵᠦᠢᠯ ᠤᠨ ᠠᠵᠢᠯ ᠢ ᠪᠠᠶᠢᠷᠢᠯᠠᠭᠤᠯᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠰᠢᠨ᠎ᠡ ᠲᠡᠦᠬᠡ ᠶᠢᠨ ᠭᠠᠷᠤᠭᠠᠨ ᠳᠡᠭᠡᠷ᠎ᠡ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃      ᠪᠦᠦ ᠭᠠᠩ᠄ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠬᠤᠲᠠ ᠳᠠᠶᠠᠭᠠᠷ ᠢᠶᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠭᠦᠨᠵᠡᠭᠡᠶ ᠰᠤᠷᠤᠯᠴᠠᠵᠤ᠂ ᠨᠠᠷᠢᠨ ᠬᠢᠨᠠᠮᠠᠭᠠᠶ ᠣᠶᠢᠯᠠᠭᠠᠵᠤ᠂ ᠣᠨᠣᠪᠴᠢᠲᠠᠶ ᠡᠵᠡᠮᠳᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠣᠷᠣᠨ ᠤ ᠲᠥᠪ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠡᠮᠦᠨ᠎ᠡ ᠨᠢ ᠬᠤᠰᠢᠭᠤᠷᠠᠵᠤ ᠥᠯᠢᠭᠡᠷ ᠳᠠᠭᠤᠷᠢᠶᠠᠯ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠪᠦᠦ ᠭᠠᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨᠵᠡᠭᠡᠢ ᠠᠭᠤᠯᠤᠭᠳᠠᠬᠤᠨ ᠢ ᠣᠨᠣᠪᠴᠢᠲᠠᠢ ᠤᠢᠢᠯᠠᠭᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠣᠬᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ ᠤ ᠬᠦᠷᠢᠶᠡᠨ ᠳᠤ ᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠣᠷᠣᠨ ᠤ ᠲᠥᠪ ᠤᠨ ᠡᠭᠦᠷᠭᠡᠯᠡᠯ ᠢ ᠦᠨᠡᠨ ᠬᠦ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠪᠦᠦ ᠭᠠᠩ᠄ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠴᠢᠩᠭ᠎ᠠ ᠬᠢᠨᠠᠨ ᠰᠢᠯᠭᠠᠵᠤ ᠱᠠᠩᠨᠠᠨ ᠲᠣᠷᠭᠠᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠳᠦᠰᠦᠲᠡᠨ ᠤ ᠠᠵᠢᠯ ᠳᠤ ᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠬᠦᠴᠦᠨ ᠢᠶᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠠᠩᠬᠠᠳᠤᠭᠠᠷ ᠪᠦᠬᠦᠳᠠ ᠬᠤᠷᠠᠯ ᠢ ᠡᠷᠬᠢᠯᠡᠪᠡ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
ᠢᠷᠡᠯᠲᠡ᠄ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ