ᠲᠦᠩᠯᠢᠶᠣᠤ ᠬᠤᠲᠠ ᠳᠣᠯᠣᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠵᠢᠱᠢᠶ᠎ᠡ ᠦᠵᠡᠭᠦᠯᠬᠦ ᠨᠢᠬᠡᠴᠢ ᠳᠤ ᠠᠩᠬᠠᠨ ᠤ ᠬᠢᠨᠠᠨ ᠰᠢᠯᠭᠠᠯᠳᠠ ᠬᠢᠪᠡ
ᠨᠡᠶᠢᠲᠡᠯᠡᠭᠰᠡᠨ ᠴᠠᠭ᠄
2021/11/10
     10 ᠳ᠋ᠤᠭᠠᠷ ᠰᠠᠷ᠎ᠠ ᠶᠢᠨ 18 ᠤ ᠡᠳᠦᠷ ᠠᠴᠠ 26 ᠤ ᠡᠳᠦᠷ ᠪᠣᠯᠲᠠᠯ᠎ᠠ᠂ ᠲᠦᠩᠯᠢᠶᠣᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠳᠣᠯᠣᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠵᠢᠱᠢᠶ᠎ᠡ ᠦᠵᠡᠭᠦᠯᠬᠦ ᠨᠢᠬᠡᠴᠢ  ᠪᠠᠷ ᠲᠠᠨᠢᠯᠴᠠᠭᠤᠯᠤᠭᠳᠠᠬᠤ ᠪᠠᠷ ᠪᠠᠶᠢᠭ᠎ᠠ ᠲᠤᠭᠤᠷᠢᠭ ᠨᠢᠬᠡᠴᠢ ᠳᠤ ᠬᠢᠨᠠᠨ ᠰᠢᠯᠭᠠᠯᠳᠠ ᠬᠢᠪᠡ᠃      ᠬᠢᠨᠠᠨ ᠰᠢᠯᠭᠠᠬᠤ ᠳᠤᠭᠤᠶᠢᠯᠠᠩ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠵᠢᠱᠢᠶ᠎ᠡ ᠦᠵᠡᠭᠦᠯᠬᠦ ᠨᠢᠬᠡᠴᠢ  ᠶᠢ  ᠬᠢᠨᠠᠨ ᠦᠨᠡᠯᠡᠬᠦ ᠵᠢᠭᠠᠯᠳᠠ︾ ᠶᠢᠨ ᠱᠠᠭᠠᠷᠳᠠᠯᠭ᠎ᠠ ᠶᠣᠰᠣᠭᠠᠷ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠳᠠᠩᠰᠠ ᠡᠪᠬᠡᠮᠡᠯ ᠢ ᠨᠢ ᠪᠠᠶᠢᠴᠠᠭᠠᠨ ᠦᠵᠡᠬᠦ᠂ ᠠᠷᠠᠳᠴᠢᠯᠠᠯ ᠢᠶᠠᠷ ᠬᠢᠨᠠᠨ ᠦᠨᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠺᠠᠶᠢᠯᠦ ᠰᠢᠶᠠᠨ᠂ ᠬᠦᠷᠢᠶ᠎ᠡ ᠬᠤᠰᠢᠭᠤ᠂ ᠬᠤᠣᠯᠢᠨ ᠭᠤᠣᠯ ᠬᠤᠲᠠ᠂ ᠨᠠᠶᠮᠠᠨ ᠬᠤᠰᠢᠭᠤ᠂ ᠬᠤᠷᠴᠢᠨ ᠲᠣᠭᠤᠷᠢᠭ ᠵᠡᠷᠭᠡ ᠵᠢᠱᠢᠶ᠎ᠡ ᠦᠵᠡᠭᠦᠯᠬᠦ ᠲᠤᠭᠤᠷᠢᠭ ᠵᠢᠱᠢᠶ᠎ᠡ ᠦᠵᠡᠭᠦᠯᠬᠦ ᠨᠢᠬᠡᠴᠢ ᠨᠦᠭᠦᠳ ᠢ ᠬᠢᠨᠠᠨ ᠰᠢᠯᠭᠠᠪᠠ᠃      ᠬᠢᠨᠠᠨ ᠰᠢᠯᠭᠠᠬᠤ ᠳᠤᠭᠤᠶᠢᠯᠠᠩ ᠠᠴᠠ᠂ ᠲᠠᠨᠢᠯᠴᠠᠭᠤᠯᠬᠤ ᠪᠠᠷ ᠪᠠᠶᠢᠭ᠎ᠠ ᠨᠢᠭᠡᠴᠢ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠥᠲᠥᠯᠥᠨ ᠳᠠᠭᠠᠭᠤᠯᠬᠤ ᠶᠢ ᠳᠣᠪᠣᠶᠢᠯᠭᠠᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠡᠯ᠎ᠡ ᠵᠦᠶᠯ ᠤᠨ ᠠᠵᠢᠯ ᠤᠨ ᠡᠭᠦᠷᠭᠡ ᠳᠤ ᠠᠭᠤᠰᠤᠯᠴᠠᠭᠤᠯᠬᠤ ᠬᠡᠷᠡᠭᠲᠡᠶ᠃ ᠵᠢᠱᠢᠶ᠎ᠡ ᠦᠵᠡᠬᠦᠯᠬᠦ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠶᠯᠡᠳᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠨᠠᠩ ᠥᠨᠳᠥᠷ ᠪᠠᠷᠢᠮᠵᠢᠶ᠎ᠠ᠂ ᠨᠠᠩ ᠥᠨᠳᠥᠷ ᠱᠠᠭᠠᠷᠳᠠᠯᠭ᠎ᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠬᠤ ᠬᠡᠷᠡᠭᠲᠡᠶ ᠬᠡᠵᠤ ᠱᠠᠭᠠᠷᠳᠠᠪᠠ᠃
ᠢᠷᠡᠯᠲᠡ᠄ ᠲᠦᠩᠯᠢᠶᠣᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ