ᠦᠬᠠᠶ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/10
     2021 ᠣᠨ ᠠᠴᠠ ᠨᠠᠭᠠᠰᠢ᠂ ᠦᠬᠠᠶ ᠬᠤᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶ ᠠᠬᠢᠭᠤᠯᠵᠤ᠂ ᠲᠥᠪᠯᠡᠷᠡᠭᠦᠯᠦᠨ ᠤᠬᠠᠭᠤᠯᠬᠤ ᠪᠠ ᠪᠠᠶᠢᠩᠭᠤᠵᠢᠭᠤᠯᠤᠨ ᠤᠬᠠᠭᠤᠯᠬᠤ ᠶᠢ ᠤᠶᠠᠯᠳᠤᠭᠤᠯᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠪᠡ᠃      ᠨᠢᠭᠡ ᠳᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ ᠪᠦᠬᠦ ᠬᠤᠲᠠ ᠶᠢᠨ 20 ᠪᠠᠯᠭᠠᠰᠤ ︵ᠵᠡᠭᠡᠯᠢ ᠭᠤᠳᠤᠮᠵᠢ︶ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠪᠤᠯᠤᠩ ᠭᠠᠷᠭᠠᠵᠤ᠂ ᠪᠦᠬᠦ ᠬᠤᠲᠠ ᠶᠢᠨ 1000 ᠭᠠᠷᠤᠢ ᠡᠯᠧᠺᠲᠷᠤᠨ ᠳᠡᠯᠭᠡᠴᠡ ᠳᠤ ᠦᠨᠳᠦᠰᠦᠲᠡᠨ ᠤ ᠪᠦᠯᠬᠦᠮᠳᠡᠯ ᠤᠨ ᠨᠡᠶᠢᠳᠡ ᠶᠢᠨ ᠠᠰᠠᠷᠠᠮᠵᠢ ᠶᠢᠨ ᠵᠠᠷ ᠢ ᠨᠡᠪᠲᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ 2 ᠦᠵᠡᠮᠵᠢ ᠶᠢᠨ ᠭᠠᠵᠠᠷ᠂ ᠨᠡᠶᠢᠳᠡ ᠶᠢᠨ ᠠᠰᠠᠷᠠᠮᠵᠢ ᠶᠢᠨ ᠵᠠᠷ ᠤᠨ 5 ᠭᠠᠵᠠᠷ ᠢ ᠰᠢᠨ᠎ᠡ ᠪᠠᠷ ᠪᠠᠶᠢᠭᠤᠯᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ 6 ᠰᠠᠭᠤᠷᠢᠨ ᠭᠠᠵᠠᠷ  ᠢ ᠪᠠᠶᠢᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠬᠠᠶ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠯᠭᠡᠨ ᠦᠵᠡᠭᠦᠯᠦᠯᠭᠡ︾ ᠶᠢ ᠡᠷᠬᠢᠯᠡᠵᠦ᠂ ᠨᠡᠶᠢᠭᠡᠮ ᠳᠠᠶᠠᠭᠠᠷ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃      ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠰᠦᠯᠵᠢᠶᠡᠨ ᠤ ᠵᠢᠭᠰᠠᠭᠠᠯ ᠤᠨ ᠭᠠᠵᠠᠷ ᠢ  ᠪᠠᠶᠢᠭᠤᠯᠪᠠ᠃ ᠪᠥᠬᠦ ᠬᠤᠲᠠ ᠶᠢᠨ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ·ᠦᠬᠠᠶ︾ ᠲᠤᠰᠬᠠᠶ ᠪᠤᠯᠤᠩ ᠭᠠᠷᠭᠠᠵᠤ᠂ ᠡᠯ᠎ᠡ ᠲᠥᠷᠥᠯ ᠤᠨ ᠵᠣᠬᠢᠶᠠᠯ ᠢ 800 ᠰᠢᠬᠠᠮ ᠨᠡᠶᠢᠲᠡᠯᠡᠨ᠂ 130 ᠲᠦᠮᠡ ᠭᠠᠷᠤᠶ ᠬᠥᠮᠦᠨ ᠤᠳᠠᠭ᠎ᠠ ᠵᠤᠬᠢᠶᠠᠯ ᠢ ᠤᠡᠭᠰᠢᠵᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ 2 ᠣᠬᠤᠷ ᠹᠢᠯᠢᠮ ᠢ ᠰᠦᠯᠵᠢᠶᠡᠨ ᠳᠡᠭᠡᠷ᠎ᠡ ᠨᠡᠶᠢᠲᠡᠯᠡᠵᠦ᠂ 23 ᠲᠦᠮᠡ ᠭᠠᠷᠤᠢ ᠬᠥᠮᠦᠨ ᠤᠳᠠᠭ᠎ᠠ ᠰᠣᠨᠢᠷᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠦᠯᠵᠢᠶᠡᠨ ᠤ ᠱᠠᠩᠨᠠᠯᠳᠤ ᠰᠡᠳᠦᠪ ᠬᠠᠷᠢᠭᠤᠯᠬᠤ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 8 ᠲᠦᠮᠡ ᠭᠠᠷᠤᠢ ᠬᠥᠮᠦᠨ ᠤᠳᠠᠭ᠎ᠠ ᠣᠷᠣᠯᠴᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠰᠦᠯᠵᠢᠶᠡᠨ ᠤ ᠬᠢᠴᠢᠶᠡᠯ ᠢ 6 ᠬᠤᠭᠤᠴᠠᠭ᠎ᠠ ᠨᠡᠶᠢᠲᠡᠯᠡᠵᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠶᠢᠯᠤᠮᠵᠢ ᠶᠢ 1 ᠲᠠᠯᠠᠪᠤᠷ ᠡᠷᠬᠢᠯᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠯᠭᠡᠨ ᠦᠵᠡᠭᠦᠯᠦᠯᠭᠡ ᠶᠢ ᠦᠢᠯᠡᠳᠦᠨ ᠨᠡᠶᠢᠲᠡᠯᠡᠵᠦ᠂ 5 ᠲᠦᠮᠡ ᠭᠠᠷᠤᠶ ᠬᠥᠮᠦᠨ ᠤᠳᠠᠭ᠎ᠠ ᠲᠣᠭᠤᠷᠢᠨ ᠦᠵᠡᠵᠦ ᠰᠤᠷᠤᠯᠴᠠᠵᠠᠢ᠃      ᠭᠤᠷᠪᠠ ᠳᠤ᠂ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠠᠵᠢᠯᠯᠠᠭ᠎ᠠ ᠶᠢ ᠡᠷᠬᠢᠯᠡᠪᠡ᠃ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠵᠢᠯ ᠤᠨ ᠰᠡᠭᠦᠯᠴᠢ ᠵᠢᠯ ᠤᠨ ᠡᠬᠢ ᠪᠠᠷ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠵᠤ᠂ ᠦᠬᠠᠶ ᠶᠢᠨ ᠬᠡᠲᠦ ᠥᠨᠳᠥᠷ ᠳᠠᠷᠤᠯᠲᠠᠲᠤ ᠲᠣᠪᠴᠢᠶ᠎ᠠ ᠨᠢ ︽ᠤᠯᠤᠰ ᠤᠨ ᠬᠡᠦᠬᠡᠳ ᠲᠠᠢ ᠨᠢᠭᠤᠷᠳᠠᠵᠤ᠂ ᠲᠠᠯ᠎ᠠ ᠨᠤᠲᠤᠭ ᠢ ᠣᠶᠢᠯᠠᠭᠠᠬᠤ︾ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠬᠤᠪᠢᠶᠠᠯᠴᠠᠬᠤ ᠬᠤᠷᠠᠯ ᠬᠤᠷᠠᠯᠳᠤᠭᠤᠯᠵᠤ᠂ ᠵᠢᠶᠠᠨ ᠯᠦᠩ ᠪᠦᠯᠦᠭᠯᠡᠯ᠂ ᠬᠠᠲᠤᠨ ᠭᠤᠤᠯ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠨᠢ ᠡᠭᠦᠷᠢᠳᠡ ᠶᠢᠨ ᠴᠢᠨᠠᠷᠲᠠᠶ ᠦᠨᠳᠦᠰᠦᠲᠡᠨ ᠤ ᠪᠦᠯᠬᠦᠮᠳᠡᠯ ᠤᠨ ᠤᠷᠢᠶ᠎ᠠ ᠯᠣᠽᠦ᠋ᠩ  ᠭᠠᠷᠭᠠᠪᠠ᠃ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ  ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠲᠠᠢ ᠤᠶᠠᠯᠳᠤᠭᠤᠯᠤᠨ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠡᠮᠴᠢᠯᠡᠭᠡ ᠬᠢᠬᠦ᠂ ᠶᠠᠷᠢᠯᠴᠠᠨ ᠰᠣᠯᠢᠯᠴᠠᠬᠤ᠂ ᠰᠣᠨᠢᠷᠬᠠᠯᠲᠤ ᠪᠡᠶ᠎ᠡ ᠶᠢᠨ ᠲᠠᠮᠢᠷ ᠤᠨ ᠬᠦᠳᠡᠯᠭᠡᠭᠡᠨ ᠡᠷᠬᠢᠯᠡᠬᠦ ᠵᠡᠷᠭᠡ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ 2021 ᠣᠨ ᠠᠴᠠ ᠨᠠᠭᠠᠰᠢ᠂ ᠪᠥᠬᠦ ᠬᠤᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ 100 ᠭᠠᠷᠤᠶ ᠤᠳᠠᠭ᠎ᠠ ᠡᠷᠭᠢᠯᠡᠵᠦ᠂ ︽ᠮᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 3 ᠲᠦᠮᠡ ᠭᠠᠷᠤᠶ ᠬᠤᠪᠢ ᠲᠠᠷᠬᠠᠭᠠᠵᠠᠢ᠃
ᠢᠷᠡᠯᠲᠡ᠄ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ