| ᠠᠤᠬᠠᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠲᠡᠮᠳᠡᠭ ᠢᠯᠡᠷᠬᠡᠶᠢᠯᠡᠯ ᠵᠢᠷᠤᠬᠤ ᠤᠷᠤᠯᠳᠤᠭᠠᠨ | | ᠤᠯᠠᠭᠠᠨᠬᠠᠳᠠ ᠬᠤᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠵᠠᠯᠠᠭᠤᠴᠤᠳ ᠪᠠᠭᠠᠴᠤᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠵᠢᠭᠠᠨ ᠰᠤᠷᠭᠠᠯᠲᠠ ᠪᠠᠷ | ᠬᠥᠮᠦᠨ ᠢ ᠬᠥᠮᠦᠵᠢᠭᠦᠯᠬᠦ᠂ ᠣᠷᠴᠢᠨ ᠲᠣᠭᠤᠷᠢᠨ ᠢᠶᠠᠷ ᠬᠥᠮᠦᠨ ᠢ ᠬᠥᠮᠦᠵᠢᠭᠦᠯᠬᠦ᠂ ᠠᠵᠢᠯᠯᠠᠭ᠎ᠠ ᠪᠠᠷ ᠬᠥᠮᠦᠨ ᠢ | ᠬᠥᠮᠦᠵᠢᠭᠦᠯᠬᠦ︾ ᠵᠡᠷᠭᠡ ᠭᠤᠷᠪᠠ ᠶᠢ ᠨᠢᠭᠡ ᠴᠣᠭᠴᠠᠵᠢᠭᠤᠯᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ | | ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠤᠯᠤᠰ ᠤᠨ ᠲᠤᠷᠰᠢᠯᠲᠠ ᠶᠢᠨ | ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠠᠵᠢᠯᠯᠠᠭ᠎ᠠ | | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠳᠦᠰᠦᠯᠡᠬᠦᠯᠪᠡ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ 1030 | ᠪᠠᠭᠰᠢ ᠶᠢ ᠵᠣᠬᠢᠶᠠᠨ ᠪᠠᠶᠢᠭᠤᠯᠤᠨ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠣᠴᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠥᠮᠦᠵᠢᠯ ᠵᠡᠷᠭᠡ ᠠᠭᠤᠯᠭ᠎ᠠ ᠶᠢᠨ ᠲᠤᠬᠠᠢ ᠰᠤᠳᠤᠯᠤᠨ ᠰᠤᠷᠤᠯᠴᠠᠭᠤᠯᠵᠤ᠂ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠴᠢᠳᠠᠪᠤᠷᠢ ᠬᠡᠪ ᠪᠤᠯᠪᠠᠰᠤᠷᠠᠯ ᠢ | ᠳᠡᠭᠡᠭᠰᠢᠯᠡᠭᠦᠯᠪᠡ᠃ ᠵᠢᠭᠠᠨ ᠰᠤᠷᠭᠠᠯᠲᠠ ᠶᠢᠨ ᠳᠤᠮᠳᠠ᠂ ᠡᠯ᠎ᠡ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠳᠤ ᠬᠢ | ᠪᠡᠯᠭᠡ ᠲᠡᠮᠳᠡᠭ ᠤᠨ ᠴᠢᠨᠠᠷᠲᠠᠶ ᠬᠡᠷᠡᠭ ᠶᠠᠪᠤᠳᠠᠯ᠂ ᠣᠶᠤᠨ ᠰᠠᠨᠠᠭᠠᠨ ᠤ ᠴᠠᠳᠢᠭ ᠵᠡᠷᠭᠡ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠷᠭᠠᠨ ᠬᠥᠮᠦᠵᠢᠯ ᠤᠨ ᠡᠯᠧᠮᠧᠨ᠋ᠲ ᠢ ᠠᠭᠤᠳᠠᠯᠬᠤ ᠶᠢ | ᠴᠢᠬᠤᠯᠠᠴᠢᠯᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠠᠭᠤᠰᠬᠠᠨ ᠤᠷᠤᠭᠤᠯᠵᠠᠢ᠃ ᠳᠤᠮᠳᠠᠳᠤ ᠶᠢᠨ | ᠦᠨᠳᠦᠰᠦᠲᠡᠨ ᠤ ᠣᠨᠴᠠᠯᠢᠭᠲᠤ ᠬᠢᠴᠢᠶᠡᠯ ᠤᠨ ᠪᠢᠴᠢᠭ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ | ᠵᠣᠬᠢᠶᠠᠯ ᠢᠶᠠᠷ ᠰᠤᠷᠤᠭᠴᠢᠳ ᠢ ᠵᠢᠯᠣᠭᠤᠳᠤᠨ ᠤᠩᠰᠢᠯᠭ᠎ᠠ ᠶᠢ ᠥᠷᠭᠡᠳᠬᠡᠵᠦ᠂ ᠰᠤᠷᠤᠭᠴᠢᠳ ᠢ ᠤᠷᠮᠠᠰᠢᠭᠤᠯᠵᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠲᠤᠬᠠᠢ ᠬᠠᠮᠲᠤ ᠶᠢᠨ ᠬᠠᠶᠢᠷ᠎ᠠ ᠰᠡᠳᠬᠢᠯᠭᠡ ᠶᠢ | ᠪᠣᠶ ᠪᠣᠯᠭᠠᠵᠤ᠂ ᠰᠤᠷᠤᠭᠴᠢᠳ ᠤᠨ ᠤᠯᠤᠰ ᠭᠡᠷ ᠤᠨ ᠲᠤᠬᠠᠢ ᠬᠠᠶᠢᠷ᠎ᠠ ᠰᠡᠳᠬᠢᠯᠭᠡ ᠶᠢ ᠬᠦᠮᠦᠵᠢᠬᠦᠯᠵᠡᠢ᠃ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠷᠭᠠᠨ ᠬᠥᠮᠦᠵᠢᠯ ᠤᠨ ᠪᠢᠴᠢᠯ | ᠬᠢᠴᠢᠶᠡᠯᠯᠡᠭᠡ ᠶᠢ 2400 ᠭᠠᠷᠤᠶ ᠬᠤᠭᠤᠴᠠᠭ᠎ᠠ ᠦᠢᠯᠡᠳᠴᠦ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ | ᠳᠤ ᠬᠠᠩᠭᠠᠨ ᠬᠡᠷᠡᠭᠯᠡᠭᠦᠯᠪᠡ᠃ ᠪᠦᠬᠦ ᠬᠤᠳᠠ ᠶᠢᠨ 141 ᠰᠢᠯᠢᠳᠡᠭ ᠡᠩ ᠤᠨ ᠰᠤᠷᠭᠠᠭᠤᠯᠢ ᠶᠢ ᠦᠨᠳᠦᠰᠦᠲᠡᠨ ᠤ | ᠦᠭᠡ ᠬᠡᠯᠡ ᠪᠠᠷ ᠬᠢᠴᠢᠶᠡᠯᠯᠡᠬᠦ 78 ᠰᠤᠷᠭᠠᠭᠤᠯᠢ ᠯᠤᠭ᠎ᠠ ︽ᠬᠤᠯᠪᠣᠭᠠᠯᠠᠯ ᠤᠨ ᠬᠠᠮᠳᠤ ᠶᠢᠨ ᠴᠣᠭᠴᠠ︾ ᠶᠢ ᠪᠤᠢ | ᠪᠣᠯᠭᠠᠵᠤ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠭᠤᠷᠪᠠᠨ ᠲᠦᠷᠦᠯ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠰᠦᠭ | ᠪᠢᠴᠢᠭ ᠢᠶᠠᠷ ᠵᠢᠭᠠᠨ ᠰᠤᠷᠭᠠᠯᠲᠠ ᠥᠷᠨᠢᠭᠦᠯᠬᠦ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠭᠦᠯᠪᠡ᠃ | | ᠤᠯᠠᠭᠠᠨᠬᠠᠳᠠ ᠬᠤᠲᠠ ᠶᠢᠨ ᠬᠤᠲᠣᠩ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠦᠨᠳᠦᠰᠦᠲᠡᠨ ᠤ ᠪᠦᠯᠬᠦᠮᠳᠡᠯ ᠤᠨ ᠠᠨᠠᠷ ᠤᠨ ᠦᠷ᠎ᠡ ᠰᠢᠭ ᠪᠣᠯᠣᠯᠴᠠᠬᠤ ᠪᠠᠷ ᠴᠢᠷᠮᠠᠶᠢᠭᠰᠠᠨ ᠠᠵᠢᠯᠯᠠᠭ᠎ᠠ | | | ᠰᠤᠷᠭᠠᠭᠤᠯᠢ ᠶᠢᠨ ᠬᠦᠷᠢᠶᠡᠨ ᠤ ᠰᠣᠶᠣᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢᠶᠠᠷ ᠤᠮᠳᠠᠯᠠᠪᠠ᠃ ᠦᠭᠡ ᠶᠠᠷᠢᠶᠠᠨ ᠤ ᠰᠠᠮᠪᠠᠷ᠎ᠠ ᠳᠡᠭᠡᠷ᠎ᠡ ᠦᠯᠢᠭᠡᠷ ᠶᠠᠷᠢᠬᠤ᠂ ᠶᠣᠰᠣ ᠶᠠᠷᠢᠬᠤ ᠠᠭᠤᠯᠭ᠎ᠠ ᠶᠢ | ᠨᠡᠶᠢᠳᠡᠯᠡᠵᠤ᠂ ᠰᠤᠷᠤᠭᠴᠢᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠬᠠᠢ ᠮᠡᠳᠡᠷᠡᠬᠦᠢ ᠶᠢ ᠨᠡᠮᠡᠭᠳᠡᠭᠦᠯᠵᠡᠢ᠃ ᠰᠣᠶᠣᠯ ᠤᠨ ᠤᠷᠲᠤ ᠬᠤᠩᠭᠢᠯ ᠳᠡᠭᠡᠷ᠎ᠡ ︽ᠳᠤᠮᠳᠠᠳᠤ ᠤᠯᠤᠰ ᠤᠨ ᠤᠯᠠᠭᠠᠨ | ᠥᠩᠭᠡ︾ ᠭᠡᠰᠡᠨ ᠢᠶᠠᠷ ᠲᠤᠰᠬᠠᠶ ᠰᠡᠳᠦᠪᠯᠡᠭᠦᠨ ᠪᠣᠯᠭᠠᠵᠤ᠂ ᠤᠯᠤᠰ ᠤᠨ ᠲᠤᠭ᠂ ᠨᠠᠮ ᠤᠨ ᠲᠤᠭ᠂ ᠴᠡᠷᠢᠭ ᠤᠨ ᠲᠤᠭ᠂ | ᠡᠪᠯᠡᠯ ᠤᠨ ᠲᠤᠭ᠂ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠪᠠ ᠤᠯᠤᠰ ᠤᠨ ᠰᠦᠯᠳᠡ᠂ ᠨᠠᠮ ᠤᠨ ᠰᠦᠯᠳᠡ᠂ | ᠴᠡᠷᠢᠭ ᠤᠨ ᠰᠦᠯᠳᠡ᠂ ᠡᠪᠯᠡᠯ ᠤᠨ ᠰᠦᠯᠳᠡ᠂ ᠪᠠᠭᠠᠴᠤᠳ ᠤᠨ ᠬᠤᠰᠢᠭᠤᠴᠢ ᠠᠩᠭᠢ ᠶᠢᠨ ᠰᠦᠯᠳᠡ ᠵᠡᠷᠭᠡ | ︽ᠲᠠᠪᠤᠨ ᠲᠤᠭ ᠲᠠᠪᠤᠨ ᠰᠦᠯᠳᠡ︾ ᠪᠠᠷ ᠳᠠᠮᠵᠢᠭᠤᠯᠤᠨ ᠰᠤᠷᠤᠭᠴᠢᠳ ᠤᠨ ᠤᠯᠤᠰ ᠤᠨ ᠤᠬᠠᠮᠰᠠᠷ ᠢ ᠨᠢ | ᠬᠦᠮᠦᠵᠢᠬᠦᠯᠪᠡ᠃ ︽ᠠᠨᠠᠷ ᠤᠨ ᠦᠷ᠎ᠡ︾ ᠭᠡᠰᠡᠨ ᠲᠤᠰᠬᠠᠢ ᠰᠡᠳᠦᠪ ᠭᠠᠷᠭᠠᠵᠤ᠂ ᠬᠠᠨᠠᠨ ᠳᠡᠭᠡᠷᠡᠬᠢ ︽ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ︾ ᠶᠢᠨ ᠵᠢᠷᠤᠭ ᠢᠶᠠᠷ ᠡᠷᠲᠡᠨ ᠡᠳᠦᠭᠡ ᠶᠢ ᠦᠨᠳᠦᠰᠦᠲᠡᠨ ᠤ ᠪᠦᠯᠬᠦᠮᠳᠡᠯ ᠤᠨ | ᠦᠯᠢᠭᠡᠷ ᠵᠡᠷᠭᠡ ᠪᠠᠷ ᠰᠤᠷᠤᠭᠴᠢᠳ ᠲᠤ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠭᠦᠨᠵᠡᠭᠡᠢ | ᠤᠢᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦᠢ ᠶᠢ ᠨᠢ ᠨᠡᠮᠡᠭᠳᠡᠭᠦᠯᠪᠡ᠃ ᠰᠤᠷᠭᠠᠭᠤᠯᠢ ᠶᠢᠨ | ᠬᠦᠷᠢᠶᠡᠨ ᠤ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠪᠠᠶᠢᠭᠤᠯᠵᠤ᠂ ᠰᠤᠷᠤᠭᠴᠢᠳ ᠲᠤ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠢᠳᠡᠪᠬᠢ ᠬᠦᠴᠦᠨ ᠢ | ᠤᠯᠠᠮᠵᠢᠯᠠᠪᠠ᠃ ᠣᠳᠣᠬᠠᠨ ᠳᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠶᠢᠨ ᠲᠤᠰᠬᠠᠢ ᠪᠤᠯᠤᠩ 600 ᠭᠠᠷᠤᠶ ᠭᠠᠷᠭᠠᠵᠤ᠂ ᠰᠤᠷᠭᠠᠭᠤᠯᠢ ᠶᠢᠨ ᠬᠦᠷᠢᠶᠡᠨ ᠤ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠷᠠᠳᠢᠣ᠋ ᠨᠡᠪᠲᠡᠷᠡᠭᠦᠯᠭᠡ ᠶᠢ 470 ᠭᠠᠷᠤᠶ ᠤᠳᠠᠭ᠎ᠠ ᠡᠷᠬᠢᠯᠡᠵᠦ᠂ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠰᠣᠶᠣᠯ ᠤᠨ ᠬᠠᠨ᠎ᠠ᠂ ᠰᠣᠶᠣᠯ ᠤᠨ ᠬᠤᠩᠭᠢᠯ ᠢ 200 | ᠭᠠᠷᠤᠶ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ | 30 ᠶᠢ ᠪᠠᠶᠢᠭᠤᠯᠪᠠ᠃ | | ᠬᠤᠩ ᠱᠠᠨ ᠵᠢᠶᠦ᠋ᠨ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ | ᠮᠡᠳᠦ ᠲᠤᠳᠤᠨᠤ ᠭᠡᠰᠡᠨ ᠰᠡᠳᠦᠪᠲᠦ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ | | ᠠᠵᠢᠯᠯᠠᠭᠠᠨ ᠤ ᠦᠶᠯᠡᠳᠦᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠪᠡᠶᠡᠴᠢᠯᠡᠨ ᠤᠶᠢᠯᠠᠭᠠᠭᠤᠯᠪᠠ᠃ ᠪᠦᠬᠦ ᠬᠤᠲᠠ ᠶᠢᠨ 547 ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ | ᠪᠠᠶᠢᠭᠤᠯᠵᠤ ︽ᠬᠤᠪᠢᠰᠬᠠᠯ ᠤᠨ ᠪᠠᠭᠠᠲᠤᠷᠴᠤᠳ ᠮᠠᠨ ᠤ ᠰᠡᠳᠬᠢᠯ ᠵᠢᠷᠦᠬᠡᠨ ᠳᠤ︾ ᠭᠡᠰᠡᠨ ᠰᠡᠳᠦᠪᠲᠦ ᠰᠢᠷᠢᠰ | ᠬᠢᠴᠢᠶᠡᠯ ᠤᠨ ᠲᠡᠪᠳᠡᠷ ᠤᠨ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠪᠠ᠃ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠲᠦᠮᠡ ᠰᠢᠬᠠᠮ ᠪᠠᠭᠰᠢ ᠰᠤᠷᠤᠭᠴᠢᠳ ᠢ ᠳᠠᠶᠢᠴᠢᠯᠠᠨ ᠬᠢᠴᠢᠶᠡᠯ ᠤᠨ ᠲᠡᠪᠳᠡᠷ ᠤᠨ ᠵᠦᠴᠦᠭᠡ ᠶᠢ | ᠦᠶᠯᠡᠳᠬᠦ ᠳᠤ ᠣᠷᠣᠯᠴᠠᠭᠤᠯᠵᠤ᠂ 60 ᠭᠠᠷᠤᠶ ᠰᠢᠯᠢᠳᠡᠭ ᠬᠢᠴᠢᠶᠡᠯ ᠤᠨ ᠵᠦᠴᠦᠭᠡ ᠶᠢ ᠰᠤᠩᠭᠤᠵᠤ ᠬᠤᠰᠢᠭᠤ | ᠰᠢᠶᠠᠨ ᠲᠣᠭᠤᠷᠢᠭ ᠲᠤ ᠳᠡᠯᠭᠡᠨ ᠦᠵᠡᠭᠦᠯᠵᠦ᠂ 40 ᠵᠦᠴᠦᠬᠡ ᠶᠢ ᠨᠢ ᠨᠠᠷᠢᠨ ᠰᠤᠩᠭᠤᠭᠠᠳ ᠤᠯᠠᠭᠠᠨᠬᠠᠳᠠ ᠶᠢᠨ | ᠲᠧᠯᠸᠢᠰ ᠳᠡᠭᠡᠷ᠎ᠡ ᠨᠡᠪᠲᠡᠷᠡᠭᠦᠯᠦᠭᠡᠳ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠰᠡᠳᠬᠢᠯ ᠳᠤ | ︽ᠪᠠᠭᠠᠲᠤᠷᠴᠤᠳ ᠢ ᠳᠡᠭᠡᠳᠦᠯᠡᠨ᠂ ᠪᠠᠭᠠᠲᠤᠷᠴᠤᠳ ᠠᠴᠠ ᠰᠤᠷᠤᠯᠴᠠᠬᠤ︾ ᠦᠷ᠎ᠡ ᠶᠢ ᠳᠠᠷᠢᠪᠠ᠃ ︽ᠦᠨᠳᠦᠰᠦᠲᠡᠨ | ᠨᠦᠭᠦᠳ ᠪᠦᠯᠬᠦᠮᠳᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ︾᠂ ︽ᠠᠨᠠᠷ ᠤᠨ ᠦᠷ᠎ᠡ ᠶᠢᠨ ᠠᠵᠢᠯᠯᠠᠭ᠎ᠠ ᠳᠤ︾᠂ | ᠰᠤᠷᠭᠠᠭᠤᠯᠢ ᠶᠢᠨ ︽ᠬᠤᠯᠪᠤᠭ᠎ᠠ ᠪᠠᠶᠢᠭᠤᠯᠤᠨ ᠬᠠᠮᠲᠤ ᠪᠠᠷ ᠴᠤᠭᠴᠠᠯᠠᠬᠤ︾᠂ ᠪᠠᠭᠰᠢ ᠶᠢᠨ ︽ᠬᠠᠷᠢᠯᠴᠠᠨ | ᠬᠠᠪᠰᠤᠷᠤᠯᠴᠠᠵᠤ ᠬᠠᠷᠢᠯᠴᠠᠨ ᠰᠤᠷᠤᠯᠴᠠᠬᠤ︾ ᠵᠡᠷᠭᠡ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠪᠠᠭᠰᠢ ᠰᠤᠷᠤᠭᠴᠢᠳ | ᠤᠨ ᠰᠡᠳᠬᠢᠯ ᠳᠤ ᠦᠨᠳᠦᠰᠦᠯᠡᠭᠦᠯᠦᠨ ᠣᠷᠣᠭᠤᠯᠪᠠ᠃ ᠠᠩᠭᠢ ᠨᠢᠬᠡᠴᠢ᠂ ᠡᠪᠯᠡᠯ᠂ ᠬᠤᠰᠢᠭᠤᠴᠢ ᠠᠩᠬᠢ ᠶᠢᠨ ᠬᠤᠷᠠᠯ᠂ | ︽ᠬᠠᠮᠲᠤ ᠪᠠᠷ ᠨᠢᠭᠡ ᠬᠢᠴᠢᠶᠡᠯ ᠣᠷᠣᠬᠤ︾᠂ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ ᠬᠢᠬᠦ ᠵᠡᠷᠭᠡ ᠭᠤᠤᠯ | ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠰᠡᠳᠦᠪᠲᠦ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠰᠠᠶᠢᠲᠤᠷ | ᠣᠷᠣᠪᠠ᠃ ᠪᠥᠬᠦ ᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ 77 ᠪᠤᠩᠬᠤᠨ ᠤ ᠬᠦᠷᠢᠶᠡᠯᠡᠩ ᠵᠡᠷᠭᠡ ᠳᠤᠷᠠᠰᠬᠠᠯ | ᠤᠨ ᠭᠠᠵᠠᠷ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ 46 ᠰᠠᠭᠤᠷᠢᠨ ᠪᠠ 28 ᠲᠡᠦᠬᠡ ᠶᠢᠨ | ᠮᠦᠽᠧᠶ ᠳᠤ ᠲᠣᠭᠤᠷᠢᠨ ᠦᠵᠡᠵᠦ ᠰᠤᠷᠤᠯᠴᠠᠭᠤᠯᠬᠤ ᠪᠠᠷ ᠳᠠᠮᠵᠢᠭᠤᠯᠤᠨ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠥᠷᠨᠢᠭᠦᠯᠵᠦ᠂ ᠪᠦᠬᠦ ᠬᠤᠲᠠ ᠶᠢᠨ ᠥᠷᠭᠡᠨ ᠣᠯᠠᠨ ᠵᠠᠯᠠᠭᠤᠴᠤᠳ ᠪᠠᠭᠠᠴᠤᠳ ᠲᠤ ᠤᠯᠤᠰ ᠢᠶᠠᠨ | ᠬᠠᠶᠢᠷᠠᠯᠠᠬᠤ ᠦᠵᠡᠯ ᠤᠨ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ ᠬᠥᠮᠦᠵᠢᠭᠦᠯᠦᠨ ᠵᠢᠯᠣᠭᠤᠳᠴᠠᠢ᠃ | | ᠬᠠᠷᠠᠴᠢᠨ ᠬᠤᠰᠢᠭᠤᠨ ᠤ ᠸᠠᠩ ᠤᠨ ᠣᠷᠳᠣᠨ ᠤ ᠮᠣᠩᠭᠤᠯ ᠪᠠᠭ᠎ᠠ ᠰᠤᠷᠭᠠᠭᠤᠯᠢ ᠶᠢᠨ ᠳᠤᠮᠳᠠᠳᠤ ᠶᠢᠨ | ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠳᠦ ᠲᠤᠳᠤᠨᠤ ᠬᠡᠬᠦ ᠠᠵᠢᠯᠯᠠᠭ᠎ᠠ | | ᠬᠠᠷᠠᠴᠢᠨ ᠬᠤᠰᠢᠭᠤᠨ ᠤ ᠸᠠᠩ ᠤᠨ ᠣᠷᠳᠣᠨ ᠤ ᠮᠣᠩᠭᠤᠯ ᠪᠠᠭ᠎ᠠ ᠰᠤᠷᠭᠠᠭᠤᠯᠢ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯᠯᠠᠭ᠎ᠠ | | ᠰᠦᠩᠱᠠᠨ ᠲᠤᠭᠤᠷᠢᠭ ᠤᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠨᠤᠲᠤᠭ ᠤᠨ ᠢᠶᠠᠨ ᠲᠡᠤᠬᠡ ᠶᠢ | ᠤᠶᠢᠯᠠᠭᠠᠵᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠪᠠᠨ ᠪᠠᠳᠠᠷᠠᠭᠤᠯᠤᠶ᠎ᠠ ᠬᠡᠬᠦ ᠠᠵᠢᠯᠯᠠᠭ᠎ᠠ |