ᠦᠬᠠᠢ ᠬᠤᠳᠡ ᠪᠦᠬᠦ ᠬᠤᠳᠡ ᠶᠢᠨ ᠦᠨᠳᠦᠰᠦᠳᠡᠨ ᠤ ᠵᠦᠪᠯᠡᠯ ᠤᠨ ᠭᠡᠰᠢᠬᠦᠨ ᠨᠢᠭᠡᠴᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/11
     11ᠳ᠋ᠦ᠋ᠭᠡᠷ ᠰᠠᠷ᠎ᠠ ᠶᠢᠨ5 ᠤ ᠡᠳᠤᠷ᠂ ᠦᠬᠠᠢ ᠬᠤᠳᠡ ᠪᠦᠬᠦ ᠬᠤᠳᠡ ᠶᠢᠨ ᠦᠨᠳᠤᠰᠦᠳᠡᠨ ᠤ ᠵᠦᠪᠯᠡᠯ ᠤᠨ ᠭᠡᠰᠢᠬᠦᠨ ᠨᠢᠭᠡᠴᠢ ᠶᠢᠨ ᠬᠤᠷᠠᠯ ᠢ  ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠶᠡᠷᠤᠩᠭᠡᠢ ᠱᠦᠵᠢ ᠶᠢᠨ ᠦᠨᠳᠤᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠦᠨᠳᠤᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠳᠡᠨ ᠤ ᠵᠦᠪᠯᠡᠯ  ᠤᠨ ᠭᠡᠰᠢᠬᠦᠨ ᠨᠢᠭᠡᠴᠢ ᠶᠢᠨ ᠡᠬᠦᠷᠭᠡ ᠬᠠᠷᠢᠭᠤᠴᠠᠯᠭ᠎ᠠ ᠪᠠᠨ ᠪᠡᠶᠡᠯᠡᠬᠦᠯᠦᠭᠰᠡᠨ ᠪᠠᠶᠢᠳᠠᠯ ᠤᠨ ᠮᠡᠳᠡᠬᠦᠯᠤᠯᠳᠡ ᠶᠢ ᠰᠤᠨᠤᠰᠴᠤ᠂ ᠲᠠᠷᠠᠭᠠᠴᠢ ᠶᠢᠨ ᠱᠠᠳᠤᠨ ᠤ ᠭᠤᠤᠯᠳᠠᠯᠭᠠᠳᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠦᠬᠠᠢ ᠬᠤᠳᠡ ᠶᠢᠨ ᠦᠨᠳᠦᠰᠦᠳᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠰᠠᠭᠤᠷᠢ ᠶᠢ ᠪᠠᠬᠢᠵᠢᠬᠦᠯᠵᠤ᠂ ᠬᠠᠪᠰᠤᠷᠤᠯᠭ᠎ᠠ ᠬᠠᠩᠭᠠᠵᠠᠢ᠃ ᠦᠬᠠᠢ ᠬᠤᠳᠡ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠳ᠋ᠧᠩ ᠺᠠᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠤ᠂ ᠦᠬᠠᠢ ᠬᠤᠳᠡ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠵᠠᠩ ᠮᠢᠩ ᠮᠢᠩ ᠬᠤᠷᠠᠯ ᠢ ᠡᠷᠬᠢᠯᠡᠵᠠᠢ᠃ ᠡᠯ᠎ᠡ ᠭᠡᠰᠢᠬᠦᠨ ᠨᠢᠭᠡᠴᠢ ᠶᠢᠨ ᠲᠤᠰᠢᠶᠠᠯ ᠬᠠᠪᠰᠤᠷᠭᠠᠭᠰᠠᠨ ᠭᠡᠰᠢᠭᠦᠳ ᠬᠤᠷᠠᠯ ᠳᠤ ᠣᠷᠣᠯᠴᠠᠪᠠ᠃     ᠬᠤᠷᠠᠯ ᠠᠴᠠ ᠵᠢᠭᠠᠬᠤ ᠳᠤ ᠪᠠᠨ᠂ ᠰᠢ ᠶᠢᠨ ᠫᠢᠩ  ᠶᠡᠷᠤᠩᠭᠡᠢ ᠱᠦᠵᠢ ᠶᠢᠨ ᠦᠨᠳᠤᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠬᠦᠢᠴᠡᠳ ᠵᠦᠪ ᠤᠨᠤᠪᠴᠢᠳᠠᠢ ᠪᠦᠬᠦ ᠲᠠᠯ᠎ᠠ ᠪᠠᠷ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠡᠷᠡᠰ ᠰᠢᠭᠤᠷᠬᠠᠢ ᠪᠦᠭᠡᠳ ᠦᠪᠡᠷ ᠤᠨ ᠤᠬᠠᠮᠰᠠᠷ ᠠᠴᠠ ᠪᠠᠨ ᠰᠢ ᠶᠢᠨ ᠫᠢᠩ ᠶᠡᠷᠤᠩᠭᠡᠢ ᠱᠦᠵᠢ ᠶᠢᠨ ᠦᠨᠳᠤᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠤᠶᠢᠯᠡᠳᠤᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠦᠨᠳᠦᠰᠦᠳᠡᠨ ᠤ ᠠᠵᠢᠯ  ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠳᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠦᠪᠡᠷ ᠤᠨ ᠤᠬᠠᠮᠰᠠᠷ ᠠᠴᠠ ᠪᠠᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠨᠳᠤᠷᠴᠠ ᠳᠤ  ᠵᠤᠭᠰᠤᠵᠤ᠂ ᠰᠢᠨ᠎ᠡ ᠴᠠᠭ  ᠦᠶ᠎ᠡ ᠶᠢᠨ ᠨᠠᠮ ᠤᠨ ᠦᠨᠳᠦᠰᠦᠳᠡᠨ ᠤ ᠠᠵᠢᠯ ᠤᠨ ᠲᠡᠤᠭᠡᠳᠤ ᠪᠠᠶᠢᠷᠢᠰᠢᠯ ᠢ ᠡᠵᠡᠮᠰᠢᠵᠤ᠂ ᠰᠢᠨ᠎ᠠ ᠴᠠᠭ ᠦᠶ᠎ᠡ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠬᠦ ᠲᠠᠷᠬᠠᠨ ᠡᠬᠦᠷᠭᠡ ᠬᠠᠷᠢᠭᠤᠴᠠᠯᠭ᠎ᠠ ᠶᠢᠨ ᠲᠠᠨᠢᠯᠳᠡ ᠪᠠᠨ ᠲᠠᠰᠤᠷᠠᠯᠳᠡ ᠦᠭᠡᠢ ᠴᠢᠩᠭᠠᠳᠬᠠᠨ᠎ᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠴᠢᠩᠭ᠎ᠠ ᠠᠳᠬᠤᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠢ ᠦᠷᠨᠢᠬᠦᠯᠬᠦ ᠶᠢ ᠪᠠᠶᠢᠩᠭᠤᠵᠢᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠡᠭᠦᠳᠦᠨ ᠪᠠᠶᠢᠭᠤᠯᠤᠯᠳᠡ ᠶᠢ ᠬᠦᠨᠵᠡᠭᠡᠢ ᠦᠷᠨᠢᠬᠦᠯᠵᠤ᠂ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠲᠦᠭᠡᠮᠡᠯᠵᠢᠬᠦᠯᠦᠨ᠎ᠠ᠃ ᠡᠯ᠎ᠡ ᠦᠨᠳᠦᠰᠦᠳᠡᠨ ᠤ ᠬᠤᠳᠡ ᠳᠤ ᠠᠭᠤᠰᠤᠯᠴᠠᠬᠤ ᠲᠦᠷᠤ  ᠶᠢᠨ ᠪᠤᠳᠤᠯᠭ᠎ᠠ ᠠᠷᠭ᠎ᠠ ᠭᠡᠮᠵᠢᠶ᠎ᠡ ᠪᠤᠯᠤᠨ ᠲᠦᠷᠢᠮ ᠤᠨ ᠪᠠᠳᠤᠯᠠᠭ᠎ᠠ ᠶᠢ ᠲᠡᠬᠦᠯᠳᠡᠷᠵᠢᠬᠦᠯᠵᠤ᠂ ᠨᠡᠶᠢᠳᠡᠮ ᠤᠨ ᠬᠠᠷᠭᠠᠯᠵᠠᠯ ᠤᠨ ᠴᠢᠨᠠᠷᠳᠡᠢ᠂ ᠰᠠᠭᠤᠷᠢ ᠴᠢᠨᠠᠷᠳᠡᠢ᠂ ᠪᠠᠳᠤᠯᠠᠭᠠᠨ ᠤ ᠴᠢᠨᠠᠷᠳᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠳᠡ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠨᠡᠶᠢᠳᠡ ᠶᠢᠨ ᠦᠨᠳᠤᠰᠦᠨ ᠤᠶᠢᠯᠡᠴᠢᠯᠡᠭᠡ ᠶᠢ ᠪᠦᠬᠦ ᠲᠠᠯ᠎ᠠ ᠪᠠᠷ ᠪᠠᠳᠤᠯᠠᠵᠤ᠂ ᠡᠯ᠎ᠡ ᠦᠨᠳᠦᠰᠦᠳᠡᠨ ᠤ ᠤᠯᠠᠨ ᠲᠦᠮᠠᠨ ᠬᠠᠮᠲᠦ ᠪᠠᠷ ᠰᠠᠭᠤᠷᠢᠰᠢᠬᠤ᠂ ᠬᠠᠮᠲᠦ ᠪᠠᠷ ᠰᠤᠷᠤᠯᠴᠠᠬᠤ᠂ ᠬᠠᠮᠲᠦ ᠪᠠᠷ ᠠᠵᠢᠯᠯᠠᠬᠤ᠂ ᠬᠠᠮᠲᠦ ᠪᠠᠷ ᠪᠠᠶᠠᠰᠤᠯᠴᠠᠬᠤ᠂ ᠬᠠᠮᠳᠤ ᠪᠠᠷ ᠪᠠᠶᠢᠭᠤᠯᠬᠤ᠂ ᠬᠠᠮᠲᠦ ᠪᠠᠷ ᠡᠳ᠋ᠯᠡᠬᠦ ᠨᠡᠶᠢᠭᠡᠮ ᠤᠨ ᠪᠦᠳᠦᠴᠠ ᠪᠤᠯᠤᠨ ᠨᠡᠶᠢᠭᠡᠮ ᠤᠨ ᠨᠦᠬᠦᠴᠠᠯ ᠢ ᠢᠳᠡᠪᠬᠢᠳᠡᠢ ᠡᠬᠦᠳᠴᠤ᠂ ᠦᠨᠳᠦᠰᠦᠳᠡᠨ ᠨᠦᠭᠦᠳ ᠤᠨ ᠦᠷᠭᠡᠨ ᠲᠡᠯᠭᠡᠷ ᠬᠠᠷᠢᠯᠴᠠᠵᠤ᠂ ᠪᠦᠬᠦ ᠲᠠᠯ᠎ᠠ ᠪᠠᠷ ᠰᠤᠯᠢᠯᠴᠠᠵᠤ᠂ ᠬᠦᠨᠵᠡᠭᠡᠢ ᠠᠭᠤᠰᠤᠯᠴᠠᠨ ᠤᠶᠠᠯᠳᠤᠬᠤ ᠶᠢ ᠠᠬᠢᠭᠤᠯᠤᠨ᠎ᠠ᠃ ᠦᠨᠳᠦᠰᠦᠳᠡᠨ ᠤ ᠵᠦᠪᠯᠡᠯ ᠤᠨ ᠭᠡᠰᠢᠬᠦᠨ ᠨᠢᠭᠡᠴᠢ ᠶᠢᠨ ᠲᠦᠷᠢᠮ ᠢ ᠬᠦᠢᠴᠡᠳ ᠪᠠᠳᠠᠷᠠᠭᠤᠯᠵᠤ᠂ ᠡᠯ᠎ᠡ ᠭᠡᠰᠢᠬᠦᠨ ᠨᠢᠭᠡᠴᠢ ᠦᠨᠳᠦᠰᠦᠳᠡᠨ ᠤ ᠠᠵᠢᠯ ᠢ ᠰᠠᠶᠢᠳᠤᠷ ᠬᠢᠬᠦ ᠤᠯᠤᠰ ᠲᠦᠷᠤ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠳᠡᠨ ᠤ ᠠᠵᠢᠯ ᠤᠨ ᠪᠠᠶᠢᠷᠢᠰᠢᠯ ᠳᠤ ᠦᠨᠳᠦᠰᠦᠳᠡᠨ ᠤ ᠵᠦᠪᠯᠡᠯ ᠤᠨ ᠭᠡᠰᠢᠬᠦᠨ ᠨᠢᠭᠡᠴᠢ ᠶᠢᠨ ᠲᠦᠷᠢᠮ ᠤᠨ ᠤᠶᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠤᠬᠢᠴᠠᠭᠤᠯᠤᠯᠳᠡ ᠬᠠᠮᠵᠢᠯᠴᠠᠭ᠎ᠠ ᠪᠠᠨ ᠴᠢᠩᠭᠠᠳᠬᠠᠵᠤ᠂ ᠴᠤᠭ ᠲᠤ ᠨᠢ ᠠᠳᠬᠤᠵᠤ ᠬᠠᠮᠲᠦ ᠪᠠᠷ ᠬᠠᠮᠢᠶᠠᠷᠬᠤ ᠠᠵᠢᠯ  ᠤᠨ ᠬᠠᠮᠲᠤᠷᠠᠯ ᠤᠨ ᠬᠦᠴᠦᠨ ᠢ ᠪᠦᠷᠢᠯᠳᠤᠬᠦᠯᠵᠤ᠂ ᠲᠦᠪ ᠬᠤᠷᠢᠶ᠎ᠠ ᠪᠠ ᠦᠪᠡᠷᠳᠡᠭᠡᠨ ᠵᠰᠠᠬᠤ ᠤᠷᠤᠨ ᠤ ᠨᠠᠮ ᠤᠨ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠦᠪᠡᠷ ᠦᠪᠡᠷ ᠤᠨ ᠢᠶᠠᠨ ᠬᠦᠷᠢᠶ᠎ᠡ ᠴᠠᠷᠠᠭᠠᠨ ᠳᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠡᠰᠠ ᠴᠢᠬᠤᠯᠠᠴᠢᠯᠠᠭᠰᠠᠨ ᠨᠢ᠂ ᠦᠨᠳᠦᠰᠦᠳᠡᠨ ᠤ ᠵᠦᠪᠯᠡᠯ ᠤᠨ ᠭᠡᠰᠢᠬᠦᠨ ᠤ ᠲᠦᠷᠢᠮ ᠤᠨ ᠴᠢᠬᠤᠯᠠ ᠤᠳᠬ᠎ᠠ ᠠᠭᠤᠯᠭ᠎ᠠ ᠶᠢ ᠬᠦᠨᠵᠡᠭᠡᠢ ᠲᠠᠨᠢᠵᠤ᠂ ᠰᠢ ᠶᠢᠨ ᠫᠢᠩ ᠶᠡᠷᠤᠩᠭᠡᠢ ᠱᠦᠵᠢ ᠶᠢᠨ ᠦᠨᠳᠤᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠬᠤ ᠲᠤᠬᠠᠢ ᠴᠢᠬᠤᠯᠠ ᠦᠵᠡᠯ ᠰᠠᠨᠠᠭ᠎ᠠ ᠪᠠᠷ  ᠪᠠᠷᠢᠮᠵᠢᠶᠠᠯᠠᠨ ᠬᠠᠷᠭᠤᠭᠤᠯᠵᠤ᠂ ᠰᠢ ᠶᠢᠨ ᠫᠢᠩ ᠶᠡᠷᠤᠩᠭᠡᠢ ᠱᠦᠵᠢ   ᠶᠢᠨ ︽ᠦᠨᠳᠦᠰᠦᠳᠡᠨ ᠤ ᠠᠵᠢᠯ ᠲᠠᠯ᠎ᠠ ᠪᠤᠯᠭᠠᠨ ᠲᠠᠢ ᠬᠤᠯᠪᠤᠭᠳᠠᠵᠤ᠂ ᠲᠠᠯ᠎ᠠ ᠪᠤᠯᠭᠠᠨ ᠳᠤ ᠴᠥᠮ ᠦᠨᠳᠦᠰᠦᠳᠡᠨ ᠤ ᠠᠵᠢᠯ ᠪᠤᠢ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠡᠰᠢᠬᠦᠨ ᠨᠢᠭᠡᠴᠢ ᠶᠢᠨ ᠠᠵᠢᠯ ᠤᠨ ᠳᠥᠷᠢᠮ ᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠬᠤᠳᠡ ᠶᠢᠨ ᠦᠨᠳᠦᠰᠦᠳᠡᠨ ᠤ ᠵᠦᠪᠯᠡᠯ ᠨᠢ ᠶᠡᠷᠤᠩᠭᠡᠢ ᠡᠬᠦᠷᠭᠡ ᠬᠠᠷᠢᠭᠤᠴᠠᠯᠭ᠎ᠠ ᠶᠢ ᠡᠭᠦᠷᠭᠡᠯᠡᠨ ᠲᠠᠭᠠᠭᠤᠯᠤᠭᠴᠢ ᠤᠶᠢᠯᠡᠳᠤᠯ ᠢ ᠪᠠᠳᠠᠷᠠᠭᠤᠯᠵᠤ᠂ ᠡᠯ᠎ᠡ ᠭᠡᠰᠢᠬᠦᠨ ᠨᠢᠭᠡᠴᠢ ᠨᠢ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ ᠤᠨ ᠭᠡᠰᠢᠬᠦᠨ ᠨᠢᠭᠡᠴᠢ ᠶᠢᠨ ᠲᠦᠷᠢᠮ ᠤᠨ ᠡᠭᠦᠷᠭᠡ ᠴᠢᠳᠡᠪᠬᠢ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠤᠮᠤ ᠦᠨᠳᠦᠰᠦᠳᠡᠨ ᠤ ᠵᠦᠪᠯᠡᠯ︾ ᠤᠨ ᠲᠠᠨᠢᠯᠳᠡ ᠶᠢ ᠪᠤᠢ ᠪᠤᠯᠭᠠᠵᠤ᠂ ᠪᠦᠬᠦ ᠬᠤᠳᠡ ᠶᠢᠨ ᠶᠡᠭᠡ ᠲᠠᠯ᠎ᠠ ᠳᠤ ᠰᠠᠭᠤᠷᠢᠯᠠᠵᠤ᠂ ᠦᠨᠳᠦᠰᠦᠳᠡᠨ ᠤ ᠠᠵᠢᠯ ᠤᠨ ᠪᠠᠶᠢᠳᠡᠯ ᠢ ᠪᠦᠬᠦ ᠲᠠᠯ᠎ᠠ ᠪᠠᠷ ᠵᠦᠪ ᠤᠨᠤᠪᠴᠢᠳᠡᠢ ᠡᠵᠡᠮᠰᠢᠵᠤ᠂ ᠠᠵᠢᠯᠯᠠᠬᠤ ᠠᠷᠭ᠎ᠠ ᠮᠠᠶ᠋ᠢᠭ ᠤᠨ ᠲᠠᠯ᠎ᠠ ᠳᠤ ᠰᠢᠨ᠎ᠡ ᠶᠢ ᠡᠬᠦᠳᠴᠤ᠂ ᠰᠠᠶᠢᠨ ᠲᠤᠷ᠎ᠠ  ᠠᠴᠠ ᠪᠠᠨ ᠢᠳᠡᠪᠬᠢᠳᠡᠢ ᠠᠵᠢᠯᠯᠠᠬᠤ ᠬᠡᠷᠡᠭᠲᠡᠢ᠃ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠡᠭᠦᠳᠦᠨ ᠪᠠᠶᠢᠭᠤᠯᠤᠯᠳᠡ ᠶᠢ ᠬᠦᠨᠵᠡᠭᠡᠢ ᠦᠷᠨᠢᠬᠦᠯᠵᠤ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠵᠢᠱᠢᠶᠡᠴᠢ ᠬᠤᠳᠡ ᠶᠢ ᠴᠢᠷᠮᠠᠶᠢᠨ ᠡᠬᠦᠳᠬᠦ ᠠᠵᠢᠯ ᠢ ᠲᠦᠷᠭᠡᠭᠡᠨ ᠡᠬᠢᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ