10 ᠰᠠᠷ᠎ᠠ ᠶᠢᠨ 29 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠢ ᠡᠷᠬᠢᠯᠡᠨ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠤᠨ ᠥᠪᠥᠷ ᠮᠣᠩᠭᠤᠯ ᠳᠤ ᠢᠷᠡᠵᠥ ᠠᠵᠢᠯᠯᠠᠬᠤ ᠳᠤᠭᠤᠶᠢᠯᠠᠩ ᠤᠨ ᠰᠠᠨᠠᠭᠤᠯᠭ᠎ᠠ ᠶᠢ ᠰᠥᠨᠢ ᠪᠠᠷ | ᠤᠯᠠᠮᠵᠢᠯᠠᠨ ᠲᠤᠭᠤᠰᠢᠯᠠᠭᠤᠯᠵᠤ᠂ ᠡᠯ᠎ᠡ ᠠᠵᠢᠯᠯᠠᠬᠤ ᠳᠤᠭᠤᠶᠢᠯᠠᠩ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ | ᠪᠤᠳᠤᠯᠢᠶᠠᠨᠲᠠᠶ ᠬᠦᠨᠳᠦ ᠨᠣᠴᠢᠲᠠᠶ ᠪᠠᠶᠢᠵᠦ᠂ ᠶᠠᠭ ᠬᠠᠮᠤᠭ ᠤᠨ ᠵᠠᠩᠬᠢᠯᠠᠭ᠎ᠠ᠂ ᠬᠠᠮᠤᠭ ᠤᠨ ᠬᠦᠴᠢᠷᠲᠡᠶ ᠴᠠᠬ ᠦᠶ᠎ᠡ ᠳᠤ | ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠥ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠥ᠂ ᠨᠠᠩ ᠪᠠᠲᠤ ᠴᠢᠩᠭ᠎ᠠ ᠢᠲᠡᠭᠡᠯ ᠵᠣᠷᠢᠭ᠂ ᠨᠠᠩ ᠡᠷᠡᠰ | ᠬᠠᠲᠠᠭᠤ ᠰᠦᠰᠦ ᠵᠣᠷᠢᠭ᠂ ᠨᠠᠩ ᠡᠷᠡᠰ ᠰᠢᠭᠤᠷᠬᠠᠶ ᠠᠷᠭ᠎ᠠ ᠬᠡᠮᠵᠢᠶ᠎ᠡ ᠪᠠᠷ ᠴᠠᠭ ᠮᠥᠴᠡ ᠲᠠᠢ ᠤᠷᠤᠯᠳᠤᠵᠥ᠂ | ᠸᠢᠷᠦ᠋ᠰ ᠲᠠᠢ ᠳᠡᠮᠡᠴᠡᠵᠥ᠂ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠡᠷᠲᠡᠬᠡᠨ ᠠᠷᠢᠯᠭᠠᠵᠥ᠂ ᠡᠷᠲᠡᠬᠡᠨ | ᠳᠦᠢᠯᠪᠤᠷᠢᠳᠠᠢ ᠰᠢᠢᠳᠪᠦᠷᠢᠯᠡᠵᠥ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠨ᠂ ᠬᠢᠵᠢᠭ ᠤᠨ ᠪᠠᠶᠢᠳᠠᠯ ᠢ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ | ᠬᠡᠵᠥ ᠵᠢᠭᠠᠵᠥ ᠭᠠᠷᠭᠠᠪᠠ᠃ | ᠸᠠᠩ ᠯᠢ ᠰᠢᠶᠠ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ | ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠦᠭᠵᠢᠷᠡᠯ ᠴᠡᠭ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠡᠪᠡᠳᠴᠢᠨ ᠤ ᠵᠢᠱᠢᠶ᠎ᠡ ᠶᠢ ᠠᠷᠢᠯᠭᠠᠬᠤ ᠨᠢᠭᠡᠳᠦᠭᠡᠷ ᠲᠣᠭᠠᠲᠤ︾ ᠠᠵᠢᠯᠯᠠᠭ᠎ᠠ ᠶᠢ | ᠥᠷᠨᠢᠭᠦᠯᠬᠦ ᠲᠠᠢ ᠤᠶᠠᠯᠳᠤᠭᠤᠯᠵᠤ᠂ ᠲᠤᠰᠬᠠᠢ ᠳᠤᠭᠤᠶᠢᠯᠠᠩ ᠲᠤᠰᠬᠠᠢ ᠬᠠᠷᠢᠭᠤᠴᠠᠵᠤ ᠴᠠᠭ ᠲᠣᠭᠲᠠᠭᠠᠨ ᠴᠡᠭᠴᠡᠯᠡᠨ | ᠰᠠᠶᠢᠵᠢᠷᠠᠭᠤᠯᠵᠤ᠂ ᠠᠯᠳᠠᠭ᠎ᠠ ᠪᠤᠷᠤᠭᠤ ᠪᠠᠨ ᠡᠷᠡᠰ ᠵᠠᠯᠠᠷᠠᠭᠤᠯᠵᠤ᠂ ᠬᠡᠮ ᠰᠣᠭᠤᠭ ᠢ ᠠᠷᠢᠯᠭᠠᠵᠤ᠂ ᠳᠤᠲᠠᠭᠤᠳᠠᠯ ᠢᠶᠠᠨ | ᠨᠥᠬᠦᠪᠥᠷᠢᠯᠡᠬᠦ ᠬᠡᠷᠡᠭᠲᠡᠢ᠃ ᠬᠥᠮᠥᠰ ᠤᠨ ᠰᠠᠭᠤᠷᠢ ᠲᠤᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ | ᠵᠠᠩᠭᠢ ᠶᠢ ᠳᠠᠷᠤᠶ ᠲᠦᠷᠭᠡᠨ ᠤᠶᠢᠯᠠᠭᠠᠨ ᠮᠡᠳᠡᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ᠂ ᠥᠨᠳᠥᠷ ᠪᠦᠲᠦᠮᠵᠢᠲᠡᠶ | ᠲᠦᠷᠭᠡᠨ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠶ᠃ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠢᠵᠢᠭ ᠤᠨ | ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠡᠷᠡᠰ ᠲᠠᠰᠤᠯᠬᠤ ᠬᠡᠷᠡᠭᠲᠡᠶ᠃ ᠬᠤᠴᠤᠷᠭᠠᠵᠦ ᠠᠪᠤᠭᠰᠠᠨ | ᠵᠢᠭᠤᠯᠴᠢᠯᠠᠭᠰᠠᠳ ᠤᠨ ᠪᠤᠴᠠᠬᠤ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠬᠢᠵᠦ᠂ ᠦᠷᠭᠦᠯᠵᠢᠯᠡᠨ | ᠴᠢᠩᠭ᠎ᠠ ᠪᠣᠳᠠᠲᠠᠢ ᠨᠠᠷᠢᠯᠢᠭ ᠲᠦᠷᠭᠡᠨ ᠣᠨᠣᠪᠴᠢᠲᠠᠢ ᠪᠠᠶᠢᠬᠤ ᠰᠤᠷᠲᠠᠯ ᠢᠶᠠᠷ ᠵᠣᠬᠢᠶᠠᠨ ᠪᠠᠶᠢᠭᠤᠯᠵᠤ ᠲᠤᠬᠢᠷᠠᠭᠤᠯᠬᠤ | ᠪᠠ ᠦᠢᠯᠡᠴᠢᠯᠡᠵᠦ ᠪᠠᠲᠤᠯᠠᠬᠤ ᠪᠠᠨ ᠴᠢᠩᠭᠠᠳᠬᠠᠬᠤ ᠬᠡᠷᠡᠭᠲᠡᠢ᠃ | ᠡᠮᠦᠨ᠎ᠡ ᠹᠷᠣᠨᠲ ᠤᠨ ᠬᠢᠵᠢᠭ ᠲᠠᠢ ᠲᠡᠮᠡᠴᠡᠬᠦ ᠠᠵᠢᠯᠲᠠᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠪᠠᠲᠤᠯᠠᠭ᠎ᠠ ᠶᠢᠨ ᠲᠦᠪᠰᠢᠨ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠬᠠᠯᠳᠠᠪᠤᠷᠢᠯᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠪᠠᠶᠢᠯᠳᠤᠭᠠᠨ ᠤ ᠪᠠᠶᠢᠳᠠᠯ ᠢᠶᠠᠨ ᠪᠠᠲᠤᠯᠠᠵᠤ᠂ ᠳᠠᠶᠢᠴᠢᠨ ᠰᠦᠷ | ᠬᠦᠴᠦᠨ ᠢᠶᠠᠨ ᠪᠠᠳᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ | ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠠᠯᠢᠪᠠ ᠬᠦᠴᠢᠷ ᠪᠡᠷᠬᠡᠰᠢᠶᠡᠯ | ᠪᠠ ᠥᠷᠢᠰᠥᠯᠳᠦᠭᠡᠨ ᠢ ᠡᠷᠡᠰ ᠢᠯᠠᠬᠤ ᠬᠡᠷᠡᠭᠲᠡᠶ᠃ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠵᠢᠯᠣᠭᠤᠳᠬᠤ | ᠭᠠᠵᠠᠷ ᠤᠨ ᠬᠢᠨ ᠴᠠᠭ ᠢᠮᠠᠭᠲᠠ ᠥᠨᠳᠥᠷ ᠪᠦᠲᠦᠮᠵᠢᠲᠡᠶ ᠡᠷᠭᠢᠯᠲᠡ ᠶᠢ ᠪᠠᠲᠤᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠲᠥᠪ︾᠂ ︽ᠶᠡᠭᠡ ᠲᠠᠷᠢᠬᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠠᠯᠠᠱᠠ | ᠠᠶᠢᠮᠠᠭ ᠪᠣᠯᠤᠨ ᠡᠵᠡᠨ᠎ᠡ ᠬᠤᠰᠢᠭᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠰᠠᠯᠠᠭ᠎ᠠ ᠮᠥᠴᠢᠷ ᠤᠨ ᠬᠢᠨ ᠪᠣᠳᠠᠲᠠᠶ ᠠᠳᠬᠤᠵᠤ᠂ ᠠᠵᠢᠯ ᠲᠥᠷᠥᠯ ᠢ ᠬᠠᠮᠢᠶᠠᠷᠤᠨ ᠠᠮᠤᠷ ᠲᠦᠪᠰᠢᠨ ᠢ ᠬᠠᠮᠢᠶᠠᠷᠴᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠦᠨᠡᠨ ᠬᠦ ᠪᠥᠬᠦ | ᠲᠠᠯ᠎ᠠ ᠪᠠᠷ ᠪᠣᠳᠠᠲᠠᠶ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ | ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠤ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠸᠤ ᠶᠠᠩ ᠰᠢᠶᠤᠤ ᠬᠤᠶ᠂ ᠾᠧᠩ ᠰᠢᠶᠤᠤ ᠹᠠᠨ | ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠯᠠᠱᠠ | ᠠᠶᠢᠮᠠᠭ᠂ ᠡᠵᠡᠨ᠎ᠡ ᠬᠤᠰᠢᠭᠤᠨ ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | |