ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠤᠭ᠎ᠠ ᠠᠮᠵᠢᠯᠲᠠ ᠪᠤᠯᠤᠨ ᠲᠡᠤᠬᠡ ᠶᠢᠨ ᠲᠤᠷᠰᠢᠯᠭ᠎ᠠ ᠶᠢᠨ ᠰᠢᠢᠳᠪᠤᠷᠢ︾  ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/26
     11 ᠳ᠋ᠦ᠋ᠭᠡᠷ ᠰᠠᠷ᠎ᠠ ᠶᠢᠨ 24 ᠤ ᠡᠳᠦᠷ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ 2021 ᠤᠨ ᠤ 37 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠤᠭ᠎ᠠ ᠠᠮᠵᠢᠯᠲᠠ ᠪᠤᠯᠤᠨ ᠲᠡᠤᠬᠡ ᠶᠢᠨ ᠲᠤᠷᠰᠢᠯᠭ᠎ᠠ ᠶᠢᠨ ᠰᠢᠢᠳᠪᠤᠷᠢ︾᠂ ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠤᠭ᠎ᠠ ᠠᠮᠵᠢᠯᠲᠠ ᠪᠤᠯᠤᠨ ᠲᠡᠤᠬᠡ ᠶᠢᠨ ᠲᠤᠷᠰᠢᠯᠭ᠎ᠠ ᠶᠢᠨ ᠰᠢᠢᠳᠪᠤᠷᠢ︾ ᠶᠢᠨ ᠲᠤᠳᠤᠷᠬᠠᠶᠢᠯᠠᠯᠲᠠ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠤᠳᠠᠭᠠᠨ ᠤ ᠵᠢᠷᠭᠤᠳᠤᠭᠠᠷ ᠪᠦᠭᠦᠳᠡ ᠬᠤᠷᠠᠯ ᠳᠡᠭᠡᠷ᠎ᠡ ᠬᠢᠭᠰᠡᠨ ᠮᠡᠳᠡᠭᠦᠯᠦᠯᠲᠡ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠸᠠᠩ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠵᠠᠢ᠃
     
     ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠤᠨ ᠪᠠᠶᠢᠩᠭᠤ  ᠶᠢᠨ ᠳᠡᠳ᠋ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠨᠠᠮ ᠤᠨ ᠳᠤᠭᠤᠶᠢᠯᠠᠩ ᠱᠦᠵᠢ ᠸᠠᠩ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠵᠤ ᠪᠠᠶᠢᠭ᠎ᠠ ᠨᠢ          ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠢᠶᠠᠷ ᠬᠢᠨᠠᠨ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠤᠭ᠎ᠠ ᠠᠮᠵᠢᠯᠲᠠ ᠪᠤᠯᠤᠨ ᠲᠡᠤᠬᠡ ᠶᠢᠨ ᠲᠤᠷᠰᠢᠯᠭ᠎ᠠ ᠶᠢᠨ ᠰᠢᠢᠳᠪᠤᠷᠢ︾ ᠪᠣᠯ ᠨᠢᠭᠡᠨ ᠬᠤᠪᠢ ᠮᠠᠰᠢ ᠴᠢᠬᠤᠯᠠ ᠲᠡᠤᠬᠡ ᠶᠢᠨ ᠲᠤᠭᠤᠰᠢᠯᠠᠭᠳᠠᠬᠤ ᠬᠦᠴᠦᠨ᠂ ᠦᠵᠡᠯ ᠰᠠᠨᠠᠭᠠᠨ ᠤ ᠤᠳᠤᠷᠢᠳᠬᠤ ᠬᠦᠴᠦᠨ᠂ ᠤᠯᠤᠰ ᠲᠦᠷᠦ  ᠶᠢᠨ ᠳᠠᠶᠢᠴᠢᠯᠠᠯᠲᠠ ᠶᠢᠨ ᠬᠦᠴᠦᠨ᠂ ᠴᠠᠭ ᠦᠶ᠎ᠡ ᠶᠢᠨ ᠤᠷᠢᠶᠠᠯᠠᠬᠤ ᠬᠦᠴᠦᠨ ᠪᠦᠬᠦᠢ ᠮᠠᠷᠺᠰ ᠤᠨ ᠦᠵᠡᠯ ᠤᠨ ᠬᠦᠲᠦᠯᠪᠦᠷᠢ ᠶᠢᠨ ᠴᠢᠨᠠᠷ ᠲᠠᠢ ᠰᠤᠷᠪᠤᠯᠵᠢ ᠪᠢᠴᠢᠭ ᠮᠦᠨ᠃ ᠲᠤᠰ ᠪᠢᠴᠢᠭ ᠲᠤ ︽ᠪᠢᠳᠡ ᠦᠩᠭᠡᠷᠡᠭᠰᠡᠨ ᠳᠤ ᠶᠠᠭᠠᠬᠢᠭᠠᠳ ᠠᠮᠵᠢᠯᠲᠠ ᠤᠯᠤᠭᠰᠠᠨ᠂ ᠪᠢᠳᠡ ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠤᠯᠬᠤ︾ ᠲᠤᠬᠠᠢ ᠭᠦᠨᠵᠡᠭᠡᠢ ᠵᠠᠳᠠᠯᠵᠤ᠂ ᠪᠦᠬᠦ ᠨᠠᠮ ᠢᠶᠠᠷ ᠢᠶᠠᠨ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠲᠠᠷᠠᠨ ᠪᠦᠯᠬᠦᠮᠳᠡᠵᠤ᠂ ︽ᠳᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠡᠯᠡᠭᠦᠯᠵᠤ᠂ ᠪᠦᠬᠦ ᠤᠯᠤᠰ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠴᠢᠬᠤᠯᠠ ᠶᠡᠭᠡ ᠪᠤᠳᠠᠲᠤ ᠠᠴᠢ ᠬᠤᠯᠪᠤᠭᠳᠠᠯ ᠪᠤᠯᠤᠨ ᠠᠯᠤᠰ ᠬᠡᠳᠦ ᠶᠢᠨ ᠲᠡᠤᠬᠡᠲᠤ ᠠᠴᠢ ᠬᠤᠯᠪᠤᠭᠳᠠᠯ ᠲᠠᠢ ᠶᠤᠮ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠪᠦᠬᠦ ᠤᠷᠤᠨ ᠤ ᠦᠨᠳᠦᠰᠦᠲᠡᠨ ᠤ ᠵᠦᠪᠯᠡᠯ ᠤᠨ ᠰᠢᠰᠲ᠋ᠧᠮ ᠤᠨ ᠬᠢᠨ ᠨᠠᠮ ᠤᠨ ᠠᠷᠪᠠ ᠶᠢᠰᠦᠳᠦᠭᠡᠷ ᠤᠳᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠬᠦᠨᠳᠦ ᠴᠢᠬᠤᠯᠠ ᠠᠴᠢ ᠬᠤᠯᠪᠤᠭᠳᠠᠯ ᠢ ᠭᠦᠨᠵᠡᠭᠡᠢ ᠲᠠᠨᠢᠵᠤ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠢ ᠪᠠ ᠡᠭᠦᠨ ᠠᠴᠠ ᠬᠤᠶᠢᠰᠢᠬᠢ ᠬᠡᠰᠡᠭ ᠬᠤᠭᠤᠴᠠᠭᠠᠨ ᠤ ᠬᠦᠨᠳᠦ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠴᠢᠩᠭ᠎ᠠ ᠠᠳᠬᠤᠨ ᠪᠣᠳᠠᠲᠠᠢ ᠠᠳᠬᠤᠨ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠤᠭᠰᠤᠯᠲᠠ ᠪᠠᠨ ᠦᠨᠳᠦᠷᠵᠢᠭᠦᠯᠵᠤ᠂ ᠤᠯᠤᠰ ᠲᠦᠷᠦ ᠶᠢᠨ ᠤᠬᠠᠮᠰᠠᠷ ᠢᠶᠠᠨ ᠨᠡᠮᠡᠭᠳᠡᠭᠦᠯᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠨᠢᠭᠡᠲᠦᠯᠲᠡᠢ ᠲᠦᠯᠦᠪᠯᠡᠨ ᠤᠳᠤᠷᠢᠳᠬᠤ ᠪᠠᠨ ᠴᠢᠩᠭᠠᠷᠠᠭᠤᠯᠤᠨ᠂ ᠨᠠᠷᠢᠯᠢᠭ ᠵᠤᠬᠢᠶᠠᠨ ᠪᠠᠶᠢᠭᠤᠯᠤᠨ ᠲᠣᠬᠢᠷᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠲᠠᠢ ᠤᠶᠠᠯᠳᠤᠭᠤᠯᠵᠤ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠯ᠎ᠡ ᠲᠦᠷᠦᠯ ᠤᠨ ᠠᠵᠢᠯ ᠢ ᠨᠢᠮᠪᠠᠢ ᠠᠳᠬᠤᠵᠤ᠂ ᠲᠡᠤᠬᠡ ᠶᠢ ᠰᠤᠷᠤᠯᠴᠠᠨ ᠶᠤᠰᠤᠨ ᠢ ᠤᠬᠠᠵᠤ᠂ ᠲᠡᠤᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠨ ᠶᠤᠰᠤ ᠮᠤᠷᠠᠯ ᠢ ᠳᠡᠭᠡᠳᠦᠯᠡᠬᠦ᠂ ᠲᠡᠤᠬᠡ ᠶᠢ ᠰᠤᠷᠤᠯᠴᠠᠨ ᠴᠢᠷᠮᠠᠶᠢᠨ ᠤᠷᠤᠭᠰᠢᠯᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠨᠠᠷᠢᠯᠢᠭ ᠰᠤᠷᠤᠯᠴᠠᠨ ᠭᠦᠨᠵᠡᠭᠡᠢ ᠤᠬᠠᠵᠤ᠂ ᠤᠷᠢᠳ ᠢᠶᠠᠷ ᠰᠤᠷᠤᠯᠴᠠᠨ᠂ ᠤᠷᠢᠳ ᠢᠶᠠᠷ ᠭᠦᠨᠵᠡᠭᠡᠶᠢᠷᠡᠵᠦ᠂ ᠳᠤᠲᠤᠭᠠᠳᠤ ᠠᠭᠤᠯᠤᠭᠳᠠᠬᠤᠨ ᠤ ᠴᠢᠬᠤᠯᠠ ᠦᠵᠡᠯ ᠰᠠᠨᠠᠭ᠎ᠠ ᠦᠵᠡᠯᠲᠡ᠂ ᠴᠢᠬᠤᠯᠠ ᠲᠡᠤᠬᠡ ᠶᠢᠨ ᠲᠤᠷᠰᠢᠯᠭ᠎ᠠ᠂ ᠴᠢᠬᠤᠯᠠ ᠪᠠᠶᠢᠷᠢᠭᠤᠯᠤᠯᠲᠠ ᠶᠢᠨ ᠱᠠᠭᠠᠷᠳᠠᠯᠭ᠎ᠠ ᠶᠢ ᠨᠡᠪᠲᠡᠷᠡᠲᠡᠯ᠎ᠡ ᠤᠬᠠᠵᠤ᠂ ᠤᠨᠤᠪᠴᠢᠲᠠᠢ ᠡᠵᠡᠮᠳᠡᠵᠦ ᠲᠤᠬᠢᠲᠠᠢ ᠬᠡᠷᠡᠭᠯᠡᠬᠦ ᠬᠡᠷᠡᠭᠲᠡᠢ︔ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠨᠡᠪᠲᠡᠷᠡᠲᠡᠯ᠎ᠡ ᠣᠶᠢᠯᠠᠭᠠᠵᠤ ᠲᠤᠭᠤᠰᠢᠲᠠᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠤᠳᠠᠭᠠᠨ ᠳᠠᠭᠠᠭᠠᠮᠠᠭᠠᠢ ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠰᠤᠷᠴᠤ ᠰᠡᠳᠬᠢᠵᠦ ᠦᠢᠯᠡᠳᠦᠯᠭᠡᠵᠢᠭᠦᠯᠵᠦ ᠤᠬᠠᠬᠤ᠂ ᠰᠤᠷᠤᠯᠴᠠᠯᠭ᠎ᠠ ᠦᠢᠯᠡᠳᠦᠯᠭᠡ ᠪᠠᠨ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠨᠠᠮ  ᠤᠨ ᠲᠡᠮᠡᠴᠡᠯ ᠤᠨ ᠲᠡᠤᠬᠡᠨ ᠶᠠᠪᠤᠴᠠ ᠳᠤᠮᠳᠠ ᠠᠴᠠ ᠤᠶᠤᠨ ᠤᠬᠠᠭᠠᠨ ᠪᠤᠯᠤᠨ ᠬᠦᠴᠦᠨ ᠴᠢᠳᠠᠯ   ᠢ ᠦᠨᠡᠨ ᠬᠦ ᠰᠢᠩᠭᠡᠭᠡᠨ ᠠᠪᠴᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ ᠵᠤᠷᠢᠭ ᠢᠶᠠᠨ ᠨᠡᠮᠡᠭᠳᠡᠭᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ  ᠰᠢᠵᠢᠮ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠬᠤᠷᠠᠯ ᠤᠨ ᠠᠬᠤᠢ ᠲᠠᠯᠠᠪᠠᠢ          ᠬᠤᠷᠠᠯ ᠠᠴᠠ ᠪᠠᠰᠠ ᠦᠭᠡᠷ᠎ᠡ ᠵᠦᠢᠯ ᠢ ᠰᠤᠳᠤᠯᠤᠨ ᠶᠠᠷᠢᠯᠴᠠᠵᠠᠢ᠃      ᠦᠪᠡᠷᠲᠡᠭᠡᠨ ᠵᠠᠰᠠᠬᠤ ᠤᠷᠤᠨ ᠤ ᠰᠠᠬᠢᠯᠠᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠲᠤ ᠲᠤᠮᠢᠯᠠᠨ ᠰᠠᠭᠤᠭ᠎ᠠ ᠰᠠᠬᠢᠯᠠᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠭᠡᠰᠢᠭᠦᠨ ᠬᠤᠷᠠᠯ ᠳᠤ ᠰᠤᠯᠠ ᠣᠷᠣᠯᠴᠠᠵᠤ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡ ᠬᠤᠶᠠᠳᠤᠭᠠᠷ ᠳᠡᠰ ᠤᠨ ᠲᠤᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠡᠯ᠎ᠡ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ