ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ
ᠨᠡᠶᠢᠲᠡᠯᠡᠭᠰᠡᠨ ᠴᠠᠭ᠄
2021/11/26
 
3.jpg    
      ᠳᠡᠳ᠋ ᠡᠷᠬᠢᠯᠡᠭᠴᠢ      ᠶᠦᠨ ᠭᠦᠸᠧ ᠱᠧᠩ          ᠠᠵᠢᠯ ᠤᠨ ᠬᠤᠪᠢᠶᠠᠷᠢᠯᠠᠯ            ᠭᠤᠤ ᠵᠠᠨ ᠱᠧᠩ ᠨᠥᠬᠦᠷ ᠢ ᠬᠠᠪᠰᠤᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠭᠦᠳᠦᠨ ᠪᠠᠶᠢᠭᠤᠯᠤᠯᠲᠠ︔ ᠦᠨᠳᠦᠰᠦᠲᠡᠨ ᠤ ᠠᠵᠢᠯ ᠢ ᠱᠠᠭᠠᠷᠳᠠᠨ ᠪᠠᠶᠢᠴᠠᠭᠠᠬᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠲᠣᠭᠲᠠᠭᠤᠨ ᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ︔ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠪᠠ ᠨᠡᠶᠢᠭᠡᠮ ᠤᠨ ᠤᠶᠢᠯᠡᠰ ᠤᠨ ᠬᠥᠭᠵᠢᠯᠲᠡ ᠵᠢᠴᠢ ᠦᠨᠳᠦᠰᠦᠲᠡᠨ ᠤ ᠰᠣᠳᠤᠷ ᠪᠢᠴᠢᠭ ᠢ ᠴᠤᠭᠯᠠᠭᠤᠯᠤᠨ ᠡᠮᠬᠢᠳᠬᠡᠵᠦ ᠬᠡᠪᠯᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠦ᠂ ᠬᠢᠨᠠᠨ ᠪᠠᠶᠢᠴᠠᠭᠠᠬᠤ ᠭᠠᠵᠠᠷ᠂ ᠠᠵᠤ ᠠᠬᠤᠶ ᠶᠢᠨ ᠬᠥᠭᠵᠢᠯᠲᠡ ᠶᠢᠨ ᠭᠠᠵᠠᠷ᠂ ᠨᠡᠶᠢᠭᠡᠮ ᠤᠨ ᠬᠥᠭᠵᠢᠯᠲᠡ ᠶᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠰᠤᠳᠤᠯᠬᠤ ᠲᠠᠰᠤᠭ ᠢ ᠬᠤᠪᠢᠳᠠᠨ ᠬᠠᠮᠢᠶᠠᠷᠤᠨ᠎ᠠ᠃            ᠲᠣᠪᠴᠢ ᠨᠠᠮᠲᠠᠷ            ᠶᠦᠨ ᠭᠦᠸᠧ ᠱᠧᠩ᠂ ᠡᠷᠡᠭᠲᠡᠶ᠂ ᠮᠣᠩᠭᠤᠯ ᠦᠨᠳᠦᠰᠦᠲᠡᠨ᠂ 1965 ᠣᠨ ᠤ 3 ᠳ᠋ᠤᠭᠠᠷ ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠤᠶᠤᠳᠠᠨ ᠡᠷᠳᠡᠮ ᠤᠨ ᠴᠤᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ