ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/3
     11 ᠳ᠋ᠦ᠋ᠬᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 34 ᠳ᠋ᠦ᠋ᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠸᠠᠩ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠵᠤ ᠪᠠᠶᠢᠭ᠎ᠠ ᠨᠢ        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠦᠨᠳᠦᠰᠦᠲᠡᠨ ᠤ ᠵᠥᠪᠯᠡᠯ ᠤᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠤᠳᠤᠯᠤᠨ ᠨᠠᠷᠢᠯᠢᠬᠵᠢᠭᠤᠯᠵᠤ᠂ ᠡᠭᠦᠷᠭᠡ ᠬᠠᠷᠢᠭᠤᠴᠠᠯᠭ᠎ᠠ  ᠪᠠᠨ ᠭᠦᠶᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠵᠦᠶᠯ  ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠦᠨᠳᠦᠰᠦᠲᠡᠨ  ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠨᠳᠦᠰᠦᠲᠡᠨ ᠤ ᠵᠥᠪᠯᠡᠯ ᠤᠨ ᠰᠢᠨ᠎ᠡ ᠬᠤᠪᠢ ᠨᠡᠮᠡᠷᠢ ᠶᠢ ᠦᠵᠡᠭᠦᠯᠬᠦ ᠬᠡᠷᠡᠭᠲᠡᠶ ᠭᠡᠵᠦ ᠵᠢᠭᠠᠪᠠ᠃      ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ᠂ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠤᠯᠤᠰ ᠤᠷᠤᠨ ᠤ ᠠᠮᠤᠷ ᠲᠦᠪᠰᠢᠨ ᠪᠠ ᠨᠢᠭᠡᠳᠦᠯ ᠢ ᠬᠠᠮᠠᠭᠠᠯᠠᠬᠤ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ᠂ ᠦᠨᠳᠦᠰᠦ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠪᠠ ᠱᠠᠭᠠᠷᠳᠠᠯᠭᠠᠳᠤ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ︽ᠳᠥᠷᠪᠡᠨ ᠬᠠᠮᠲᠤ︾ ᠶᠢᠨ ᠲᠡᠦᠬᠡ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠳᠤᠳᠬᠠᠬᠤ ᠬᠡᠷᠡᠭᠲᠡᠶ ᠬᠡᠵᠤ ᠵᠢᠭᠠᠪᠠ᠃      ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ᠂ ᠤᠯᠤᠰ ᠲᠦᠷᠦ ᠶᠢᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠬᠠᠷᠭᠤᠭᠤᠯᠤᠨ᠂ ᠦᠨᠳᠦᠰᠦᠲᠡᠨ ᠤ ᠵᠥᠪᠯᠡᠯ ᠤᠨ ᠡᠬᠦᠷᠬᠡᠯᠡᠵᠤ ᠪᠠᠶᠢᠭ᠎ᠠ ᠡᠭᠦᠷᠭᠡ ᠪᠠᠨ ᠴᠡᠭᠴᠡᠯᠡᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠶᠢ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠱᠠᠭᠠᠷᠳᠠᠨ ᠪᠠᠶᠢᠴᠠᠭᠠᠵᠤ ᠲᠤᠬᠢᠷᠠᠭᠤᠯᠤᠯᠳᠠ ᠬᠢᠬᠦ ᠪᠠᠨ ᠴᠢᠩᠭᠠᠳᠬᠠᠵᠤ᠂ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃      ᠬᠤᠷᠠᠯ ᠠᠴᠠ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠳᠤ ︽ᠶᠡᠭᠡ ᠰᠤᠷᠪᠤᠯᠵᠢᠯᠠᠭ᠎ᠠ ᠬᠢᠬᠦ᠂ ᠶᠡᠭᠡ ᠪᠠᠶᠢᠴᠠᠭᠠᠨ ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠵᠠᠭᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ  ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ‍ ᠨᠢᠭᠡ ᠵᠦᠶᠯ ᠤᠨ ᠪᠣᠳᠠᠲᠠᠶ ᠠᠷᠭ᠎ᠠ ᠬᠡᠮᠵᠢᠶ᠎ᠡ ᠮᠥᠨ᠂ ᠡᠨᠡ ᠬᠦ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠬᠢᠵᠦ᠂ ᠬᠡᠯᠪᠡᠷᠢ ᠶᠢᠨ ᠲᠡᠳᠦᠶ ᠬᠢᠬᠦ ᠠᠴᠠ ᠰᠡᠷᠭᠡᠶᠢᠯᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠱᠠᠲᠤ ᠳᠠᠷᠠᠭᠠᠯᠠᠨ ᠠᠬᠢᠭᠤᠯᠵᠤ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠵᠠᠷᠯᠠᠨ ᠨᠡᠶᠢᠳᠡᠯᠡᠬᠦ ᠳᠦᠷᠢᠮ ᠢ ᠪᠠᠶᠢᠭᠤᠯᠵᠤ᠂ ᠡᠯ᠎ᠡ ᠭᠠᠵᠠᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤ ᠨᠢ ᠲᠤᠰᠬᠠᠵᠤ᠂ ︽ᠵᠠᠭᠤᠨ ᠡᠳᠦᠷ ᠤᠨ ᠠᠵᠢᠯᠯᠠᠭ᠎ᠠ︾ ᠳᠤ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃
      ᠬᠤᠷᠠᠯ ᠤᠨ ᠠᠬᠤᠢ ᠲᠠᠯᠠᠪᠠᠢ             ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ  ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ