11 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠯᠪᠠᠨ ᠬᠡᠷ | ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ | ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ 11 ᠳ᠋ᠦ᠋ᠭᠡᠷ ᠰᠠᠷ᠎ᠠ ᠶᠢᠨ 2 ᠤᠨ ᠡᠳᠦᠷ ᠤᠨ 12 ᠴᠠᠭ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠡᠭᠦᠯᠵᠢᠵᠦ ᠡᠮᠨᠡᠯᠭᠡ ᠠᠴᠠ ᠭᠠᠷᠤᠭᠰᠠᠨ ᠲᠣᠰ ᠭᠠᠵᠠᠷ ᠤᠨ | ᠲᠣᠳᠣᠯᠠᠭᠰᠠᠨ 2 ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠵᠦ᠂ ᠨᠡᠶᠢᠲᠡ 14 ᠡᠪᠡᠳᠴᠢᠲᠡᠨ ᠡᠷᠡᠭᠦᠯᠵᠢᠵᠦ | ᠡᠮᠨᠡᠯᠭᠡ ᠠᠴᠠ ᠭᠠᠷᠪᠠ᠃ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 159 ᠪᠠᠶᠢᠵᠤ᠂ | ᠡᠭᠦᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠣᠭᠤᠷᠢᠭ ᠲᠤ 1 ᠪᠣᠶ︔ | ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 15 ᠪᠣᠶ︔ ᠣᠷᠳᠣᠰ ᠬᠤᠲᠠ ᠶᠢᠨ ᠡᠵᠡᠨ ᠬᠤᠷᠤᠭ᠎ᠠ | ᠬᠤᠰᠢᠭᠤᠨ ᠳᠤ 1 ᠪᠣᠶ︔ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 139᠂ ᠠᠯᠠᠱᠠ ᠵᠡᠭᠦᠨ ᠬᠤᠰᠢᠭᠤᠨ ᠳᠤ | 1 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8 ᠪᠤᠢ᠃ ᠪᠣᠢ | ᠪᠦᠬᠦᠢ ᠲᠣᠳᠣᠯᠠᠭᠰᠠᠨ ᠡᠪᠡᠳᠴᠢᠨ ᠤ ᠵᠢᠱᠢᠶ᠎ᠡ ᠶᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠪᠣᠶ ᠪᠥᠬᠦᠶ ᠡᠷᠡᠭᠦᠯᠵᠢᠵᠦ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠶᠢ ᠴᠥᠮ | ᠲᠣᠭᠲᠠᠭᠰᠠᠨ ᠲᠠᠯᠠᠪᠤᠷ ᠲᠤ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠦ ᠶᠢᠨ ᠪᠠᠶᠢᠳᠠᠯ ᠢ ᠨᠢ ᠬᠢᠨᠠᠨ ᠰᠢᠨᠵᠢᠯᠡᠵᠦ᠂ | ᠪᠣᠶ ᠪᠥᠬᠦᠶ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃ | ᠬᠠᠯᠳᠠᠪᠤᠷᠢᠲᠤ ᠡᠪᠡᠳᠴᠢᠨ ᠤ ᠡᠬᠢ ᠡᠭᠦᠰᠦᠯ ᠢ ᠨᠢ ᠵᠢᠭᠰᠠᠭᠠᠨ ᠪᠠᠶᠢᠴᠠᠭᠠᠬᠤ ᠲᠠᠯ᠎ᠠ ᠪᠠᠷ᠂ 11 ᠳ᠋ᠦ᠋ᠭᠡᠷ | ᠰᠠᠷ᠎ᠠ ᠶᠢᠨ 2 ᠤᠨ ᠡᠳᠦᠷ ᠤᠨ 12 ᠴᠠᠭ ᠪᠣᠯᠲᠠᠯ᠎ᠠ᠂ ᠨᠡᠶᠢᠲᠡ 4046 ᠨᠢᠭᠲᠠ ᠣᠶᠢᠷᠠᠲᠤᠭᠰᠠᠳ ᠢ ᠵᠢᠭᠰᠠᠭᠠᠨ | ᠪᠠᠶᠢᠴᠠᠭᠠᠵᠤ᠂ 170 ᠬᠥᠮᠦᠨ ᠤ ᠲᠤᠰᠠᠭᠠᠷᠯᠠᠯ ᠢ ᠦᠭᠡᠶᠢᠰᠬᠡᠪᠡ︔ ᠨᠡᠶᠢᠲᠡ 5512 ᠨᠢᠭᠲᠠ ᠤᠢᠢᠷᠠᠳᠤᠭᠰᠠᠳ ᠤᠨ | ᠨᠢᠭᠲᠠ ᠤᠢᠢᠷᠠᠳᠤᠭᠰᠠᠳ ᠢ ᠵᠢᠭᠰᠠᠭᠠᠨ ᠪᠠᠶᠢᠴᠠᠭᠠᠵᠤ᠂ 1018 ᠬᠥᠮᠦᠨ ᠤ ᠲᠤᠰᠠᠭᠠᠷᠯᠠᠯ ᠢ ᠦᠭᠡᠶᠢᠰᠬᠡᠪᠡ᠃ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠠᠯ᠎ᠠ ᠪᠠᠷ᠂ ᠡᠵᠡᠨ᠎ᠡ ᠬᠤᠰᠢᠭᠤ 11 ᠳ᠋ᠦ᠋ᠭᠡᠷ ᠰᠠᠷ᠎ᠠ ᠶᠢᠨ | 2 ᠤᠨ ᠡᠳᠦᠷ ᠤᠨ 6 ᠴᠠᠭ ᠲᠤ ᠶᠢᠰᠦᠳᠦᠭᠡᠷ ᠡᠭᠡᠯᠵᠢ ᠶᠢᠨ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠪᠠᠨ ᠡᠬᠢᠯᠡᠭᠦᠯᠵᠦ᠂ 12 ᠴᠠᠭ ᠪᠣᠯᠲᠠᠯ᠎ᠠ ᠨᠡᠶᠢᠲᠡ 28825 ᠬᠥᠮᠦᠨ ᠤᠳᠠᠭ᠎ᠠ ᠥᠯᠢᠭᠡᠷ ᠠᠪᠤᠭᠰᠠᠨ | ᠪᠠᠶᠢᠨ᠎ᠠ᠃ ᠡᠷᠢᠶᠡᠨ ᠬᠤᠲᠠ ᠶᠢᠨ ᠬᠢᠨ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ ᠪᠤᠢ᠃ ᠬᠥᠬᠡᠬᠤᠲᠠ ᠨᠢᠭᠡᠨᠲᠡ ᠬᠠᠷᠢᠶ᠎ᠠ ᠣᠷᠣᠨ ᠤ | ᠭᠤᠤᠯᠳᠠᠯᠭ᠎ᠠ ᠲᠠᠢ ᠣᠷᠣᠨ ᠪᠦᠰᠡ ᠶᠢᠨ ᠭᠠᠳᠠᠭᠤᠷ ᠲᠣᠭᠤᠷᠢᠭ ᠤᠨ 5 ᠬᠤᠰᠢᠭᠤ ᠰᠢᠶᠠᠨ ᠤ ᠶᠡᠭᠡ ᠬᠡᠪᠴᠢᠶᠡᠨ ᠤ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠠᠵᠢᠯ ᠢᠶᠠᠨ ᠪᠡᠶᠡᠯᠡᠭᠦᠯᠵᠦ᠂ ᠨᠡᠶᠢᠲᠡ 789837 ᠬᠥᠮᠦᠨ | ᠤᠳᠠᠭ᠎ᠠ ᠪᠠᠶᠢᠴᠠᠭᠠᠨ ᠰᠢᠨᠵᠢᠯᠡᠵᠦ᠂ ᠪᠠᠶᠢᠴᠠᠭᠠᠯᠲᠠ ᠶᠢᠨ ᠳ᠋ᠦᠩ ᠨᠢ ᠴᠥᠮ ᠪᠢᠯᠢᠭ ᠴᠢᠨᠠᠷ ᠲᠠᠢ᠃ | ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠪᠤᠷᠠᠨ ᠵᠠᠰᠠᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠲᠤᠬᠠᠢ ᠶᠢᠨ ᠭᠠᠵᠠᠷ ᠤᠨ ᠣᠨᠣᠰᠢᠯᠠᠭᠰᠠᠨ 159 ᠡᠪᠡᠳᠴᠢᠨ ᠤ | ᠵᠢᠱᠢᠶ᠎ᠡ ᠶᠢ ᠬᠦᠯᠢᠶᠡᠨ ᠠᠪᠴᠤ ᠡᠮᠴᠢᠯᠡᠪᠡ᠃ ᠡᠭᠦᠨ ᠳᠤ ᠬᠦᠨᠳᠦ ᠲᠦᠭᠰᠢᠭᠦᠷᠢᠲᠡᠶ ᠡᠪᠡᠳᠴᠢᠲᠡᠨ 1᠂ ᠬᠦᠨᠳᠦ | ᠡᠪᠡᠳᠴᠢᠲᠡᠨ 10᠂ ᠡᠩ ᠤᠨ ᠡᠪᠡᠳᠴᠢᠲᠡᠨ 64᠂ ᠬᠥᠩᠭᠡᠨ ᠡᠪᠡᠳᠴᠢᠲᠡᠨ 84 ᠪᠣᠶ᠃ ᠣᠳᠣᠬᠠᠨ ᠳᠤ | ᠡᠪᠡᠳᠴᠢᠲᠡᠨ ᠤ ᠡᠪᠡᠳᠴᠢᠨ ᠤ ᠪᠠᠶᠢᠳᠠᠯ ᠶᠡᠷᠦᠩᠬᠡᠶ ᠳᠤ ᠪᠠᠨ ᠲᠣᠭᠲᠠᠪᠤᠷᠢᠲᠠᠢ ᠪᠠᠶᠢᠨ᠎ᠠ᠃ | ᠡᠵᠡᠨ᠎ᠡ ᠬᠤᠰᠢᠭᠤᠨ ᠳᠤ ᠦᠯᠡᠳᠡᠵᠦ ᠬᠤᠴᠣᠷᠣᠭᠰᠠᠨ ᠵᠤᠭᠠᠴᠠᠭᠰᠠᠳ ᠢ ᠰᠢᠯᠵᠢᠭᠦᠯᠦᠨ ᠵᠥᠭᠡᠭᠡᠪᠦᠷᠢᠯᠡᠬᠦ | ᠲᠠᠯ᠎ᠠ ᠪᠠᠷ᠂ ᠤᠳᠤ ᠪᠣᠯᠲᠠᠯ᠎ᠠ᠂ ᠡᠵᠡᠨ᠎ᠡ ᠬᠤᠰᠢᠭᠤᠨ ᠳᠤ ᠦᠯᠡᠳᠡᠵᠦ ᠬᠤᠴᠣᠷᠤᠭᠰᠠᠨ ᠨᠡᠶᠢᠳᠡ 9553 | ᠵᠤᠭᠠᠴᠠᠭᠰᠠᠳ ᠢ ᠰᠢᠯᠵᠢᠭᠦᠯᠦᠨ ᠵᠥᠭᠡᠭᠡᠪᠦᠷᠢᠯᠡᠵᠦ᠂ ᠵᠤᠭᠠᠴᠠᠭᠰᠠᠳ ᠢ ᠰᠢᠯᠵᠢᠭᠦᠯᠦᠨ ᠵᠥᠭᠡᠭᠡᠪᠦᠷᠢᠯᠡᠬᠦ ᠠᠵᠢᠯ | ᠳᠠᠭᠤᠰᠪᠠ᠃ | ᠲᠠᠷᠠᠭᠠᠴᠢ ᠶᠢᠨ ᠠᠯᠬᠤᠮ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠲᠣᠭᠲᠠᠴᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠠᠵᠢᠯᠯᠠᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ | ᠥᠬᠡᠶ ᠪᠠᠷ ᠴᠢᠩᠭ᠎ᠠ᠂ ᠪᠣᠳᠠᠲᠠᠶ ᠪᠥᠭᠡᠳ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ |