ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/5
     11 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 35 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠸᠠᠩ ᠵᠢᠶᠦ᠋ᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ  ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠢ ᠡᠷᠬᠢᠯᠡᠵᠤ ᠶᠠᠷᠢᠶ᠎ᠠ ᠲᠠᠯᠪᠢᠵᠤ ᠪᠠᠶᠢᠭ᠎ᠠ ᠨᠢ              ᠬᠤᠷᠠᠯ ᠠᠴᠠ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠃ ᠶᠡᠷᠦᠩᠬᠡᠶ ᠱᠦᠵᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠶ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢᠨ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠣᠨᠣᠪᠴᠢᠲᠠᠶ ᠤᠶᠢᠯᠠᠭᠠᠨ ᠡᠵᠡᠮᠰᠢᠵᠦ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠣᠪᠣᠷ ᠨᠢ ᠣᠨᠴᠠᠭᠠᠢ ᠡᠷᠡᠰ ᠰᠢᠭᠤᠷᠬᠠᠢ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠨᠢ ᠣᠨᠴᠠᠭᠠᠢ ᠰᠡᠷᠭᠡᠭ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯᠯᠠᠭ᠎ᠠ ᠨᠢ ᠣᠨᠴᠠᠭᠠᠢ ᠡᠷᠡᠰ ᠪᠠᠲᠤ᠂ ᠦᠨᠳᠦᠰᠦᠲᠡᠨ ᠨᠦᠭᠦᠳ ᠢ ᠬᠠᠶᠢᠷᠠᠯᠠᠬᠤ ᠬᠠᠶᠢᠷ᠎ᠠ ᠰᠡᠳᠬᠢᠯᠭᠡ ᠨᠢ ᠣᠨᠴᠠᠭᠠᠢ ᠦᠨᠡᠨᠴᠢ ᠪᠠᠶᠢᠬᠤ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ ᠴᠢᠷᠮᠠᠶᠢᠨ ᠬᠥᠮᠦᠵᠢᠭᠦᠯᠵᠦ ᠰᠣᠩᠭᠤᠨ ᠪᠣᠯᠪᠠᠰᠤᠷᠠᠭᠤᠯᠬᠤ ᠬᠡᠷᠡᠭᠲᠡᠢ ᠬᠡᠵᠤ ᠵᠢᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠵᠢᠯᠣᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ ᠪᠣᠯᠤᠨ ᠭᠤᠣᠯ ᠠᠵᠢᠯ ᠢ ᠲᠣᠳᠣᠷᠬᠠᠢ ᠳᠤᠷᠠᠳᠴᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠠᠬᠢᠭᠤᠯᠤᠨ᠂ ᠠᠮᠢᠳᠤ ᠴᠣᠪᠣᠭᠤᠯᠢᠭ ᠪᠥᠭᠡᠳ ᠲᠤᠭᠳᠠᠭᠤᠨ ᠨᠢᠭᠳᠠᠷᠠᠯ ᠲᠠᠢ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠤ ᠵᠢᠭᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ᠂ ᠳᠡᠯᠡᠬᠡᠶ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠪᠠ ᠵᠢᠮ᠎ᠡ ᠶᠣᠰᠣ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠠᠳᠠᠯᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶ ᠳᠤᠷᠠᠳᠴᠤ᠂ ᠪᠢᠳᠡᠨ ᠳᠤ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠴᠠᠭ ᠦᠶ᠎ᠡ ᠶᠢᠨ ᠡᠮᠦᠨ᠎ᠡ ᠡᠩᠨᠡᠭᠡᠨ ᠳᠤ ᠵᠣᠭᠰᠣᠵᠤ᠂ ᠮᠡᠳᠡᠭᠡ ᠵᠠᠩᠭᠢᠴᠢᠯᠠᠯᠲᠠ ᠶᠢᠨ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠰᠠᠨᠠᠭᠠᠴᠢᠯᠠᠭ᠎ᠠ ᠠᠴᠠ ᠪᠠᠨ ᠰᠤᠷᠤᠯᠴᠠᠯᠭ᠎ᠠ ᠪᠠᠨ ᠴᠢᠩᠭᠠᠳᠬᠠᠵᠤ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠲᠣᠭᠠᠴᠢᠯᠠᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠬᠥᠳᠡᠯᠭᠡᠬᠦ ᠬᠦᠴᠦᠨ ᠢ ᠨᠡᠮᠡᠷᠢᠯᠡᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ  ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ  ᠭᠠᠵᠠᠷ ᠠᠯᠪᠠᠨ ᠭᠡᠷ᠂ ᠬᠠᠷᠢᠶ᠎ᠠ ᠨᠢᠭᠡᠴᠢ ᠨᠦᠭᠦᠳ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠶᠢ ᠡᠬᠦᠷᠬᠡᠯᠡᠬᠦ︾ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠥᠮ ᠴᠢᠩᠭ᠎ᠠ ᠪᠠᠶᠢᠬᠤ︾ ᠶᠢ ᠪᠠᠷᠢᠮᠲᠠᠯᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠮ ᠴᠢᠨᠠᠭᠰᠢᠳᠠ ᠡᠭᠦᠷᠭᠡ ᠴᠢᠳᠠᠪᠬᠢ ᠪᠠᠨ ᠬᠤᠪᠢᠷᠠᠭᠤᠯᠵᠤ᠂ ᠠᠷᠭ᠎ᠠ ᠬᠡᠯᠪᠡᠷᠢ  ᠪᠠᠨ ᠬᠤᠪᠢᠷᠠᠭᠤᠯᠵᠤ᠂ ᠰᠤᠷᠲᠠᠯ ᠢᠶᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠦᠨᠳᠦᠰᠦᠲᠡᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠶᠠᠷᠢᠯᠴᠠᠵᠠᠢ᠃
      ᠬᠤᠷᠠᠯ ᠤᠨ ᠠᠬᠤᠢ ᠲᠠᠯᠠᠪᠠᠢ            ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ  ᠶᠢᠨ ᠡᠯ᠎ᠡ ᠭᠠᠵᠠᠷ ᠠᠯᠪᠠᠨ ᠭᠡᠷ᠂ ᠵᠥᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ