11 ᠳ᠋ᠦ᠋ᠬᠡᠷ ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ | ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠰᠠᠶᠢᠵᠢᠷᠠᠭᠤᠯᠤᠨ ᠴᠢᠩᠭᠠᠳᠬᠠᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ | ᠤ ᠦᠨᠳᠦᠰᠦᠲᠡᠨ ᠤ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ | ᠦᠨᠳᠦᠰᠦᠲᠡᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ | ᠡᠷᠬᠢᠯᠡᠪᠡ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶᠠᠨ ᠤ | ᠡᠷᠬᠢᠯᠡᠭᠴᠢ ᠰᠢᠤᠢ ᠵᠦᠸᠧ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠤ᠋ ᠴᠧᠩ᠂ | ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ᠂ | ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠠᠶᠢᠮᠠᠭ | ᠤᠨ ᠰᠢᠭᠦᠬᠦ ᠬᠤᠷᠢᠶᠠᠨ ᠤ ᠳᠠᠷᠤᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠳᠠᠷᠤᠭ᠎ᠠ ᠵᠢᠴᠢ ᠬᠢᠩᠭᠠᠨ | ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠬᠤᠷᠠᠯ ᠳᠤ ᠣᠷᠣᠯᠴᠠᠪᠠ᠃ | ᠵᠠᠩ ᠰᠢᠶᠤᠤ ᠪᠢᠩ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠨᠢ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠦᠨᠳᠦᠰᠦᠨ ᠴᠢᠨᠠᠷᠲᠠᠶ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ᠂ | ᠦᠨᠳᠦᠰᠦᠨ ᠵᠢᠷᠤᠮᠯᠠᠯ ᠢ ᠬᠠᠩᠭᠠᠪᠠ᠃ ᠪᠦᠬᠦ ᠠᠶᠢᠮᠠᠭ ᠤᠨ ᠡᠯ᠎ᠡ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ | ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠡᠷᠬᠡᠪᠰᠢ | ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠦᠨᠳᠦᠰᠦᠲᠡᠨ ᠤ ᠠᠰᠠᠭᠤᠳᠠᠯ ᠢ ᠵᠠᠳᠠᠯᠤᠨ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ | ᠪᠠᠨ ᠦᠨᠡᠨ ᠬᠦ ᠳᠡᠭᠡᠭᠰᠢᠯᠡᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠦᠨᠡᠨ ᠰᠡᠳᠬᠢᠯ ᠠᠴᠠ ᠪᠠᠨ ᠬᠠᠮᠠᠭᠠᠯᠠᠵᠤ᠂ ᠮᠠᠨ ᠤ | ᠠᠶᠢᠮᠠᠭ ᠤᠨ ᠦᠨᠳᠦᠰᠦᠲᠡᠨ ᠤ ᠠᠵᠢᠯ ᠤᠨ ᠦᠷᠭᠦᠯᠵᠢᠯᠡᠨ ᠪᠦᠬᠦ ᠤᠯᠤᠰ ᠪᠦᠬᠦ ᠣᠷᠣᠨ ᠤ ᠡᠮᠦᠨ᠎ᠡ ᠡᠩᠨᠡᠭᠡᠨ ᠳᠤ | ᠶᠠᠪᠤᠬᠤ ᠶᠢ ᠲᠦᠯᠬᠢᠨ ᠠᠬᠢᠭᠤᠯᠬᠤ ᠬᠡᠷᠡᠭᠲᠡᠢ ᠬᠡᠵᠤ ᠵᠢᠭᠠᠪᠠ᠃ | ᠵᠠᠩ ᠰᠢᠶᠤᠤ ᠪᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠨᠡ ᠬᠦ ᠭᠤᠤᠯ ᠰᠢᠵᠢᠮ ᠢ | ᠦᠨᠳᠦᠰᠦᠲᠡᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠵᠶ᠋ᠡᠨᠲ᠋ᠦ᠋ᠯᠬᠢᠨ | ᠤᠷᠤᠭᠰᠢᠯᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠵᠡᠯ ᠰᠠᠨᠠᠭᠠᠨ ᠤ ᠰᠠᠭᠤᠷᠢ ᠶᠢ | ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ | ᠲᠡᠶᠢᠰᠢ ᠬᠠᠮᠲᠤ ᠪᠠᠷ ᠤᠷᠤᠭᠰᠢᠯᠠᠬᠤ ᠵᠢᠲ᠋ᠦ᠋ᠯᠬᠢᠨ ᠠᠬᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠠ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ | ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ | ᠰᠠᠭᠤᠷᠢᠰᠢᠵᠤ ᠬᠠᠮᠲᠤ ᠪᠠᠷ ᠰᠤᠷᠤᠯᠴᠠᠵᠤ᠂ ᠬᠠᠮᠲᠤ ᠪᠠᠷ ᠪᠦᠲᠦᠭᠡᠨ ᠪᠠᠶᠢᠭᠤᠯᠵᠤ᠂ ᠬᠠᠮᠳᠤ ᠪᠠᠷ ᠡᠳ᠋ᠯᠡᠵᠤ ᠬᠠᠮᠲᠤ ᠪᠠᠷ | ᠠᠵᠢᠯᠯᠠᠵᠤ᠂ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠶᠡᠭᠡ ᠪᠠᠷ ᠪᠤᠢ ᠪᠣᠯᠭᠠᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠨᠡᠶᠢᠭᠡᠮ | ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ | ᠶᠢᠨ ᠲᠤᠭᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ | ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠠᠤᠯᠢ ᠪᠠᠷ ᠵᠠᠰᠠᠬᠤ | ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠡᠭᠦᠰᠭᠡᠵᠦ ᠦᠯᠦ | ᠪᠤᠯᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤ ᠶᠢ ᠠᠳᠬᠤᠨ | ᠰᠠᠭᠤᠷᠢ ᠲᠠᠯᠪᠢᠬᠤ ᠠᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ | ᠳᠤ ᠤᠯᠤᠰ ᠲᠦᠷᠦ ᠵᠢᠨᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠦᠬᠡ ᠬᠤᠷᠠᠯ ᠡᠷᠬᠢᠯᠡᠬᠦ ᠳᠤ ᠪᠠᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ | ᠠᠵᠢᠯ ᠤᠨ ᠬᠤᠷᠠᠯ ᠪᠠ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠵᠡᠯ ᠰᠠᠨᠠᠭᠠᠨ ᠤ ᠲᠠᠯ᠎ᠠ ᠪᠠᠷ | ᠳᠠᠷᠤᠯᠲᠠ ᠪᠠᠨ ᠨᠡᠮᠡᠭᠳᠡᠭᠦᠯᠵᠦ᠂ ᠠᠵᠢᠯ ᠤᠨ ᠲᠠᠯ᠎ᠠ ᠪᠠᠷ ᠲᠠᠬᠢᠨᠲᠠ ᠬᠦᠴᠦᠯᠡᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ | ᠪᠠᠷ ᠤᠯᠠᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠠᠵᠢᠯ ᠢᠶᠠᠨ ᠰᠠᠶᠢᠵᠢᠷᠠᠭᠤᠯᠤᠨ | ᠴᠢᠩᠭᠠᠷᠠᠭᠤᠯᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠠᠬᠢᠨ ᠰᠢᠨ᠎ᠡ | ᠨᠢᠭᠡᠨ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠴᠢᠩ ᠰᠡᠳᠬᠢᠯ ᠠᠴᠠ ᠪᠠᠨ | ᠬᠦᠴᠦ ᠲᠠᠯᠪᠢᠨ ᠰᠠᠶᠢᠲᠤᠷ ᠬᠠᠮᠠᠭᠠᠯᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠵᠢᠴᠢ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢ ᠣᠪᠣᠷ ᠢᠶᠠᠨ ᠢᠯᠡᠳᠭᠡᠬᠦ ᠦᠭᠡ | ᠶᠠᠷᠢᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠳᠠ ᠳᠤ ᠬᠤᠪᠢᠶᠠᠷᠢ ᠬᠤᠷᠠᠯ | ᠤᠨ ᠲᠠᠯᠠᠪᠠᠢ ᠲᠤᠬᠢᠷᠠᠭᠤᠯᠵᠠᠢ᠃ | |