ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠤᠯᠠᠭᠠᠨᠮᠥ᠋ᠴᠢᠷ ᠨᠢ ᠪᠥᠬᠦ | ᠤᠯᠤᠰ ᠤᠨ ︽7·1 ᠤ ᠭᠠᠪᠢᠶᠠᠨ ᠲᠡᠮᠳᠡᠭ︾ ᠢ ᠬᠦᠷᠲᠡᠭᠴᠢ᠂ ︽ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ | ᠭᠡᠰᠢᠭᠦᠨ︾᠂ ︽ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾᠂ ︽ᠥᠭᠡᠷᠡᠴᠢᠯᠡᠯᠲᠡ ᠶᠢᠨ ᠬᠤᠰᠢᠭᠤᠴᠢ︾ ᠰᠢᠯᠢ ᠶᠢᠨ ᠭᠤᠤᠯ | ᠠᠶᠢᠮᠠᠭ ᠤᠨ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠤ ᠨᠠᠮ ᠤᠨ | ᠡᠭᠦᠷ ᠤᠨ ᠤᠤᠯ ᠤᠨ ᠱᠦᠵᠢ ᠲᠢᠩ ᠪᠠᠭᠠᠲᠤᠷ ᠢᠶᠠᠷ ᠣᠭ ᠳᠦᠷᠢ ᠪᠣᠯᠭᠠᠭᠰᠠᠨ᠂ ᠳᠠᠭᠤᠤ ᠬᠥᠭᠵᠢᠮᠲᠦ ᠵᠦᠴᠦᠭᠡ | ︽ᠲᠠᠯ᠎ᠠ ᠨᠤᠲᠤᠭ ᠤᠨ ᠬᠥᠪᠡᠭᠦᠨ — ᠲᠢᠩ ᠪᠠᠭᠠᠲᠤᠷ︾ ᠢ ᠨᠠᠶᠢᠷᠠᠭᠤᠯᠤᠨ ᠵᠣᠬᠢᠶᠠᠭᠰᠠᠨ ᠪᠥᠭᠡᠳ ᠰᠢᠯᠢᠩᠬᠤᠲᠠ ᠶᠢᠨ | ᠳᠠᠭᠤᠤ ᠪᠥᠵᠢᠭ ᠵᠦᠴᠦᠭᠡ ᠶᠢᠨ ᠬᠦᠷᠢᠶᠡᠯᠡᠩ ᠳᠤ ᠠᠩᠬ᠎ᠠ ᠤᠳᠠᠭ᠎ᠠ ᠲᠣᠭᠯᠠᠬᠤ ᠳᠤ᠂ ᠲᠢᠩ ᠪᠠᠭᠠᠲᠤᠷ ᠵᠢᠴᠢ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤᠬᠠᠶ ᠶᠢᠨ ᠲᠠᠯᠠᠪᠠᠶ ᠳᠤ ᠬᠦᠷᠴᠦ ᠰᠣᠨᠢᠷᠬᠠᠪᠠ᠃ | ᠲᠣᠰ ᠵᠦᠴᠦᠭᠡ ᠳᠤ ᠲᠢᠩ ᠪᠠᠭᠠᠲᠤᠷ ᠤᠨ ᠣᠯᠠᠨ ᠲᠦᠮᠡᠨ ᠢᠶᠠᠨ ᠳᠠᠭᠠᠭᠤᠯᠤᠨ ᠦᠵᠡᠰᠬᠦᠯᠡᠩᠲᠦ ᠰᠠᠶᠢᠬᠠᠨ | ᠰᠢᠨ᠎ᠡ ᠮᠠᠯᠵᠢᠬᠤ ᠣᠷᠣᠨ ᠢ ᠪᠥᠲᠥᠭᠡᠨ ᠪᠠᠶᠢᠭᠤᠯᠤᠬᠰᠠᠨ ᠢᠶᠠᠷ ᠥᠯᠢᠭᠡᠷ ᠤᠨ ᠭᠤᠤᠯ ᠰᠢᠵᠢᠮ ᠪᠣᠯᠭᠠᠵᠤ᠂ ᠤᠯᠠᠮᠵᠢᠯᠠᠯ | ᠪᠠ ᠣᠳᠣᠬᠢᠴᠢᠯᠠᠯ᠂ ᠬᠡᠪᠰᠢᠮᠡᠯ ᠪᠠ ᠰᠢᠨ᠎ᠡ ᠶᠢ ᠡᠭᠦᠳᠬᠦ᠂ ᠲᠡᠷᠢᠭᠦᠨ ᠤ ᠬᠢ ᠪᠠ ᠬᠤᠴᠣᠷᠤᠩᠭᠤᠶ ᠶᠢᠨ ᠬᠤᠭᠤᠷᠣᠨᠳᠣᠬᠢ | ᠵᠥᠷᠢᠴᠡᠯ ᠮᠥᠷᠭᠦᠯᠳᠦᠭᠡᠨ ᠢ ᠲᠥᠪᠯᠡᠷᠡᠩᠭᠦᠶ ᠢᠯᠡᠷᠡᠭᠦᠯᠵᠦ᠂ ᠲᠡᠭᠦᠨ ᠤ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠤᠬᠠᠭᠤᠯᠵᠤ᠂ ᠰᠢᠨ᠎ᠡ ᠬᠡᠯᠪᠡᠷᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠬᠤ | ᠦᠢᠯᠡᠳᠦᠯᠭᠡ ᠶᠢᠨ ᠳᠤᠮᠳᠠ ᠰᠢᠨ᠎ᠡ ᠶᠢ ᠡᠭᠦᠳᠦᠭᠰᠡᠨ ᠰᠡᠳᠬᠢᠬᠦᠶ᠂ ᠴᠠᠭ ᠦᠶ᠎ᠡ ᠶᠢᠨ ᠵᠣᠷᠢᠭ ᠰᠠᠨᠠᠭ᠎ᠠ ᠪᠠ | ᠬᠥᠮᠦᠨ ᠢᠶᠠᠷ ᠦᠨᠳᠦᠰᠦ ᠪᠣᠯᠭᠠᠭᠰᠠᠨ ᠦᠵᠡᠯ ᠰᠠᠨᠠᠭᠠᠨ ᠤ ᠣᠶᠢᠯᠠᠭᠠᠭᠳᠠᠬᠤᠨ ᠢ ᠭᠤᠤᠯᠳᠠᠯᠭ᠎ᠠ ᠲᠠᠢ ᠢᠯᠡᠷᠡᠭᠦᠯᠪᠡ᠃ | ᠵᠦᠴᠦᠭᠡ ᠨᠢ ᠲᠡᠭᠦᠨ ᠤ ᠮᠠᠯᠴᠢᠨ ᠲᠦᠮᠡᠨ ᠢᠶᠠᠨ ᠳᠠᠭᠠᠭᠤᠯᠤᠨ ᠦᠵᠡᠰᠬᠦᠯᠡᠩᠲᠦ ᠰᠠᠶᠢᠬᠠᠨ ᠠᠮᠢ ᠠᠬᠤᠶ ᠲᠠᠢ᠂ ᠠᠵᠤ | ᠦᠢᠯᠡᠰ ᠨᠢ ᠬᠥᠭᠵᠢᠭᠰᠡᠨ᠂ ᠥᠨᠳᠥᠷ ᠣᠷᠣᠯᠭ᠎ᠠ ᠲᠠᠢ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠭᠰᠠᠨ ᠢ ᠳᠦᠷᠰᠦᠯᠢᠭ ᠢᠶᠠᠷ ᠳᠡᠯᠭᠡᠨ ᠦᠵᠡᠬᠦᠯᠬᠦ ᠪᠠᠷ ᠳᠠᠮᠵᠢᠭᠤᠯᠵᠤ᠂ ᠮᠠᠯᠴᠢᠨ ᠲᠦᠮᠡᠨ ᠢᠶᠠᠨ | ᠬᠥᠲᠥᠯᠥᠨ ᠵᠢᠯᠣᠭᠤᠳᠴᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠲᠠᠯ᠎ᠠ ᠨᠤᠲᠤᠭ ᠤᠨ ᠠᠮᠢ ᠠᠬᠤᠶ ᠪᠠᠨ | ᠬᠠᠮᠠᠭᠠᠯᠠᠵᠤ᠂ ᠲᠠᠯ᠎ᠠ ᠨᠤᠲᠤᠭ ᠤᠨ ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠡᠵᠡᠩᠨᠡᠯᠲᠡ ᠶᠢᠨ | ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠭᠤᠶᠢᠳᠠ ᠰᠠᠶᠢᠬᠠᠨ ᠠᠮᠢᠳᠤᠷᠠᠯ ᠤᠨ ᠥᠪᠡᠷᠮᠢᠴᠡ ᠵᠠᠮ ᠢᠶᠠᠷ ᠵᠠᠮᠨᠠᠭᠰᠠᠨ | ᠬᠦᠮᠦᠨ ᠤ ᠰᠠᠳᠬᠢᠯ ᠢ ᠬᠦᠳᠡᠯᠭᠡᠮ᠎ᠡ ᠦᠢᠯᠡ ᠠᠵᠢᠯᠯᠠᠭ᠎ᠠ ᠶᠢ ᠬᠠᠷᠠᠭᠤᠯᠵᠠᠢ᠃ | | |