ᠣᠶᠢᠷ᠎ᠠ ᠳᠤ᠂ ᠤᠯᠠᠭᠠᠨᠴᠠᠪ ᠬᠤᠲᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠨᠠᠮ ᠤᠨ | ᠬᠤᠷᠢᠶᠠᠨ ᠤ ᠱᠦᠵᠢ ᠰᠦᠶ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠲᠡᠷᠢᠭᠦᠨ | ᠴᠢᠬᠤᠯᠠ ᠶᠠᠪᠤᠳᠠᠯ ᠪᠣᠯᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠡᠷᠦᠬᠡ ᠨᠢ | ᠦᠪᠡᠷᠰᠡᠳ ᠢᠶᠠᠨ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠠᠴᠠ | ᠳᠠᠷᠠᠭᠠᠯᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠬᠦ᠂ ᠨᠡᠶᠢᠭᠡᠮ | ᠠᠴᠠ ᠬᠢᠨᠠᠯᠲᠠ ᠲᠠᠯᠪᠢᠨ ᠢᠯᠡᠷᠡᠬᠦᠯᠬᠦ ᠵᠡᠷᠬᠡ 4 ᠵᠤᠷᠪᠤᠰ ᠬᠢᠨᠠᠯᠲᠠ ᠶᠢᠨ ᠠᠷᠭ᠎ᠠ ᠵᠠᠮ ᠢ ᠰᠠᠶᠢᠲᠤᠷ ᠠᠰᠢᠭᠯᠠᠵᠤ᠂ | ᠬᠢᠨᠠᠨ ᠪᠠᠶᠢᠴᠠᠭᠠᠭᠰᠠᠨ ᠡᠲᠡᠭᠡᠳ ᠢᠶᠠᠨ ᠣᠨᠣᠪᠴᠢᠲᠠᠶ ᠡᠷᠢᠵᠦ ᠭᠠᠷᠭᠠᠨ᠂ ᠪᠠᠭᠲᠠᠭᠠᠪᠠᠰᠤ ᠵᠣᠬᠢᠬᠤ ᠡᠲᠡᠭᠡᠳ ᠢ | ᠣᠷᠬᠢᠭᠳᠠᠭᠤᠯᠬᠤ ᠦᠬᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠᠶᠢ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠥᠯᠥ ᠠᠩᠬᠠᠷᠤᠭᠳᠠᠭᠰᠠᠨ ᠬᠥᠮᠦᠨ ᠠᠮᠠ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭ᠎ᠠ ᠲᠠᠢ ᠬᠥᠮᠦᠨ ᠠᠮᠠ ᠪᠠᠷ ᠭᠤᠤᠯᠳᠠᠯᠭ᠎ᠠ ᠪᠣᠯᠭᠠᠬᠤ ᠶᠢ ᠳᠣᠪᠣᠶᠢᠯᠭᠠᠨ᠂ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠶᠠᠳᠠᠭᠤ | ᠠᠴᠠ ᠠᠩᠭᠢᠵᠢᠷᠠᠭᠰᠠᠨ ᠬᠥᠮᠦᠨ ᠠᠮᠠ ᠶᠢ ᠨᠢ ᠤᠷᠢᠳ ᠢᠶᠠᠷ ᠠᠵᠢᠯ ᠣᠯᠭᠤᠵᠤ᠂ ᠲᠤᠬᠠᠶ ᠶᠢᠨ ᠭᠠᠵᠠᠷ ᠲᠤ ᠨᠢ | ᠣᠶᠢᠷ᠎ᠠ ᠬᠠᠪᠢ ᠳᠤ ᠨᠢ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠶ ᠥᠷᠭᠡᠳᠬᠡᠬᠦ ᠬᠡᠷᠡᠭᠲᠡᠶ᠃ ᠤᠳᠤ ᠦᠶ᠎ᠡ ᠶᠢᠨ | ᠤᠨᠴᠠᠯᠢᠬᠳᠤ ᠲᠠᠷᠢᠶᠠᠯᠠᠩ ᠢ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠲᠦᠷᠦᠯ | ᠲᠡᠮᠳᠡᠭ ᠢ ᠢᠳᠡᠪᠬᠢᠲᠡᠢ ᠡᠭᠦᠳᠴᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠶᠡᠭᠡ ᠪᠠᠷ ᠬᠡᠷᠡᠭᠵᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠵᠣᠯ ᠵᠢᠷᠭᠠᠯᠲᠤ ᠠᠮᠢᠳᠤᠷᠠᠯ ᠤᠨ ᠰᠠᠶᠢᠨ | ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠵᠤ᠂ ᠲᠠᠷᠢᠶᠠᠯᠠᠬᠤ ᠣᠷᠣᠨ ᠳᠤ ᠮᠠᠯᠵᠢᠬᠤ ᠶᠢ ᠴᠠᠭᠠᠵᠠᠯᠠᠨ᠂ ᠮᠠᠯᠵᠢᠬᠤ | ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠰᠡᠯᠭᠦᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ | ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠳᠥᠷᠪᠡᠨ ᠰᠠᠶᠢᠨ︾ ᠵᠠᠰᠠᠮᠠᠯ ᠵᠠᠮ | ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠳᠤ ᠴᠠᠬᠢᠯᠭᠠᠨ ᠲᠣᠤᠷ ᠢ | ᠪᠠᠬᠢᠵᠢᠭᠦᠯᠦᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠣᠷᠯᠣᠩ ᠤᠨ | ᠬᠤᠪᠢᠰᠬᠠᠯ ᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠮᠠᠯᠴᠢᠨ | ᠲᠠᠷᠢᠶᠠᠴᠢᠨ ᠤ ᠭᠤᠤᠯ ᠴᠣᠭᠴᠠ ᠶᠢᠨ ᠦᠶᠯᠡᠳᠦᠯ ᠢ ᠪᠠᠳᠠᠷᠠᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠬᠤ ᠬᠡᠷᠡᠭᠲᠡᠶ ᠬᠡᠵᠤ ᠱᠠᠭᠠᠷᠳᠠᠪᠠ᠃ | ᠬᠤᠷᠠᠯ ᠠᠴᠠ᠂ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ ᠶᠢ ᠪᠦᠷᠢᠨᠰᠢᠬᠦᠯᠵᠤ᠂ ᠺᠠᠳ᠋ᠷ | ᠤᠨ ᠪᠣᠯᠪᠠᠰᠤᠷᠠᠯ ᠢ ᠴᠢᠩᠭᠠᠳᠬᠠᠵᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠲᠡᠭᠦᠯᠳᠡᠷᠵᠢᠭᠦᠯᠵᠦ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠳᠤ ᠰᠠᠶᠢᠨ | ᠰᠠᠶᠢᠬᠠᠨ ᠡᠬᠢᠯᠡᠯᠲᠡ ᠶᠢ ᠪᠤᠢ ᠪᠣᠯᠭᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠬᠥᠳᠡᠭᠡ | ᠲᠣᠰᠬᠤᠨ ᠤ ᠤᠨᠴᠠᠯᠢᠬᠳᠤ ᠠᠵᠤ ᠦᠢᠯᠡᠰ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠵᠠᠬᠢᠶᠠᠯᠠᠭ᠎ᠠ ᠶᠢᠨ | ᠲᠠᠷᠢᠶᠠᠯᠠᠩ ᠮᠠᠯ ᠠᠵᠤ ᠠᠬᠤᠢ ᠪᠣᠯᠤᠨ ᠨᠡᠷᠡᠳᠦ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢ ᠢᠳᠡᠪᠬᠢᠲᠡᠢ | ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠬᠦ ᠬᠡᠷᠡᠭᠲᠡᠢ᠃ ᠬᠤᠳᠠ ᠳᠤ ᠤᠷᠤᠬᠰᠠᠨ ᠮᠠᠯᠴᠢᠨ ᠲᠠᠷᠢᠶᠠᠴᠢᠨ ᠤ ᠠᠮᠢᠳᠤᠷᠠᠯ ᠤᠨ ᠪᠠᠲᠤᠯᠠᠭ᠎ᠠ ᠶᠢᠨ | ᠦᠷᠭᠦᠯᠵᠢᠯᠡᠭᠰᠡᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠥᠷᠭᠡᠨ ᠤᠯᠠᠨ ᠮᠠᠯᠴᠢᠨ | ᠲᠠᠷᠢᠶᠠᠴᠢᠨ ᠤ ᠡᠷᠬᠡ ᠠᠰᠢᠭ ᠪᠣᠯᠤᠨ ᠠᠰᠢᠭ ᠲᠤᠰᠠ ᠶᠢ ᠰᠠᠶᠢᠲᠤᠷ ᠬᠠᠮᠠᠭᠠᠯᠠᠨ ᠪᠠᠲᠤᠯᠠᠵᠤ᠂ ᠮᠠᠯᠴᠢᠨ ᠲᠠᠷᠢᠶᠠᠴᠢᠨ | ᠤ ᠬᠤᠳᠠ ᠳᠤ ᠣᠷᠣᠵᠤ ᠠᠵᠢᠯ ᠤᠯᠵᠤ ᠠᠮᠢᠳᠤᠷᠠᠬᠤ ᠶᠢ ᠲᠡᠮᠵᠢᠵᠤ᠂ ᠬᠤᠳᠠ ᠳᠤ ᠤᠷᠤᠬᠰᠠᠨ ᠮᠠᠯᠴᠢᠨ ᠲᠠᠷᠢᠶᠠᠴᠢᠨ | ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠢ᠃ ᠭᠠᠵᠠᠷ ᠰᠢᠷᠣᠶ ᠶᠢᠨ ᠬᠢᠵᠠᠭᠠᠷᠯᠠᠯ᠂ ᠪᠠᠯᠠ ᠮᠦᠩᠭᠦᠨ | ᠤ ᠲᠤᠲᠠᠭᠳᠠᠯ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠶᠯᠡᠴᠢᠯᠡᠭᠡ ᠰᠢᠯᠢᠳᠡᠭ ᠪᠤᠰᠤ ᠵᠡᠷᠭᠡ ᠭᠤᠷᠪᠠᠨ ᠲᠣᠪᠣᠶᠢᠮ᠎ᠠ | ᠠᠰᠠᠭᠤᠳᠠᠯ ᠢ ᠪᠦᠲᠦᠮᠵᠢᠲᠡᠢ ᠵᠣᠯᠭᠠᠭᠤᠯᠬᠤ ᠬᠦᠴᠦᠲᠡᠶ ᠪᠠᠲᠤᠯᠠᠭ᠎ᠠ ᠶᠢ ᠬᠠᠩᠭᠠᠬᠤ ᠬᠡᠷᠡᠭᠲᠡᠶ ᠬᠡᠵᠤ ᠱᠠᠭᠠᠷᠳᠠᠪᠠ᠃ | |