ᠣᠶᠢᠷ᠎ᠠ ᠳᠤ᠂ ︽ᠲᠦᠮᠡᠨ ᠪᠣᠳᠠᠰ ᠲᠦᠬᠡᠮᠡᠯ ᠣᠷᠣᠰᠢᠬᠤ︾ ᠶᠠᠷᠢᠶᠠᠨ ᠤ ᠲᠠᠪᠴᠠᠩ ᠤᠨ ᠫᠠᠶᠢᠰᠠ ᠰᠡᠬᠦᠬᠦ | ᠶᠣᠰᠣᠯᠠᠯ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠥᠪᠥᠷ ᠮᠣᠩᠭᠤᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠭᠡᠰᠢᠭᠦᠨ᠂ ᠬᠦᠷᠢᠶᠡᠯᠡᠩ ᠤᠨ | ᠲᠠᠷᠤᠭ᠎ᠠ ᠯᠢ ᠴᠦᠨ ᠯᠢᠨ᠂ ᠤᠯᠤᠰ ᠤᠨ ᠦᠨᠳᠦᠰᠦᠲᠡᠨ ᠤ ᠵᠥᠪᠯᠡᠯ ᠤᠨ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠰᠠᠭᠤᠷᠢᠨ | ᠭᠠᠵᠠᠷ ᠤᠨ ᠠᠬᠠᠯᠠᠭᠴᠢ ᠮᠡᠷᠭᠡᠵᠢᠯᠲᠡᠨ᠂ ᠴᠠᠩ ᠵᠢᠶᠠᠩ ᠡᠷᠳᠡᠮᠲᠡᠨ ᠫᠷᠤᠹᠧᠰᠰᠤᠷ ᠨᠠᠷᠠᠨᠪᠢᠯᠢᠭ᠌᠂ ᠬᠥᠬᠡᠬᠤᠲᠠ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠵᠠᠩ ᠢᠤᠢ ᠵᠦ | ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠪᠠᠭᠰᠢ ᠰᠤᠷᠤᠭᠴᠢᠳ ᠫᠠᠶᠢᠰᠠ ᠰᠡᠬᠦᠬᠦ ᠶᠣᠰᠣᠯᠠᠯ ᠳᠤ | ᠣᠷᠣᠯᠴᠠᠪᠠ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠬᠥᠬᠡᠬᠤᠲᠠ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠨᠢ ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ | ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠤᠯᠤᠰ ᠤᠨ ᠦᠨᠳᠦᠰᠦᠲᠡᠨ ᠤ ᠵᠥᠪᠯᠡᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠰᠠᠭᠤᠷᠢᠨ ᠭᠠᠵᠠᠷ ᠵᠢᠴᠢ ᠬᠤᠪᠢᠶᠠᠷᠢ ᠰᠠᠭᠤᠷᠢᠨ | ᠭᠠᠵᠠᠷ ᠢ ᠬᠠᠮᠲᠤ ᠪᠠᠷ ᠪᠥᠲᠥᠭᠡᠨ ᠪᠠᠶᠢᠭᠤᠯᠤᠭᠰᠠᠨ ᠨᠢ ︽ᠲᠦᠮᠡᠨ ᠵᠦᠢᠯ ᠲᠡᠬᠡᠮᠡᠯ ᠣᠷᠣᠰᠢᠬᠤ︾ ᠶᠠᠷᠢᠶᠠᠨ ᠤ | ᠲᠠᠪᠴᠠᠩ ᠢᠶᠠᠷ ᠡᠷᠳᠡᠮ ᠰᠢᠨᠵᠢᠯᠡᠭᠡᠨ ᠤ ᠲᠠᠪᠴᠠᠩ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠰᠠᠭᠤᠷᠢ ᠣᠨᠣᠯ ᠤᠨ ᠰᠤᠳᠤᠯᠭᠠᠨ᠂ ᠪᠠᠶᠢᠭᠤᠯᠤᠯ ᠲᠣᠭᠲᠠᠴᠠ ᠶᠢᠨ ᠪᠠᠲᠤᠯᠠᠭ᠎ᠠ᠂ ᠬᠤᠯᠪᠣᠭᠳᠠᠯ ᠪᠥᠬᠦᠶ | ᠴᠢᠳᠠᠪᠤᠷᠢᠲᠠᠨ ᠢ ᠣᠷᠢᠨ ᠬᠡᠷᠡᠭᠯᠡᠬᠦ ᠵᠡᠷᠭᠡ ᠡᠯ᠎ᠡ ᠲᠠᠯ᠎ᠠ ᠶᠢᠨ ᠲᠣᠭᠤᠷᠢᠨ ᠳᠤ ᠠᠵᠢᠯ ᠢᠶᠠᠨ ᠯᠠᠪᠳᠠᠭᠤᠨ ᠪᠠᠲᠤᠲᠠᠶ | ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠥᠲᠥᠭᠡᠨ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ | ᠪᠠᠳᠤᠳᠬᠠᠬᠤ ᠪᠤᠯᠤᠨ᠎ᠠ᠃ | |