ᠪᠤᠭᠤᠲᠤ ᠬᠤᠲᠠ ᠨᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠠᠵᠢᠯ ᠤᠨ ᠰᠡᠳᠬᠢᠴᠡ ᠪᠠᠨ ᠲᠠᠰᠤᠷᠠᠯᠲᠠ ᠥᠬᠡᠶ ᠰᠢᠨᠡᠴᠢᠯᠡᠵᠦ᠂ ︽ᠭᠤᠷᠪᠠ ᠶᠢ ᠴᠢᠩᠭᠠᠳᠬᠠᠬᠤ︾ ᠶᠢ | ᠪᠠᠷᠢᠮᠲᠠᠯᠠᠵᠤ᠂ ︽ᠭᠤᠷᠪᠠᠨ ᠵᠠᠩᠭᠢᠯᠠᠭ᠎ᠠ︾ ᠶᠢ ᠰᠠᠶᠢᠲᠤᠷ ᠠᠳᠬᠤᠵᠤ᠂ ︽ᠭᠤᠷᠪᠠᠨ ᠭᠤᠤᠯᠳᠠᠯᠭ᠎ᠠ︾ ᠶᠢ ᠳᠣᠪᠤᠶᠢᠯᠭᠠᠵᠤ᠂ | ︽ᠭᠤᠷᠪᠠᠨ ᠨᠡᠷᠡᠲᠦ ᠲᠡᠮᠳᠡᠭ︾ ᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ᠃ | ︽ᠭᠤᠷᠪᠠ ᠶᠢ ᠴᠢᠩᠭᠠᠳᠬᠠᠬᠤ︾ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠰᠠᠭᠤᠷᠢ ᠶᠢ ᠪᠠᠬᠢᠵᠢᠭᠦᠯᠪᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠪᠠ᠃ | ᠪᠤᠭᠤᠲᠤ ᠬᠤᠲᠠ ᠨᠢ ᠨᠠᠮ ᠤᠨ ᠬᠤᠷᠢᠶ᠎ᠠ ᠠᠴᠠ ᠨᠢᠭᠡᠳᠦᠯᠲᠡᠶ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠬᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠵᠠᠷᠴᠢᠮ ᠶᠣᠰᠣᠭᠠᠷ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠬᠰᠠᠨ | ᠪᠦᠭᠡᠳ ᠬᠤᠲᠠ᠂ ᠬᠤᠰᠢᠭᠤ ︵ᠰᠢᠶᠠᠨ᠂ ᠲᠣᠭᠤᠷᠢᠭ︶᠂ ᠰᠢᠶᠠᠩ ᠪᠠᠯᠭᠠᠰᠤ ︵ᠵᠡᠭᠡᠯᠢ ᠭᠤᠳᠤᠮᠵᠢ᠂ ᠬᠡᠷᠡᠭ ᠡᠷᠬᠢᠯᠡᠬᠦ | ᠭᠠᠵᠠᠷ︶᠂ ᠨᠡᠶᠢᠭᠡᠮ ᠲᠣᠭᠤᠷᠢᠭ ︵ᠲᠣᠰᠬᠤᠨ᠂ ᠭᠠᠴᠠᠭ᠎ᠠ︶ ᠳᠥᠷᠪᠡᠨ ᠱᠠᠲᠤ ᠪᠠᠷ ᠢᠶᠠᠨ ᠬᠠᠮᠲᠤᠷᠠᠨ ᠡᠭᠦᠳᠬᠦ | ᠲᠣᠭᠲᠠᠴᠠ ᠶᠢᠨ ᠰᠢᠰᠲ᠋ᠧᠮ ᠢ ᠪᠠᠶᠢᠭᠤᠯᠵᠠᠢ᠃ ᠳᠦᠷᠢᠮ ᠤᠨ ᠪᠠᠲᠤᠯᠠᠭ᠎ᠠ ᠶᠢ ᠴᠢᠩᠭᠠᠳᠬᠠᠪᠠ᠃ ᠪᠤᠭᠤᠲᠤ ᠬᠤᠲᠠ ᠨᠢ | ᠤᠷᠢᠳ ᠬᠤᠵᠢᠳ ︽ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠨᠢᠭᠡᠴᠢ ᠶᠢ ᠨᠡᠷᠡᠶᠢᠳᠬᠦ ᠠᠷᠭ᠎ᠠ︾᠂ ︽ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠨᠢᠭᠡᠴᠢ ᠶᠢ ᠰᠢᠯᠭᠠᠨ ᠦᠨᠡᠯᠡᠬᠦ ᠪᠠᠷᠢᠮᠵᠢᠶ᠎ᠠ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠲᠣᠭᠲᠠᠭᠠᠨ | ᠨᠡᠶᠢᠲᠡᠯᠡᠬᠦ ᠶᠢᠨ ᠬᠠᠮᠲᠤ᠂ ᠬᠤᠲᠠ ᠶᠢᠨ ᠦᠨᠳᠦᠰᠦᠳᠡᠨ ᠤ ᠵᠦᠪᠯᠡᠯ ᠨᠢ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠬᠤᠯᠪᠣᠭᠳᠠᠯ ᠪᠥᠬᠦᠶ ᠠᠭᠤᠯᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠳᠤ ᠨᠡᠮᠡᠵᠦ | ᠤᠷᠤᠭᠤᠯᠬᠤ ᠲᠤᠬᠠᠶ ᠮᠡᠳᠡᠭᠳᠡᠯ︾ ᠢ ᠪᠠᠭᠤᠯᠭᠠᠵᠤ᠂ ᠡᠭᠦᠳᠦᠨ ᠪᠠᠶᠢᠭᠤᠯᠬᠤ ᠠᠵᠢᠯ ᠢ ᠨᠡᠶᠢᠭᠡᠮ ᠤᠨ ᠪᠦᠯᠬᠦᠮ ᠤᠨ | ᠵᠣᠬᠢᠶᠠᠨ ᠪᠠᠶᠢᠭᠤᠯᠤᠯᠲᠠ ᠳᠤ ᠬᠦᠷᠲᠡᠯ᠎ᠡ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠥᠬᠦ ᠬᠤᠲᠠ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠡᠢ᠃ ᠱᠠᠭᠠᠷᠳᠠᠨ | ᠪᠠᠶᠢᠴᠠᠭᠠᠬᠤ ᠠᠵᠢᠯ ᠢ ᠴᠢᠩᠭᠠᠳᠬᠠᠪᠠ᠃ ᠪᠤᠭᠤᠲᠤ ᠬᠤᠲᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ | ᠠᠵᠢᠯ ᠤᠨ ᠪᠣᠳᠠᠲᠤ ᠦᠷ᠎ᠡ ᠪᠦᠲᠦᠮᠵᠢ ᠶᠢᠨ ᠬᠠᠷᠠᠯᠲᠠᠲᠤ ᠬᠢᠨᠠᠨ ᠰᠢᠯᠭᠠᠬᠤ ᠰᠢᠰᠲ᠋ᠧᠮ ᠤᠨ ᠴᠢᠬᠤᠯᠠ ᠠᠭᠤᠯᠭ᠎ᠠ | ᠪᠣᠯᠭᠠᠭᠰᠠᠨ ᠪᠥᠭᠡᠳ ᠬᠤᠪᠢ ᠡᠵᠡᠯᠡᠬᠦᠯᠬᠦ ᠨᠣᠷᠮ᠎ᠠ ᠶᠢ ᠨᠢ ᠨᠡᠮᠡᠭᠳᠡᠭᠦᠯᠦᠭᠰᠡᠨ ᠢᠶᠠᠷ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠵᠢᠯ ᠤᠨ ᠱᠠᠭᠠᠷᠳᠠᠨ ᠪᠠᠶᠢᠴᠠᠭᠠᠬᠤ ᠲᠥᠯᠥᠪᠯᠡᠭᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠤᠰᠬᠠᠶ ᠰᠡᠳᠦᠪᠲᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠡᠳᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ ᠲᠥᠯᠥᠪᠯᠡᠭᠡ ᠳᠤ ᠣᠷᠣᠭᠤᠯᠵᠤ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠯᠲᠠ | ᠬᠢᠵᠦ᠂ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ | ᠪᠠᠲᠤᠯᠠᠭ᠎ᠠ ᠲᠠᠢ ᠪᠣᠯᠭᠠᠪᠠ᠃ | ︽ᠭᠤᠷᠪᠠᠨ ᠵᠠᠩᠭᠢᠯᠠᠭ᠎ᠠ︾ ᠶᠢ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ ᠪᠤᠢ᠃ | ᠤᠬᠠᠭᠤᠯᠭ᠎ᠠ ᠬᠥᠮᠦᠵᠢᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠪᠠ᠃ | ᠪᠤᠭᠤᠲᠤ ᠬᠤᠲᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠺᠠᠳ᠋ᠷ ᠤᠨ | ᠬᠥᠮᠦᠵᠢᠯ᠂ ᠤᠯᠤᠰ ᠠᠷᠠᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ | ᠪᠠᠷᠢᠮᠲᠠᠲᠤ ᠺᠢᠨᠣ᠋ ︽ᠲᠠᠯ᠎ᠠ ᠨᠤᠲᠤᠭ ᠤᠨ ᠬᠦᠰᠡᠯ ᠵᠡᠭᠦᠳᠦ ᠶᠢᠨ ᠬᠦᠭᠡᠭᠡᠴᠡᠯᠳᠦᠯ︾᠂ ᠪᠢᠴᠢᠯ ᠺᠢᠨᠣ᠋ ︽ᠨᠠᠮ ᠵᠢᠮᠬᠡᠨ | ᠤᠯᠤᠰ ᠤᠨ ᠬᠢᠯᠢ ᠬᠢᠵᠠᠭᠠᠷ︾᠂ ᠮᠠᠩᠬᠠᠨ ᠵᠦᠴᠦᠭᠡ ︽ᠲᠦᠬᠦ᠋ᠢᠮ᠎ᠡ︾᠂ ᠲᠠᠶᠢᠰᠠᠨ ᠤ ᠵᠦᠴᠦᠭᠡ ︽ᠴᠠᠰᠤ ᠰᠢᠭᠤᠷᠭᠠᠨᠳᠤ | ᠡᠳᠦᠷ ᠤᠳ ᠲᠠᠬᠢ ᠦᠨᠡᠨ ᠰᠡᠳᠬᠢᠯᠭᠡ︾ ᠵᠡᠷᠭᠡ 50 ᠭᠠᠷᠤᠶ ᠤᠯᠠᠨ ᠶᠠᠩᠵᠤ ᠬᠡᠯᠪᠡᠷᠢ ᠪᠦᠬᠦᠢ ᠦᠨᠳᠦᠰᠦᠲᠡᠨ ᠤ | ᠪᠦᠯᠬᠦᠮᠳᠡᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠭᠠᠷᠭᠠᠪᠠ᠃ | ︽ᠤᠯᠠᠭᠠᠨ ᠠᠨᠠᠷ ᠤᠨ ᠬᠡᠷ ᠣᠷᠣᠨ︾᠂ ︽ᠵᠣᠭᠤᠭ ᠳᠡᠯᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ | ᠰᠣᠶᠣᠯ ᠤᠨ ᠶᠡᠭᠡ ᠬᠦᠷᠢᠶᠡᠯᠡᠩ᠂ ᠤᠯᠠᠭᠠᠨᠮᠥ᠋ᠴᠢᠷ ᠵᠡᠷᠭᠡ ᠰᠣᠳᠣᠨ ᠪᠦᠲᠦᠭᠡᠯ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠬᠦᠴᠦᠯᠡᠨ ᠪᠤᠢ ᠪᠣᠯᠭᠠᠵᠤ᠂ ᠡᠯ᠎ᠡ ᠨᠡᠶᠢᠭᠡᠮ ᠲᠣᠭᠤᠷᠢᠭ ᠲᠤ ᠤᠨᠴᠠᠯᠢᠬᠳᠤ ᠠᠵᠢᠯ ᠤᠨ ᠵᠢᠭᠰᠠᠭᠠᠯ ᠤᠨ | ᠭᠠᠵᠠᠷ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ᠂ ᠰᠣᠶᠣᠯ ᠤᠨ ᠵᠢᠭᠰᠠᠭᠠᠯ ᠤᠨ ᠭᠠᠵᠠᠷ ᠢ ᠶᠡᠭᠡ ᠪᠠᠷ ᠪᠠᠶᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠭᠠᠵᠠᠷ ᠪᠣᠯᠭᠠᠨ ᠠᠴᠠ ᠤᠯᠵᠤ ᠦᠵᠡᠵᠦ ᠰᠤᠷᠤᠯᠴᠠᠵᠤ | ᠲᠡᠶᠢᠯᠬᠦ ᠪᠤᠯᠭᠠᠵᠠᠢ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠲᠠᠪᠴᠠᠩ ᠤᠨ ᠤᠬᠠᠭᠤᠯᠭ᠎ᠠ | ᠶᠢᠨ ᠦᠢᠯᠡᠳᠦᠯ ᠢ ᠰᠠᠶᠢᠲᠤᠷ ᠠᠰᠢᠬᠯᠠᠪᠠ᠃ ︽ᠨᠢᠭᠡ ᠭᠠᠷᠠᠭ ᠬᠤᠶᠠᠷ ᠰᠠᠷ᠎ᠠ︾ ᠶᠢᠨ ᠬᠤᠭᠤᠴᠠᠭᠠᠨ ᠳᠤ᠂ ᠪᠥᠬᠦ ᠬᠤᠲᠠ | ᠨᠢ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ + ᠦᠨᠳᠦᠰᠦᠲᠡᠨ ᠤ ᠪᠦᠯᠬᠦᠮᠳᠡᠯ︾ ᠤᠨ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠤᠨ ᠦᠨᠳᠦᠰᠦᠲᠡᠨ ᠨᠦᠭᠦᠳ ᠤᠨ 30 ᠲᠦᠮᠡ ᠰᠢᠬᠠᠮ ᠬᠦᠮᠦᠨ ᠢ | ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷ ᠤᠨ ᠭᠠᠳᠠᠨᠠᠬᠢ ᠬᠠᠮᠲᠤ ᠶᠢᠨ | ᠤᠬᠠᠭᠤᠯᠭ᠎ᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠩᠨᠠᠯᠲᠤ | ᠮᠡᠳᠡᠯᠭᠡ ᠶᠢᠨ ᠤᠷᠤᠯᠳᠤᠭᠠᠨ ᠤ ᠰᠡᠳᠦᠪ ᠬᠠᠷᠢᠭᠤᠯᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠤ | ᠶᠠᠪᠤᠳᠠᠯ ᠢ ᠰᠠᠶᠢᠲᠤᠷ ᠬᠢᠵᠦ ᠥᠭᠬᠦ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠭᠤᠯᠵᠠᠢ᠃ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠰᠦᠯᠵᠢᠶᠡᠨ ᠳᠡᠭᠡᠷ᠎ᠡ ᠰᠡᠳᠦᠪ | ᠬᠠᠷᠢᠭᠤᠯᠬᠤ ᠠᠵᠢᠯᠯᠠᠭ᠎ᠠ ᠳᠤ 200 ᠲᠦᠮᠡ ᠰᠢᠬᠠᠮ ᠬᠥᠮᠦᠨ ᠣᠷᠣᠯᠴᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠠᠲᠠᠬᠤ ᠬᠦᠴᠦᠨ ᠢ ᠲᠦᠢᠯ ᠤᠨ ᠶᠡᠭᠡ ᠪᠠᠷ ᠨᠡᠮᠡᠭᠳᠡᠭᠦᠯᠦᠨ᠂ | ᠡᠭᠦᠳᠦᠨ ᠪᠠᠶᠢᠭᠤᠯᠬᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠠᠵᠢᠯᠯᠠᠭ᠎ᠠ ᠳᠤ | ᠤᠷᠤᠯᠴᠠᠬᠤ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠴᠢᠬᠤᠯᠠ ᠶᠡᠭᠡ ᠠᠵᠢᠯᠯᠠᠭ᠎ᠠ ᠶᠢᠨ ᠤᠬᠠᠭᠤᠯᠭ᠎ᠠ ᠶᠢ | ᠰᠠᠶᠢᠲᠤᠷ ᠵᠣᠬᠢᠶᠠᠨ ᠪᠠᠶᠢᠭᠤᠯᠪᠠ᠃ ᠪᠤᠭᠤᠲᠤ ᠬᠤᠲᠠ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ | ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠬᠢᠬᠦ ᠲᠠᠢ | ᠤᠶᠠᠯᠳᠤᠭᠤᠯᠤᠨ᠂ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾᠂ ︽ᠭᠤᠷᠪᠠ ᠶᠢ ᠬᠥᠳᠡᠭᠡ ᠪᠠᠭᠤᠯᠭᠠᠬᠤ︾ | ︵ᠰᠢᠨᠵᠢᠯᠡᠭᠡ ᠮᠡᠷᠭᠡᠵᠢᠯ ᠢ ᠬᠦᠷᠭᠡᠬᠦ᠂ ᠡᠷᠡᠭᠦᠯ ᠮᠡᠨᠳᠦ ᠶᠢ ᠬᠦᠷᠭᠡᠬᠦ᠂ ᠰᠣᠶᠣᠯ ᠢ ᠬᠦᠷᠭᠡᠬᠦ︶ ᠠᠵᠢᠯᠯᠠᠭ᠎ᠠ ᠶᠢ | ᠦᠷᠨᠢᠭᠦᠯᠬᠦ ᠳᠤ ᠪᠠᠨ ᠨᠠᠷᠠᠲᠤ ᠬᠢᠲᠠᠳ ᠡᠮᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ | ᠤᠷᠢᠵᠤ ᠮᠠᠯᠴᠢᠨ ᠲᠠᠷᠢᠶᠠᠴᠢᠨ ᠳᠤ ᠠᠯᠪᠠᠨ ᠵᠢᠷᠤᠮ ᠤᠨ ᠡᠮᠴᠢᠯᠡᠭᠡ ᠬᠢᠯᠭᠡᠬᠦ᠂ ᠳᠠᠷᠢᠵᠤ ᠲᠡᠵᠢᠭᠡᠵᠦ ᠦᠷᠡᠵᠢᠭᠦᠯᠬᠦ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠷᠡᠭᠯᠡᠭᠡᠨ ᠤ ᠮᠡᠷᠭᠡᠵᠢᠯ ᠤᠨ ᠲᠠᠶᠢᠯᠤᠮᠵᠢ ᠬᠢᠯᠭᠡᠬᠦ ᠵᠡᠷᠭᠡ ᠠᠵᠢᠯᠯᠠᠭ᠎ᠠ | ᠥᠷᠨᠢᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠡᠳᠬᠢᠯ ᠳᠤ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠦᠯᠬᠦᠮᠳᠡᠨ | ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃ | ︽ᠭᠤᠷᠪᠠᠨ ᠭᠤᠤᠯᠳᠠᠯᠭ᠎ᠠ︾ ᠶᠢ ᠳᠣᠪᠤᠶᠢᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠪᠡᠯᠡ ᠮᠥᠩᠭᠦᠨ ᠤ ᠲᠤᠯᠭᠠᠭᠤᠷᠢᠯᠠᠯ ᠢ ᠴᠢᠩᠭᠠᠳᠬᠠᠪᠠ᠃ ᠪᠡᠯᠡ ᠮᠥᠩᠭᠦ ᠪᠠᠷ ᠬᠠᠪᠰᠤᠷᠤᠨ | ᠲᠡᠳᠬᠦᠬᠦ ᠶᠢ ᠲᠤᠪᠤᠶᠢᠯᠭᠠᠪᠠ᠃ 2021 ᠣᠨ ᠳᠤ᠂ ᠪᠤᠭᠤᠲᠤ ᠬᠤᠲᠠ ᠨᠢ ᠳᠡᠭᠡᠳᠦ ᠱᠠᠲᠤᠨ ᠤ ᠪᠠᠯᠠ ᠮᠥᠩᠭᠦ ᠶᠢ | ᠨᠡᠶᠢᠲᠡ 3316 ᠲᠦᠮᠡᠨ ᠲᠥᠭᠦᠷᠢᠭ ᠤᠯᠪᠠ᠂ ᠡᠭᠦᠨ ᠳᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠢ ᠬᠦᠭᠵᠢᠬᠦᠯᠬᠦ ᠡᠭᠦᠷᠭᠡ︶ ᠶᠢ ᠠᠬᠢᠭᠤᠯᠬᠤ | ᠨᠥᠬᠦᠪᠥᠷᠢ ᠪᠠᠯᠠ ᠮᠥᠩᠭᠦ ᠶᠢ 2793 ᠲᠦᠮᠡᠨ ᠲᠥᠭᠦᠷᠢᠭ ᠣᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠢ | ᠬᠦᠭᠵᠢᠬᠦᠯᠬᠦ ᠡᠭᠦᠷᠭᠡ︶ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢ 523 ᠲᠦᠮᠡᠨ ᠲᠥᠭᠦᠷᠢᠭ ᠤᠯᠵᠠᠢ᠃ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠤᠨᠴᠠᠯᠢᠭᠳᠤ ᠲᠣᠰᠬᠤᠨ ᠤ ᠪᠥᠲᠥᠭᠡᠨ ᠪᠠᠶᠢᠭᠤᠯᠤᠯᠲᠠ | ᠪᠠ ᠦᠨᠳᠦᠰᠦᠲᠡᠨ ᠤ ᠤᠨᠴᠠᠯᠢᠭᠳᠤ ᠠᠵᠤ ᠦᠢᠯᠡᠰ ᠵᠡᠷᠭᠡ 77 ᠲᠥᠷᠥᠯ ᠵᠦᠢᠯ ᠢ ᠬᠡᠷᠡᠭᠵᠢᠭᠦᠯᠪᠡ᠂ ᠡᠨᠡ ᠨᠢ | ᠬᠤᠨᠢᠨ ᠮᠢᠬ᠎ᠠ ᠪᠠ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠬᠥᠮᠥᠷᠭᠡᠯᠡᠯᠲᠡ᠂ ᠵᠣᠷᠯᠣᠩ ᠤᠨ | ᠬᠤᠪᠢᠰᠬᠠᠯ ᠤᠨ ᠪᠠᠶᠢᠭᠤᠯᠤᠯᠲᠠ ᠵᠡᠷᠭᠡ ᠶᠢ ᠬᠠᠮᠤᠷᠤᠭᠰᠠᠨ ᠢᠶᠠᠷ᠂ ᠦᠨᠳᠦᠰᠦᠲᠡᠨ ᠤ ᠭᠠᠵᠠᠷ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠳᠡᠭᠡᠭᠰᠢᠯᠡᠭᠳᠡᠨ᠂ ᠲᠤᠬᠠᠶ ᠶᠢᠨ ᠭᠠᠵᠠᠷ ᠤᠨ ᠣᠯᠠᠨ ᠲᠦᠮᠡᠨ ᠤ | ᠣᠷᠣᠰᠢᠨ ᠰᠠᠭᠤᠷᠢᠰᠢᠬᠤ ᠣᠷᠴᠢᠨ ᠨᠥᠬᠦᠴᠡᠯ ᠨᠢ ᠰᠠᠶᠢᠵᠢᠷᠠᠵᠤ᠂ ᠣᠯᠠᠨ ᠲᠦᠮᠡᠨ ᠤ ᠠᠩᠬᠠᠷᠴᠤ ᠪᠠᠶᠢᠳᠠᠭ | ᠠᠷᠠᠳ ᠤᠨ ᠠᠮᠢᠳᠤᠷᠠᠯ ᠤᠨ ᠠᠰᠠᠭᠤᠳᠠᠯ ᠨᠢ ᠰᠢᠢᠳᠪᠦᠷᠢᠯᠡᠭᠳᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠰᠠᠶᠢᠨ ᠦᠨᠡᠯᠡᠯᠲᠡ ᠶᠢ ᠤᠯᠵᠠᠢ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ | ᠲᠤᠪᠤᠶᠢᠯᠭᠠᠪᠠ᠃ ᠣᠶᠢᠷ᠎ᠠ ᠶᠢᠨ ᠵᠢᠯ ᠤᠳ ᠲᠤ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠨᠢ ᠴᠥᠭᠡᠨ ᠲᠣᠭᠠᠲᠤ ᠦᠨᠳᠦᠰᠦᠲᠡᠨ ᠢ ᠬᠦᠭᠵᠢᠬᠦᠯᠬᠦ ᠪᠠᠯᠠ ᠮᠥᠩᠭᠦ ᠶᠢ ᠨᠡᠶᠢᠲᠡ 6695 ᠲᠦᠮᠡᠨ | ᠲᠥᠭᠦᠷᠢᠭ ᠣᠯᠵᠤ᠂ ᠡᠯ᠎ᠡ ᠲᠥᠷᠥᠯ ᠵᠦᠢᠯ ᠢ 71 ᠶᠢ ᠬᠡᠷᠡᠭᠵᠢᠭᠦᠯᠪᠡ᠃ ᠡᠭᠦᠨ ᠳᠤ 455 ᠲᠦᠮᠡᠨ ᠲᠥᠭᠦᠷᠢᠭ ᠢ | ᠨᠢ ᠭᠤᠣᠯᠳᠠᠯᠭ᠎ᠠ ᠲᠠᠢ ᠪᠠᠷ ᠮᠠᠨᠳᠤᠯ᠎ᠠ ᠪᠠᠯᠭᠠᠰᠤᠨ ᠤ ᠬᠢᠯᠢ ᠶᠢᠨ ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠳᠤ ᠪᠠᠯᠠ ᠣᠷᠣᠭᠤᠯᠵᠤ᠂ 62 ᠮᠠᠯᠵᠢᠬᠤ ᠡᠷᠦᠬᠡ ᠳᠤ ᠥᠨᠳᠥᠷ ᠬᠦᠴᠦᠳᠡᠯᠲᠦ ᠴᠠᠬᠢᠯᠭᠠᠨ | ᠨᠡᠪᠲᠡᠷᠡᠭᠦᠯᠵᠦ᠂ ᠬᠢᠯᠢ ᠶᠢᠨ ᠨᠢᠭᠡᠳᠦᠭᠡᠷ ᠹᠷᠣᠨᠲ ᠤᠨ ᠴᠠᠬᠢᠯᠭᠠᠨ ᠬᠡᠷᠡᠭᠯᠡᠬᠦ ᠳᠤ ᠬᠦᠴᠢᠷᠲᠡᠶ ᠪᠠᠶᠢᠬᠰᠠᠨ ᠠᠰᠠᠭᠤᠳᠠᠯ ᠢ | ᠰᠢᠢᠳᠪᠦᠷᠢᠯᠡᠵᠦ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠶᠡᠭᠡ ᠪᠠᠷ ᠰᠠᠶᠢᠵᠢᠷᠠᠭᠤᠯᠵᠠᠢ᠃ ᠬᠠᠮᠳᠤᠷᠠᠨ ᠬᠠᠮᠵᠢᠯᠴᠠᠬᠤ ᠶᠢ ᠲᠤᠪᠤᠶᠢᠯᠭᠠᠪᠠ᠃ ᠪᠤᠭᠤᠲᠤ ᠬᠤᠲᠠ ᠶᠢᠨ | ᠦᠨᠳᠦᠰᠦᠲᠡᠨ ᠤ ᠵᠥᠪᠯᠡᠯ ᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠪᠤᠭᠤᠲᠤ | ᠬᠤᠲᠠ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠢ ᠬᠦᠭᠵᠢᠬᠦᠯᠬᠦ ᠡᠭᠦᠷᠭᠡ ᠶᠢᠨ ᠪᠠᠯᠠ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ︾ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢ ᠪᠡᠯᠡ ᠮᠥᠩᠭᠦᠨ ᠤ | ᠬᠡᠷᠡᠭᠯᠡᠬᠦ ᠶᠠᠪᠤᠴᠠ ᠶᠢ ᠤᠯᠠᠮ ᠴᠠᠭᠠᠰᠢᠳᠠ ᠵᠢᠷᠤᠮᠵᠢᠭᠤᠯᠤᠨ᠂ ᠬᠤᠲᠠ ᠶᠢᠨ ᠱᠠᠲᠤᠨ ᠤ ᠴᠥᠭᠡᠨ ᠲᠣᠭᠠᠲᠤ | ᠦᠨᠳᠦᠰᠦᠲᠡᠨ ᠢ ᠬᠦᠭᠵᠢᠬᠦᠯᠬᠦ ᠡᠭᠦᠷᠭᠡ ᠶᠢᠨ ᠪᠠᠯᠠ ᠮᠥᠩᠭᠦᠨ ᠤ ᠬᠥᠰᠢᠭᠦᠷᠭᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠠᠢ᠃ | ︽ᠭᠤᠷᠪᠠᠨ ᠨᠡᠷᠡᠲᠦ ᠲᠡᠮᠳᠡᠭ︾ ᠢ ᠡᠭᠦᠳᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠤᠯᠭᠠᠪᠠ᠃ ᠣᠨᠴᠠᠯᠢᠭᠲᠤ ᠰᠣᠶᠣᠯ ᠤᠨ | ᠨᠡᠷᠡᠲᠦ ᠲᠡᠮᠳᠡᠭ ᠢ ᠡᠭᠦᠳᠪᠡ᠃ ᠪᠤᠭᠤᠲᠤ ᠬᠤᠲᠠ ᠨᠢ ᠵᠢᠦᠶᠤᠸᠠᠨ ᠲᠣᠭᠤᠷᠢᠭ ᠤᠨ ᠠᠭᠠᠷᠤᠳᠠᠢ ᠭᠠᠴᠠᠭ᠎ᠠ᠂ ᠬᠥᠨᠳᠡᠯᠡᠨ | ᠲᠣᠭᠤᠷᠢᠭ ᠤᠨ ᠪᠤᠷᠬᠠᠨᠲᠤ ᠪᠠᠯᠭᠠᠰᠤ᠂ ᠳ᠋ᠦᠩ ᠾᠧ ᠲᠣᠭᠤᠷᠢᠭ ᠤᠨ ᠠᠳᠤᠭᠤᠴᠢᠨ ᠠᠶᠢᠯ ᠲᠣᠰᠬᠤᠨ ᠵᠡᠷᠭᠡ 10 | ᠭᠠᠵᠠᠷ ᠢ ᠨᠢᠭᠡᠨᠲᠡ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ ᠢᠶᠠᠷ | ᠨᠡᠷᠡᠶᠢᠳᠴᠦ᠂ ︽ᠬᠤᠪᠢᠰᠬᠠᠯᠲᠤ᠂ ᠤᠯᠠᠮᠵᠢᠯᠠᠯᠲᠤ᠂ ᠵᠠᠩ ᠦᠢᠯᠡ ᠶᠢᠨ ᠰᠣᠶᠣᠯ︾ ᠬᠡᠬᠦ ᠭᠤᠷᠪᠠᠨ ᠥᠪᠡᠷᠮᠢᠴᠡ | ᠣᠨᠴᠠᠯᠢᠭ ᠢ ᠴᠢᠷᠮᠠᠶᠢᠨ ᠰᠠᠶᠢᠲᠤᠷ ᠡᠭᠦᠳᠴᠦ᠂ ᠲᠤᠬᠠᠶ ᠶᠢᠨ ᠭᠠᠵᠠᠷ ᠤᠨ ᠣᠨᠴᠠᠯᠢᠭ ᠲᠠᠢ ᠪᠠᠨ ᠤᠶᠠᠯᠳᠤᠭᠤᠯᠬᠤ ᠪᠠᠷ | ᠭᠤᠣᠯᠯᠠᠭᠰᠠᠨ ᠤᠷᠠᠨ ᠰᠠᠶᠢᠬᠠᠨ ᠤ ᠲᠣᠭᠯᠠᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ | ᠲᠠᠷᠢᠶᠠᠯᠠᠩ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠷᠬᠢᠯᠡᠬᠦ ᠵᠡᠷᠭᠡ ᠣᠯᠠᠨ ᠬᠡᠯᠪᠡᠷᠢ ᠪᠠᠷ ᠡᠯᠪᠡᠭ | ᠬᠤᠷᠢᠶᠠᠯᠲᠠ ᠪᠠᠨ ᠪᠡᠯᠭᠡᠯᠡᠬᠦ ᠠᠵᠢᠯᠯᠠᠭ᠎ᠠ ᠶᠢ ᠥᠷᠨᠢᠭᠦᠯᠦᠭᠡᠳ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠢ ᠳᠡᠭᠡᠭᠰᠢᠯᠡᠭᠦᠯᠪᠡ᠃ ᠨᠡᠶᠢᠭᠡᠮ ᠤᠨ | ᠵᠠᠰᠠᠯᠲᠠ ᠶᠢᠨ ᠨᠡᠷᠡᠲᠦ ᠲᠡᠮᠳᠡᠭ ᠢ ᠡᠭᠦᠳᠪᠡ᠃ ᠪᠥᠬᠦ ᠬᠤᠲᠠ ᠶᠢᠨ ᠡᠯ᠎ᠡ ᠨᠡᠶᠢᠭᠡᠮ ᠲᠣᠭᠤᠷᠢᠭ ᠲᠤ ᠲᠤᠰᠬᠠᠶᠢᠯᠠᠨ | 897 ᠬᠥᠮᠦᠨ ᠢᠶᠠᠷ ᠪᠦᠷᠢᠯᠳᠦᠭᠰᠡᠨ ᠦᠨᠳᠦᠰᠦᠲᠡᠨ ᠤ ᠠᠵᠢᠯ ᠤᠨ ᠲᠤᠰᠠᠯᠠᠭᠴᠢ ᠶᠢᠨ ᠡᠩᠨᠡᠭᠡ ᠶᠢ ᠪᠠᠶᠢᠭᠤᠯᠵᠤ᠂ | ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ | ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠲᠣᠣᠷ ᠰᠦᠯᠵᠢᠶ᠎ᠡ︾ ᠶᠢᠨ ᠰᠢᠰᠲ᠋ᠧᠮ ᠢ ᠪᠠᠶᠢᠭᠤᠯᠵᠤ᠂ | ︽ᠬᠦᠷᠴᠦ ᠢᠷᠡᠬᠦ ᠳᠤ ᠨᠢ ᠯᠠᠪᠯᠠᠨ ᠠᠰᠠᠭᠤᠬᠤ ᠬᠥᠮᠦᠨ ᠲᠠᠢ᠂ ᠲᠥᠷᠥ ᠶᠢᠨ ᠪᠣᠳᠣᠯᠭ᠎ᠠ ᠶᠢ ᠤᠬᠠᠭᠤᠯᠬᠤ ᠬᠥᠮᠦᠨ ᠲᠠᠢ᠂ | ᠠᠵᠢᠯ ᠤᠯᠬᠤ ᠳᠤ ᠨᠢ ᠬᠠᠪᠰᠤᠷᠬᠤ ᠬᠥᠮᠦᠨ ᠲᠠᠢ᠂ ᠬᠠᠯᠠᠭᠤᠨ ᠬᠦᠢᠳᠡᠨ ᠢ ᠨᠢ ᠠᠰᠠᠭᠤᠬᠤ ᠬᠦᠮᠦᠨ ᠲᠠᠢ᠂ ᠬᠦᠴᠢᠷ | ᠪᠡᠷᠬᠡᠰᠢᠶᠡᠯ ᠢ ᠨᠢ ᠰᠢᠢᠳᠪᠦᠷᠢᠯᠡᠬᠦ ᠬᠥᠮᠦᠨ ᠲᠠᠢ᠂ ᠵᠢᠭᠤᠷᠠᠯᠳᠤᠭᠠᠨ ᠢ ᠨᠢ ᠰᠢᠢᠳᠪᠦᠷᠢᠯᠡᠬᠦ ᠬᠥᠮᠦᠨ ᠲᠠᠢ︾ ᠪᠠᠶᠢᠬᠤ | ᠵᠡᠷᠭᠡ ︽ᠵᠢᠷᠭᠤᠭ᠎ᠠ ᠶᠢ ᠪᠠᠶᠢᠯᠭᠠᠬᠤ︾ ᠦᠢᠯᠡᠴᠢᠯᠡᠭᠡᠨ ᠤ ᠲᠣᠭᠲᠠᠴᠠ ᠶᠢ ᠪᠣᠳᠠᠲᠠᠶ ᠪᠠᠷ ᠨᠠᠶᠢᠳᠠᠪᠤᠷᠢᠵᠢᠭᠤᠯᠵᠠᠢ᠃ | ᠣᠨᠴᠠᠭᠠᠢ ᠲᠥᠷᠥᠯ ᠵᠦᠢᠯ ᠤᠨ ᠨᠡᠷᠡᠲᠦ ᠲᠡᠮᠳᠡᠭ ᠢ ᠡᠭᠦᠳᠪᠡ᠃ ᠦᠨᠳᠦᠰᠦᠨ ᠱᠠᠲᠤᠨ ᠠᠴᠠ ᠲᠠᠨᠢᠯᠴᠠᠭᠤᠯᠬᠤ᠂ | ᠴᠢᠩᠭ᠎ᠠ ᠰᠢᠯᠢᠨ ᠰᠤᠩᠭᠤᠬᠤ᠂ ᠬᠢᠨᠠᠨ ᠰᠢᠯᠭᠠᠬᠤ ᠪᠠᠷ ᠲᠠᠮᠵᠢᠭᠠᠳ᠂ ᠪᠤᠭᠤᠲᠤ ᠬᠤᠲᠠ ᠶᠢᠨ ᠦᠨᠳᠦᠰᠦᠲᠡᠨ ᠤ | ᠵᠥᠪᠯᠡᠯ ᠠᠴᠠ ᠴᠢᠩᠱᠠᠨ ᠲᠣᠭᠤᠷᠢᠭ ᠤᠨ ᠸᠠᠨ ᠵᠢᠶᠦ᠋ᠨ ᠨᠡᠶᠢᠭᠡᠮ ᠲᠣᠭᠤᠷᠢᠭ᠂ ᠳ᠋ᠦᠩ ᠾᠧ ᠲᠣᠭᠤᠷᠢᠭ ᠤᠨ ᠹᠦ᠋ | ᠱᠧᠩ ᠮᠢᠩ ᠨᠡᠶᠢᠭᠡᠮ ᠲᠣᠭᠤᠷᠢᠭ ᠵᠡᠷᠭᠡ 30 ᠨᠢᠭᠡᠴᠢ ᠶᠢ ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠲᠦᠷᠦᠭᠦᠦ ᠪᠦᠯᠦᠭ ᠤᠨ ︽ᠤᠯᠠᠭᠠᠨ ᠠᠨᠠᠷ ᠤᠨ ᠬᠡᠷ ᠣᠷᠣᠨ︾ ᠢᠶᠠᠷ ᠨᠡᠷᠡᠶᠢᠳᠴᠦ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠬᠤ ᠶᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ᠂ ᠰᠠᠭᠤᠭᠠᠯᠢ | ᠠᠷᠠᠳ ᠤᠨ ᠡᠳᠦᠷ ᠲᠤᠲᠤᠮ ᠤᠨ ᠠᠮᠢᠳᠤᠷᠠᠯ ᠵᠡᠷᠡᠭᠡ ᠳᠤ ᠨᠢ ᠠᠭᠤᠰᠤᠯᠴᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠣᠯᠠᠨ ᠰᠠᠭᠤᠭᠠᠯᠢ ᠠᠷᠠᠳ ᠤᠨ ᠰᠡᠳᠬᠢᠯ ᠳᠤ | ᠬᠠᠳᠠᠩᠰᠢᠭᠤᠯᠵᠤ᠂ ᠦᠢᠯᠡ ᠠᠵᠢᠯᠯᠠᠭ᠎ᠠ ᠳᠤ ᠨᠢ ᠠᠭᠤᠰᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ |