ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠴᠥᠭᠡᠨ ᠲᠣᠭᠠᠲᠤ | ᠦᠨᠳᠦᠰᠦᠲᠡᠨ ᠤ ᠬᠥᠮᠦᠨ ᠠᠮᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠨᠢ ᠬᠥᠬᠡᠬᠤᠲᠠ᠂ ᠤᠯᠠᠭᠠᠨᠬᠠᠳᠠ ᠬᠤᠲᠠ᠂ | ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠴᠠᠪ ᠬᠤᠲᠠ᠂ ᠦᠬᠠᠶ ᠬᠤᠲᠠ ᠵᠡᠷᠭᠡ 6 ᠠᠶᠢᠮᠠᠭ ᠬᠤᠲᠠ ᠲᠠᠢ | ︽ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠣᠷᠣᠨ | ᠪᠦᠰᠡ ᠠᠯᠤᠰᠯᠠᠨ ᠵᠤᠬᠢᠴᠠᠭᠤᠯᠬᠤ ᠬᠠᠮᠳᠤᠷᠠᠯᠴᠠᠭᠠᠨ ᠤ ᠲᠣᠭᠲᠠᠴᠠ ᠶᠢᠨ ᠬᠡᠯᠡᠯᠴᠡᠭᠡᠷ ᠤᠨ ᠪᠢᠴᠢᠭ︾ ᠢ ᠲᠣᠭᠲᠠᠵᠤ᠂ | ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢ ᠣᠷᠣᠨ ᠪᠦᠰᠡ ᠠᠯᠤᠰᠯᠠᠨ ᠵᠤᠬᠢᠴᠠᠭᠤᠯᠬᠤ | ᠬᠠᠮᠳᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠪᠠ᠃ | ᠬᠡᠯᠡᠯᠴᠡᠭᠡᠷ ᠲᠤ᠂ ᠬᠤᠶᠠᠷ ᠲᠠᠯ᠎ᠠ ᠪᠠᠷ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠡᠷᠬᠡ ᠠᠰᠢᠭ ᠢ | ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠶ᠎ᠡ ᠵᠣᠬᠢᠴᠠᠯ ᠢ ᠨᠡᠮᠡᠭᠳᠡᠭᠦᠯᠬᠦ᠂ ᠬᠠᠮᠲᠤ ᠪᠠᠷ ᠬᠥᠭᠵᠢᠬᠦ ᠪᠠᠷ | ᠬᠠᠷᠠᠯᠲᠠ ᠪᠣᠯᠭᠠᠨ᠂ ᠡᠯ᠎ᠡ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠪᠠᠷ ᠭᠤᠤᠯᠳᠠᠯᠭ᠎ᠠ ᠪᠤᠯᠭᠠᠵᠤ᠂ ᠮᠡᠳᠡᠭᠡ ᠵᠠᠩᠭᠢ ᠨᠡᠪᠲᠡᠷᠡᠯᠴᠡᠭᠦ᠂ ᠤᠬᠠᠭᠤᠯᠵᠤ ᠬᠦᠮᠦᠵᠢᠭᠦᠯᠭᠦ᠂ ᠦᠢᠯᠡᠴᠢᠯᠡᠵᠦ | ᠬᠠᠮᠢᠶᠠᠷᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠲᠤᠷᠰᠢᠯᠭ᠎ᠠ ᠰᠣᠯᠢᠯᠴᠠᠬᠤ ᠵᠡᠷᠭᠡ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠦᠨᠡᠨ ᠬᠦ ᠬᠦᠡᠵᠡᠭᠡᠶᠢᠷᠡᠭᠦᠯᠵᠦ᠂ | ᠦᠢᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ | ᠨᠡᠭᠦᠲᠡᠯ ᠬᠥᠮᠦᠨ ᠠᠮᠠ ᠶᠢᠨ ᠦᠢᠯᠡᠳᠪᠦᠷᠢᠯᠡᠯ ᠠᠮᠢᠳᠤᠷᠠᠯ ᠪᠣᠯᠤᠨ ᠨᠡᠶᠢᠭᠡᠮ ᠤᠨ ᠬᠠᠷᠢᠯᠴᠠᠭᠠᠨ ᠤ ᠳᠤᠮᠳᠠ | ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ ᠭᠡᠵᠦ ᠲᠤᠬᠳᠠᠪᠠ᠃ |