ᠣᠶᠢᠷ᠎ᠠ ᠳᠤ᠂ ᠤᠯᠠᠭᠠᠨᠬᠠᠳᠠ ᠬᠤᠲᠠ ᠬᠠᠷᠢᠯᠴᠠᠨ ᠲᠤᠭᠤᠷᠢᠨ ᠦᠵᠡᠵᠦ ᠬᠠᠷᠢᠯᠴᠠᠨ ᠰᠤᠷᠤᠯᠴᠠᠬᠤ ᠪᠠᠷ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠪᠠ᠃ | | | ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠨᠢᠩᠴᠧᠩ ᠰᠢᠶᠠᠨ ᠤ ᠬᠡᠰᠡᠭ ᠳᠠᠷᠢᠵᠤ | ᠲᠡᠵᠢᠭᠡᠬᠦ ᠰᠠᠭᠤᠷᠢᠨ ᠭᠠᠵᠠᠷ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠣᠯᠤᠨ ᠰᠤᠷᠭᠠᠭᠤᠯᠢ ᠵᠡᠷᠭᠡ ᠪᠠᠷ | ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ ᠰᠠᠨᠠᠯ ᠢᠶᠠᠨ | ᠰᠣᠯᠢᠯᠴᠠᠪᠠ᠃ | | | ᠬᠤᠷᠠᠯ ᠠᠴᠠ᠂ ᠪᠦᠬᠦ ᠬᠤᠳᠠ ᠶᠢᠨ ᠦᠡᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠦᠵᠡᠯ | ᠰᠠᠨᠠᠭ᠎ᠠ ᠲᠠᠨᠢᠯᠲᠠ ᠪᠠᠨ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ | ᠪᠣᠯᠤᠨ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ | ᠬᠠᠷᠠᠯᠲᠠ ᠶᠢ ᠡᠷᠲᠡᠬᠡᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ |