ᠣᠶᠢᠷ᠎ᠠ ᠳᠤ᠂ ᠮᠠᠨᠵᠤᠤᠷ ᠬᠤᠲᠠ ᠨᠢ ᠦᠨᠳᠦᠰᠦᠲᠡᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ | ᠬᠤᠷᠠᠯ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ | ᠪᠠᠶᠢᠳᠠᠯ ᠳᠣᠣᠷᠠᠬᠢ ᠮᠠᠨᠵᠤᠤᠷ ᠬᠤᠳᠠ ᠶᠢᠨ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠠᠩ | ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2021 ᠣᠨ ᠤ ᠮᠠᠨᠵᠤᠤᠷ ᠬᠤᠲᠠ ᠶᠢᠨ | ᠦᠨᠳᠦᠰᠦᠲᠡᠨ ᠤ ᠠᠵᠢᠯ ᠳᠤ ᠳ᠋ᠦᠩᠨᠡᠯᠲᠡ ᠬᠢᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠨᠵᠤᠤᠷ ᠳᠡᠭᠡᠳᠦ | ᠰᠤᠷᠭᠠᠭᠤᠯᠢ᠂ ᠡᠮᠦᠨᠡᠲᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢ | ᠲᠤᠷᠰᠢᠯᠭ᠎ᠠ ᠪᠠᠨ ᠰᠤᠯᠢᠯᠴᠠᠵᠤ ᠦᠭᠡ ᠬᠡᠯᠡᠪᠡ᠃ | ᠬᠤᠷᠠᠯ ᠠᠴᠠ᠂ ᠭᠤᠤᠯᠳᠠᠯᠭ᠎ᠠ ᠶᠢ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠭᠤᠤᠯ ᠰᠢᠵᠢᠮ ᠢ ᠪᠠᠲᠤ ᠡᠵᠡᠮᠳᠡᠵᠦ᠂ ᠬᠥᠯᠥᠨ ᠪᠤᠶᠢᠷ ᠬᠤᠲᠠ᠂ ᠮᠠᠨᠵᠤᠤᠷ ᠬᠤᠲᠠ ᠶᠢᠨ ᠬᠤᠶᠠᠷ ᠱᠠᠲᠤᠨ ᠤ ᠵᠢᠯ ᠤᠨ | ᠰᠢᠯᠭᠠᠨ ᠬᠢᠨᠠᠬᠤ ᠬᠠᠷᠠᠯᠲᠠ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠴᠦ᠂ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠬᠤᠲᠠ ᠶᠢᠨ ᠡᠯ᠎ᠡ ᠨᠢᠭᠡᠴᠢ ᠢᠯᠠᠩᠭᠤᠶ᠎ᠠ ᠭᠤᠤᠯ ᠬᠠᠷᠢᠭᠤᠴᠠᠯᠭᠠᠲᠠᠨ | ᠨᠥᠬᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠪᠠ | ᠦᠨᠳᠦᠰᠦᠲᠡᠨ ᠤ ᠠᠰᠠᠭᠤᠳᠠᠯ ᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ | ᠡᠷᠡᠰ ᠭᠦᠢᠴᠡᠳᠭᠡᠵᠦ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠮᠠᠨᠵᠤᠤᠷ ᠬᠤᠲᠠ ᠶᠢᠨ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ |