2017 ᠣᠨ ᠤ 11 ᠳ᠋ᠤᠭᠡᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠰᠥᠨᠢᠳ ᠪᠠᠷᠠᠭᠤᠨ | ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠣᠯᠠᠨ ᠢ ᠥᠨᠢ ᠡᠭᠦᠷᠢᠳᠡ ᠲᠠᠯ᠎ᠠ | ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠠᠷᠠᠶ ᠭᠡᠵᠦ | ᠵᠣᠷᠢᠭᠵᠢᠭᠤᠯᠪᠠ᠃ ᠲᠡᠬᠦᠨ ᠠᠴᠠ ᠬᠤᠶᠢᠰᠢᠬᠢ 4 ᠵᠢᠯ ᠤᠨ ᠲᠤᠷᠰᠢ᠂ ᠰᠥᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ᠨᠢ ᠶᠡᠷᠦᠩᠬᠡᠶ ᠱᠦᠵᠢ ᠶᠢᠨ ᠵᠠᠬᠢᠶ᠎ᠠ ᠶᠢ ᠪᠠᠲᠤ ᠴᠡᠭᠡᠵᠢᠯᠡᠵᠦ᠂ ᠤᠯᠤᠰ ᠲᠥᠷᠥ ᠶᠢᠨ ᠴᠢᠳᠠᠮᠵᠢ ᠪᠠᠨ | ᠬᠦᠴᠦᠯᠡᠨ ᠴᠢᠩᠭᠠᠳᠬᠠᠵᠤ᠂ ᠣᠯᠠᠨ ᠲᠦᠮᠡᠨ ᠳᠤ ᠢᠳᠡᠪᠬᠢᠲᠡᠶ ᠦᠢᠯᠡᠴᠢᠯᠡᠵᠤ᠂ ᠤᠳᠬ᠎ᠠ ᠤᠷᠠᠯᠢᠭ ᠤᠨ | ᠪᠦᠲᠦᠭᠡᠯ ᠢᠶᠠᠷ ᠲᠠᠯ᠎ᠠ ᠨᠤᠲᠤᠭ ᠤᠨ ᠬᠥᠪᠡᠭᠦᠳ ᠥᠬᠢᠳ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ | ᠨᠡᠶᠢᠭᠡᠮ ᠵᠢᠷᠤᠮ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠢᠯᠡᠳᠭᠡᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠢ ᠦᠨᠳᠦᠰᠦᠨ ᠱᠠᠲᠤᠨ ᠳᠤ ᠠᠮᠢᠳᠤᠯᠢᠭ ᠥᠷᠨᠢᠭᠦᠯᠬᠦ ᠳᠤ ᠬᠦᠴᠦᠨ ᠵᠢᠳᠬᠦᠯ ᠢᠶᠠᠨ | ᠨᠡᠮᠡᠷᠢᠯᠡᠪᠡ᠃ | ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠤᠯᠤᠰ ᠲᠥᠷᠥ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠤᠤᠰ | ᠳᠡᠭᠡᠭᠰᠢᠯᠡᠯᠲᠡ ᠶᠢ ᠬᠦᠴᠦᠯᠡᠨ ᠪᠡᠶᠡᠯᠡᠭᠦᠯᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠠᠴᠠ ᠨᠠᠭᠠᠰᠢ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ | ᠴᠢᠬᠤᠯᠠ ᠶᠠᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ | ︽ᠳᠥᠷᠪᠡᠨ ᠲᠡᠦᠬᠡ︾ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠲᠠᠢ ᠤᠶᠠᠯᠳᠤᠭᠤᠯᠤᠨ᠂ ︽ᠨᠠᠮ ᠢᠶᠠᠨ ᠡᠭᠦᠷᠢᠳᠡ | ᠳᠠᠭᠠᠬᠤ︾ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ | ᠱᠠᠭᠠᠷᠳᠠᠯᠭ᠎ᠠ ᠲᠠᠢ ᠠᠭᠤᠰᠤᠯᠴᠠᠭᠤᠯᠵᠤ᠂ ︽5 + 1︾ ︵ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ᠂ | ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ᠂ ᠥᠭᠡᠷᠡᠴᠢᠯᠡᠯᠲᠡ ᠨᠡᠭᠡᠭᠡᠯᠲᠡ ᠶᠢᠨ | ᠰᠢᠨ᠎ᠡ ᠴᠠᠭ ᠦᠶ᠎ᠡ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠲᠡᠦᠬᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ + ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ︶ ᠵᠡᠷᠭᠡ ᠲᠤᠰᠬᠠᠶ ᠰᠡᠳᠦᠪᠲᠦ ᠰᠤᠷᠤᠯᠴᠠᠯᠭ᠎ᠠ ᠶᠢᠨ ᠱᠠᠭᠠᠷᠳᠠᠯᠭ᠎ᠠ ᠶᠤᠰᠤᠭᠠᠷ ᠲᠤᠰᠬᠠᠶ | ᠰᠡᠳᠦᠪ ᠢᠶᠠᠨ ᠥᠷᠨᠢᠭᠦᠯᠪᠡ᠃ ᠨᠠᠮ ᠤᠨ ᠲᠡᠦᠬᠡ ᠶᠢ ᠰᠤᠷᠤᠯᠴᠠᠭᠰᠠᠨ ᠰᠠᠭᠤᠷᠢᠨ ᠳᠡᠭᠡᠷ᠎ᠡ᠂ ᠠᠵᠢᠯ ᠤᠨ ᠪᠣᠳᠠᠲᠤ | ᠪᠠᠶᠢᠳᠠᠯ ᠠᠴᠠ ᠪᠠᠨ ᠡᠭᠦᠰᠴᠤ᠂ ᠰᠤᠳᠤᠯᠤᠨ ᠶᠠᠷᠢᠯᠴᠠᠬᠤ ᠭᠤᠤᠯ ᠰᠡᠳᠦᠪ ᠢᠶᠠᠨ ᠲᠣᠭᠲᠠᠭᠠᠵᠤ᠂ ᠲᠥᠪᠯᠡᠷᠡᠭᠦᠯᠦᠨ | ᠵᠣᠬᠢᠶᠠᠨ ᠪᠠᠶᠢᠭᠤᠯᠬᠤ᠂ ᠰᠦᠯᠵᠢᠶᠡᠨ ᠳᠡᠭᠡᠷ᠎ᠡ ᠪᠣᠳᠣᠯ ᠰᠠᠨᠠᠯ ᠢᠶᠠᠨ ᠰᠤᠯᠢᠯᠴᠠᠬᠤ᠂ ᠲᠣᠭᠯᠠᠯᠲᠠ ᠶᠢᠨ ᠪᠠᠭ᠎ᠠ ᠰᠠᠯᠪᠤᠷᠢ | ᠠᠩᠭᠢ ᠭᠠᠷᠭᠠᠬᠤ ᠵᠡᠷᠭᠡ ᠬᠡᠯᠪᠡᠷᠢ ᠪᠠᠷ ᠪᠥᠬᠦ ᠭᠡᠰᠢᠭᠦᠳ ᠢ ᠵᠣᠬᠢᠶᠠᠨ ᠪᠠᠶᠢᠭᠤᠯᠤᠨ ᠲᠤᠰᠬᠠᠶ ᠰᠡᠳᠦᠪ ᠢᠶᠠᠷ | ᠰᠤᠳᠤᠯᠤᠨ ᠶᠠᠷᠢᠯᠴᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠲᠤᠭᠯᠠᠭᠴᠢᠳ ᠢ ᠵᠤᠬᠢᠶᠠᠨ ᠪᠠᠶᠢᠭᠤᠯᠤᠨ ᠣᠯᠤᠯᠲᠠ | ᠲᠥᠷᠥᠭᠳᠡᠯ ᠢ ᠨᠢ ᠶᠠᠷᠢᠭᠤᠯᠵᠤ᠂ ᠨᠠᠮ ᠤᠨ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠶ ᠲᠠᠨᠢᠭᠤᠯᠵᠤ᠂ | ᠬᠤᠪᠢᠰᠬᠠᠯᠲᠤ ᠤᠳᠬ᠎ᠠ ᠤᠷᠠᠯᠢᠭ ᠤᠨ ᠪᠦᠲᠦᠭᠡᠯ ᠢ ᠰᠠᠶᠢᠲᠤᠷ ᠵᠣᠬᠢᠶᠠᠨ ᠪᠦᠲᠦᠭᠡᠬᠦ ᠳᠤ ᠬᠦᠴᠦᠷᠬᠡᠭ ᠶᠡᠭᠡ ᠣᠶᠤᠨ | ᠰᠠᠨᠠᠭᠠᠨ ᠤ ᠰᠢᠮ᠎ᠡ ᠲᠡᠵᠢᠭᠡᠯ ᠢ ᠨᠦᠬᠦᠪᠦᠷᠢᠯᠡᠵᠤ ᠦᠭᠴᠡᠢ᠃ | ᠰᠢᠨ᠎ᠡ ᠴᠠᠭ ᠦᠶ᠎ᠡ ᠶᠢᠨ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ | ᠪᠣᠯᠭᠠᠵᠤ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠪᠠ᠃ ᠰᠥᠨᠢᠳ ᠪᠠᠷᠠᠭᠤᠨ | ᠬᠤᠰᠢᠭᠤᠨ ᠤ ᠤᠯᠠᠭᠠᠨᠮᠥ᠋ᠴᠢᠷ ᠢᠮᠠᠭᠲᠠ ᠶᠡᠷᠦᠩᠬᠡᠶ ᠱᠦᠵᠢ ᠶᠢᠨ ᠵᠢᠭᠠᠪᠤᠷᠢ ᠶᠣᠰᠣᠭᠠᠷ᠂ ︽ᠠᠮᠢᠳᠤᠷᠠᠯ ᠤᠨ ᠰᠢᠮᠡᠯᠢᠭ | ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠵᠤ᠂ ᠤᠳᠬ᠎ᠠ ᠤᠷᠠᠯᠢᠭ ᠤᠨ ᠰᠢᠨ᠎ᠡ | ᠡᠭᠦᠳᠦᠯᠲᠡ ᠶᠢ ᠳᠥᠯᠭᠢᠨ ᠠᠬᠢᠭᠤᠯᠵᠤ︾᠂ ︽ᠦᠨᠳᠦᠰᠦᠨ ᠱᠠᠲᠤᠨ ᠳᠤ ᠦᠨᠳᠦᠰᠦᠯᠡᠵᠤ᠂ ᠤᠯᠠᠮᠵᠢᠯᠠᠵᠤ ᠳᠡᠶᠢᠯᠬᠦ᠂ | ᠦᠯᠡᠳᠡᠵᠦ ᠳᠡᠶᠢᠯᠬᠦ︾ ᠪᠦᠲᠦᠭᠡᠯ ᠭᠠᠷᠭᠠᠬᠤ ᠪᠠᠷ ᠵᠣᠬᠢᠶᠠᠨ ᠪᠦᠲᠦᠭᠡᠬᠦ ᠬᠠᠷᠠᠯᠲᠠ ᠪᠠᠨ ᠪᠣᠯᠭᠠᠵᠤ᠂ ᠤᠷᠠᠯᠢᠭ ᠢ | ᠠᠮᠢᠳᠤᠷᠠᠯ ᠠᠴᠠ ᠢᠷᠡᠯᠲᠡ ᠲᠠᠢ᠂ ᠤᠷᠠᠯᠢᠭ ᠢ ᠠᠮᠢᠳᠤᠷᠠᠯ ᠳᠤ ᠠᠭᠤᠰᠬᠠᠨ ᠵᠣᠬᠢᠶᠠᠨ ᠪᠦᠲᠦᠭᠡᠬᠦ ᠵᠠᠷᠴᠢᠮ ᠢᠶᠠᠨ | ᠪᠤᠯᠭᠠᠵᠤ᠂ ᠲᠣᠭᠯᠠᠬᠤ ᠶᠢᠨ ᠳᠠᠭᠠᠤ ᠠᠮᠢᠳᠤᠷᠠᠯ ᠤᠨ ᠳᠤᠮᠳᠠ ᠠᠴᠠ ᠰᠡᠲᠦᠪ ᠴᠤᠭᠯᠠᠭᠤᠯᠵᠤ᠂ ᠦᠢᠯᠡᠴᠢᠯᠡᠭᠡᠨ ᠬᠢᠬᠦ | ᠶᠢᠨ ᠬᠠᠮᠲᠦ ᠵᠣᠬᠢᠶᠠᠨ ᠪᠦᠲᠦᠭᠡᠵᠤ᠂ ᠬᠠᠭᠤᠴᠢᠨ ᠪᠦᠳᠦᠭᠡᠯ ᠤᠨ ᠰᠠᠭᠤᠷᠢᠨ ᠲᠡᠭᠡᠷ᠎ᠡ ᠳᠠᠰᠤᠷᠠᠯᠳᠠ ᠦᠭᠡᠢ ᠰᠢᠨ᠎ᠡ | ᠪᠦᠲᠦᠭᠡᠯ ᠨᠡᠮᠡᠷᠢᠯᠡᠵᠤ᠂ ᠦᠢᠯᠡᠴᠢᠯᠡᠭᠡᠨ ᠤ ᠬᠡᠪᠴᠢᠶ᠎ᠡ ᠪᠠᠨ ᠨᠡᠮᠡᠭᠳᠡᠭᠦᠯᠦᠭᠰᠡᠭᠡᠷ ᠢᠷᠡᠪᠡ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ | ᠦᠨᠳᠦᠰᠦᠲᠡᠨ ᠤ ᠪᠦᠯᠬᠦᠮᠳᠡᠯ᠂ ᠴᠡᠷᠢᠭ ᠠᠷᠠᠳ ᠤᠨ ᠠᠭᠤᠰᠤᠯᠴᠠᠯ᠂ ᠡᠬᠡ ᠤᠯᠤᠰ ᠢᠶᠠᠨ ᠮᠠᠭᠲᠠᠨ ᠳᠠᠭᠤᠯᠠᠬᠤ᠂ ᠡᠪ | ᠬᠠᠮᠲᠤ ᠨᠠᠮ ᠢᠶᠠᠨ ᠮᠠᠭᠲᠠᠨ ᠳᠠᠭᠤᠯᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠤᠷᠢᠳ ᠬᠤᠵᠢᠳ ︽ᠥᠨᠢ | ᠮᠥᠩᠬᠡ ᠶᠢᠨ ᠢᠲᠡᠭᠡᠯ ᠪᠢᠰᠢᠷᠡᠯ︾᠂ ︽ᠨᠤᠲᠤᠭ ᠤᠰᠤ ᠪᠠᠨ ᠮᠠᠭᠲᠠᠨ ᠳᠠᠭᠤᠯᠠᠶ᠎ᠠ︾ ᠵᠡᠷᠭᠡ ᠲᠠᠭᠤᠤ᠂ ︽ᠴᠢᠮᠡᠭᠡ ᠦᠭᠡᠢ | ᠬᠠᠶᠢᠷ᠎ᠠ︾᠂ ︽ᠭᠠᠯ ᠤᠯᠠᠭᠠᠨ ᠤᠯᠠᠭᠠᠨᠮᠥ᠋ᠴᠢᠷ︾ ᠵᠡᠷᠭᠡ ᠪᠦᠵᠢᠭ᠂ ︽ᠴᠡᠷᠢᠭ ᠠᠷᠠᠳ ᠭᠠᠷ ᠭᠠᠷ ᠢᠶᠠᠨ ᠬᠤᠯᠪᠣᠨ ᠵᠣᠯ | ᠵᠢᠷᠭᠠᠯ ᠢᠶᠠᠨ ᠴᠣᠭᠴᠠᠯᠠᠨ᠎ᠠ︾ ᠬᠡᠭᠦ ᠬᠤᠯᠪᠤᠭ᠎ᠠ᠂ ᠣᠬᠤᠷ ᠸᠢᠳᠢᠣ᠋ ︽ᠮᠠᠯᠴᠢᠨ ᠲᠦᠮᠡᠨ ᠡᠪ ᠬᠠᠮᠲᠤ ᠨᠠᠮ ᠢᠶᠠᠨ ᠮᠠᠭᠲᠠᠨ | ᠳᠠᠭᠤᠯᠠᠨ᠎ᠠ︾᠂ ︽ᠮᠠᠭᠲᠠᠭᠠᠯ ᠳᠠᠭᠤᠤ︾᠂ ︽ᠠᠭᠤᠯᠠᠨ ᠤ ᠲᠠᠭᠤᠤ ᠪᠠᠨ ᠨᠠᠮ ᠳᠤ ᠪᠠᠨ ᠡᠷᠭᠦᠶ᠎ᠡ︾ ᠵᠡᠷᠭᠡ 10 ᠭᠠᠷᠤᠢ | ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ᠨᠠᠮ ᠤᠨ ᠲᠡᠤᠬᠡ ᠶᠢ ᠰᠤᠷᠤᠯᠴᠠᠭᠤᠯᠤᠨ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠲᠠᠭᠠᠬᠤ ᠪᠣᠯᠭᠠᠪᠠ᠃ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠰᠤᠷᠭᠠᠨ ᠬᠥᠮᠦᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠲᠤᠭᠯᠠᠭᠴᠢᠳ ᠢᠶᠠᠨ ᠵᠣᠬᠢᠶᠠᠨ ᠪᠠᠶᠢᠭᠤᠯᠵᠤ | ︽ᠳᠤᠮᠳᠠᠳᠤ ᠶᠢᠨ ᠬᠥᠪᠡᠭᠦᠳ ᠥᠬᠢᠳ ᠨᠠᠮ ᠢᠶᠠᠨ ᠳᠠᠭᠠᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ | ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠪᠦᠬᠦ ᠤᠯᠤᠰ ᠤᠨ ᠲᠣᠭᠤᠷᠢᠨ ᠲᠣᠭᠯᠠᠯᠲᠠ ᠪᠠᠨᠥᠷᠨᠢᠭᠦᠯᠵᠦ᠂ ᠲᠠᠯ᠎ᠠ | ᠨᠤᠲᠤᠭ ᠤᠨ ᠠᠷᠠᠳ ᠲᠦᠮᠡᠨ ᠤ ᠰᠡᠳᠬᠢᠯ ᠵᠢᠷᠦᠬᠡᠨ ᠤ ᠳᠠᠭᠤᠨ ᠢ ᠡᠪᠦᠷᠯᠡᠵᠦ᠂ ᠨᠢᠭᠡ ᠰᠠᠷ᠎ᠠ ᠶᠢᠨ ᠬᠤᠭᠤᠴᠠᠭᠠᠨ ᠳᠤ | ᠪᠦᠬᠦ ᠤᠯᠤᠰ ᠤᠨ 12 ᠮᠤᠵᠢ᠂ ᠬᠤᠳᠠ᠂ ᠥᠪᠡᠷᠲᠡᠭᠡᠨ ᠵᠠᠰᠠᠬᠤ ᠣᠷᠣᠨ ᠳᠤ 22 ᠲᠠᠯᠠᠪᠠᠢ ᠲᠣᠭᠤᠷᠢᠨ ᠦᠵᠡᠭᠦᠯᠬᠦ | ᠲᠣᠭᠯᠠᠯᠲᠠ ᠭᠠᠷᠭᠠᠵᠤ᠂ ᠪᠦᠬᠦ ᠤᠯᠤᠰ ᠤᠨ ᠡᠯ᠎ᠡ ᠭᠠᠵᠠᠷ ᠤᠨ ᠦᠵᠡᠭᠴᠢᠳ ᠲᠤ ᠤᠯᠠᠭᠠᠨᠮᠥ᠋ᠴᠢᠷ ᠤᠨ ᠤᠷᠠᠯᠢᠭ ᠤᠨ | ᠲᠣᠭᠯᠠᠯᠲᠠ ᠶᠢ ᠰᠣᠨᠢᠷᠬᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠣᠷᠢᠭ ᠰᠠᠨᠠᠭ᠎ᠠ ᠶᠢ ᠴᠢᠩᠭᠠᠳᠬᠠᠵᠠᠢ᠃ | ︽ᠨᠠᠮ ᠤᠨ ᠨᠡᠭᠦᠳᠡᠯ ᠬᠢᠴᠢᠶᠡᠯ ᠤᠨ ᠰᠤᠷᠤᠯᠴᠠᠯᠭ᠎ᠠ︾ ᠪᠠᠷ ᠭᠤᠣᠯ ᠪᠣᠯᠭᠠᠵᠤ᠂ ᠨᠠᠮ ᠤᠨ ᠲᠥᠷᠥ ᠶᠢᠨ | ᠪᠣᠳᠣᠯᠭ᠎ᠠ ᠪᠣᠯᠣᠨ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠳᠤ ᠬᠦᠷᠭᠡᠪᠡ᠃ ᠰᠥᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ᠤᠨ ᠭᠡᠰᠢᠭᠦᠳ ᠵᠢᠯ ᠳᠤᠮᠳᠠᠴᠢ ᠪᠠᠷ 2 ᠲᠦᠮᠡ ᠭᠠᠷᠤᠢ ᠺᠢᠯᠤᠮᠧᠲᠷ ᠠᠶᠠᠯᠠᠵᠤ᠂ ᠦᠨᠳᠦᠰᠦᠨ | ᠱᠠᠲᠤᠨ ᠳᠤ ᠭᠦᠨᠵᠡᠭᠡᠶᠢᠷᠡᠨ ᠵᠠᠭᠤ ᠭᠠᠷᠤᠢ ᠲᠠᠯᠠᠪᠠᠢ ᠲᠣᠭᠯᠠᠯᠲᠠ ᠭᠠᠷᠭᠠᠵᠤ᠂ ᠰᠢᠨ᠎ᠡ ᠰᠡᠪᠡᠭᠦᠨ ᠤᠯᠠᠨ ᠶᠠᠩᠵᠤ ᠶᠢᠨ | ᠤᠳᠬ᠎ᠠ ᠤᠷᠠᠯᠢᠭ ᠤᠨ ᠲᠣᠭᠯᠠᠯᠲᠠ ᠪᠠᠷ ᠨᠠᠮ ᠤᠨ ᠤᠨᠤᠯ᠂ ᠲᠦᠷᠦ ᠶᠢᠨ ᠪᠤᠳᠤᠯᠭ᠎ᠠ ᠶᠢ ᠰᠤᠷᠲᠠᠯᠴᠢᠯᠠᠨ ᠤᠬᠠᠭᠤᠯᠵᠤ᠂ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠲᠥᠷᠥ ᠶᠢᠨ ᠪᠣᠳᠣᠯᠭ᠎ᠠ | ᠪᠣᠯᠣᠨ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠤ ᠡᠭᠡᠯ ᠠᠷᠠᠳ ᠤᠨ ᠭᠡᠷ ᠲᠤ ᠦᠨᠡᠨ ᠬᠦ ᠬᠦᠷᠭᠡᠪᠡ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠢ ᠥᠷᠨᠢᠭᠦᠯᠬᠦ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ ᠤᠨ ᠪᠠᠭ᠎ᠠ ᠰᠠᠯᠪᠤᠷᠢ | ᠠᠩᠭᠢ ᠶᠢ ᠵᠣᠬᠢᠶᠠᠨ ᠪᠠᠶᠢᠭᠤᠯᠵᠤ᠂ ᠤᠷᠢᠳ ᠬᠤᠵᠢᠳ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ᠂ ᠰᠤᠷᠭᠠᠭᠤᠯᠢ ᠳᠤ ᠭᠦᠨᠵᠡᠭᠡᠶᠢᠷᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠨᠣᠯ ᠤᠨ | ᠤᠬᠠᠭᠤᠯᠭ᠎ᠠ ᠲᠠᠶᠢᠯᠤᠮᠵᠢ ᠶᠢ 70 ᠭᠠᠷᠤᠶ ᠲᠠᠯᠠᠪᠠᠢ ᠤᠳᠠᠭ᠎ᠠ ᠥᠷᠨᠢᠭᠦᠯᠵᠦ᠂ ᠬᠦᠯᠢᠶᠡᠨ ᠦᠵᠡᠭᠴᠢᠳ ᠤᠨ ᠲᠤᠭ᠎ᠠ | 3000 ᠭᠠᠷᠤᠶ ᠬᠥᠮᠦᠨ ᠤᠳᠠᠭ᠎ᠠ ᠳᠤ ᠬᠦᠷᠴᠡᠢ᠃ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠬᠠᠮᠲᠤ᠂ | ᠲᠣᠭᠯᠠᠭᠴᠢᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠠᠵᠢᠯ ᠳᠤ ᠢᠳᠡᠪᠬᠢᠲᠡᠶ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ | ᠱᠠᠭᠠᠷᠳᠠᠯᠭ᠎ᠠ ᠳᠤ ᠨᠡᠶᠢᠴᠡᠭᠰᠡᠨ ᠣᠷᠳᠣ ᠬᠤᠭᠤᠴᠠᠭᠠᠨ ᠤ ᠪᠦᠲᠦᠮᠵᠢᠲᠡᠶ ᠦᠢᠯᠡᠴᠢᠯᠡᠭᠡᠨ ᠤ ᠪᠠᠶᠢᠭᠤᠯᠤᠮᠵᠢ ᠶᠢ | ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠳᠤ ᠬᠠᠤᠯᠢ ᠲᠦᠭᠡᠮᠡᠯᠵᠢᠭᠦᠯᠬᠦ᠂ ᠠᠶᠤᠯ ᠥᠬᠡᠶ | ᠦᠢᠯᠡᠳᠪᠦᠷᠢᠯᠡᠯ ᠤᠨ ᠮᠡᠳᠡᠯᠭᠡ ᠮᠡᠳᠡᠴᠡ ᠪᠠ ᠠᠷᠠᠳ ᠲᠦᠮᠡᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠵᠡᠷᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠠᠮ ᠤᠨ ᠲᠥᠷᠥ ᠶᠢᠨ ᠪᠣᠳᠣᠯᠭ᠎ᠠ ᠪᠣᠯᠣᠨ | ᠬᠠᠶᠢᠷ᠎ᠠ ᠬᠠᠯᠠᠮᠵᠢ ᠶᠢ ᠦᠨᠡᠨ ᠬᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠭᠡᠪᠡ᠃ 4 ᠵᠢᠯ ᠤᠨ ᠲᠤᠷᠰᠢ᠂ | ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠲᠦᠷᠦᠭᠦᠯᠡᠨ ᠡᠮᠨᠡᠯᠭᠡ ᠶᠢᠨ ᠬᠤᠷᠢᠶ᠎ᠠ᠂ ᠬᠠᠤᠯᠢ ᠴᠠᠭᠠᠵᠠ᠂ | ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠤᠰᠤᠨ ᠠᠰᠢᠭᠯᠠᠯᠲᠠ᠂ ᠰᠤᠷᠭᠠᠨ | ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠳᠠᠶᠢᠴᠢᠯᠠᠨ᠂ ᠦᠨᠳᠦᠰᠦᠨ ᠱᠠᠲᠤᠨ ᠳᠤ ᠭᠦᠨᠵᠡᠭᠡᠶᠢᠷᠡᠵᠤ᠂ 1200 ᠭᠠᠷᠤᠶ ᠲᠠᠯᠠᠪᠠᠢ ᠤᠳᠠᠭ᠎ᠠ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠪᠠᠷ ᠲᠤᠯᠭᠠᠭᠤᠷᠢᠯᠠᠵᠤ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠢᠨ᠎ᠡ ᠴᠠᠭ ᠦᠶ᠎ᠡ ᠶᠢᠨ ᠪᠣᠯᠪᠠᠰᠤᠨ ᠢ | ᠦᠢᠯᠡᠳᠦᠯᠭᠡᠵᠢᠭᠦᠯᠬᠦ ᠲᠠᠢ ᠨᠢᠭᠲᠠ ᠤᠶᠠᠯᠳᠤᠭᠤᠯᠵᠤ᠂ ︽ᠤᠯᠠᠭᠠᠨᠮᠥ᠋ᠴᠢᠷ +︾ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠥᠷᠨᠢᠭᠦᠯᠬᠦ ᠠᠴᠠ ᠭᠠᠷᠳᠠᠵᠤ᠂ ︽ᠤᠯᠠᠭᠠᠨᠮᠥ᠋ᠴᠢᠷ + ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ︾᠂ | ︽ᠤᠯᠠᠭᠠᠨᠮᠥ᠋ᠴᠢᠷ + ᠦᠨᠳᠦᠰᠦᠲᠡᠨ ᠤ ᠪᠦᠯᠬᠦᠮᠳᠡᠯ︾᠂ ︽ᠤᠯᠠᠭᠠᠨᠮᠥ᠋ᠴᠢᠷ +︾ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ︽ᠤᠯᠠᠭᠠᠨᠮᠥ᠋ᠴᠢᠷ + ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ︾ ᠵᠡᠷᠭᠡ ᠠᠷᠠᠳ ᠲᠦᠮᠡᠨ ᠳᠤ | ᠠᠰᠢᠭ ᠬᠦᠷᠲᠡᠭᠡᠬᠦ ᠶᠡᠷᠦᠩᠬᠡᠶᠢᠯᠡᠭᠰᠡᠨ ᠨᠠᠷᠠᠲᠤ ᠲᠡᠮᠳᠡᠭ ᠢ ᠠᠯᠬᠤᠮ ᠠᠯᠬᠤᠮ ᠢᠶᠠᠷ ᠪᠣᠶ ᠪᠤᠯᠭᠠᠪᠠ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ︽ᠤᠯᠠᠭᠠᠨᠮᠥ᠋ᠴᠢᠷ +︾ ᠠᠵᠢᠯᠯᠠᠭ᠎ᠠ ᠪᠠᠷ | ᠳᠠᠮᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠰᠬᠠᠶ ᠦᠢᠯᠡᠴᠢᠯᠡᠭᠡᠨ ᠤ ᠠᠩᠭᠢ 12 | ᠪᠠ ᠦᠨᠳᠦᠰᠦᠨ ᠱᠠᠲᠤᠨ ᠤ ᠦᠢᠯᠡᠴᠢᠯᠡᠭᠡᠨ ᠤ 63 ᠠᠩᠭᠢ ᠶᠢ ᠳᠠᠶᠢᠴᠢᠯᠠᠨ ᠳᠠᠭᠠᠭᠤᠯᠵᠤ᠂ ᠦᠨᠳᠦᠰᠦᠨ ᠱᠠᠲᠤᠨ ᠤ | ᠡᠮᠦᠨ᠎ᠡ ᠹᠷᠣᠨᠲ ᠲᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠨᠡᠶᠢᠲᠡ 106 ᠤᠳᠠᠭ᠎ᠠ | ᠥᠷᠨᠢᠭᠦᠯᠵᠦ᠂ 7 ᠰᠤᠮᠤ ᠪᠠᠯᠭᠠᠰᠤ᠂ 63 ᠭᠠᠴᠠᠭ᠎ᠠ ᠲᠣᠰᠬᠤᠨ᠂ 14 ᠨᠡᠶᠢᠭᠡᠮ ᠲᠣᠭᠤᠷᠢᠭ ᠢ ᠬᠠᠮᠤᠷᠴᠤ᠂ 5 ᠲᠦᠮᠡ | ᠭᠠᠷᠤᠶ ᠣᠯᠠᠨ ᠲᠦᠮᠡᠨ ᠳᠤ ᠠᠰᠢᠭ ᠬᠦᠷᠲᠡᠭᠡᠪᠡ᠃ ᠠᠵᠢᠯᠯᠠᠭ᠎ᠠ ᠶᠢᠨ ᠳᠤᠮᠳᠠ᠂ ᠤᠯᠠᠭᠠᠨᠮᠥ᠋ᠴᠢᠷ ᠤᠨ ᠠᠬᠠᠮᠠᠳ | ᠭᠡᠰᠢᠭᠦᠳ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠰᠤᠮᠤ | ᠪᠠᠯᠭᠠᠰᠤᠨ ᠤ ᠣᠷᠣᠨ ᠪᠦᠰᠡ ᠶᠢᠨ ᠣᠨᠴᠠᠯᠢᠭ ᠲᠠᠢ ᠨᠡᠭᠦᠳᠡᠯ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ | ᠲᠡᠮᠳᠡᠭ ︽ᠠᠵᠢᠯ ᠤᠨ ᠴᠢᠯᠥᠭᠡᠨ ᠤ ᠤᠯᠠᠭᠠᠨᠮᠥ᠋ᠴᠢᠷ + ᠪᠠᠭ᠎ᠠ ᠤᠯᠠᠭᠠᠨᠮᠥ᠋ᠴᠢᠷ︾ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢ ᠢᠳᠡᠪᠬᠢᠲᠡᠶ ᠬᠠᠪᠰᠤᠷᠤᠨ ᠬᠥᠮᠦᠵᠢᠭᠦᠯᠵᠦ᠂ ᠤᠷᠠᠯᠢᠭ ᠤᠨ ᠴᠢᠨᠠᠷ ᠴᠢᠨᠰᠠᠭ᠎ᠠ ᠪᠠ | ᠬᠤᠪᠢᠰᠬᠠᠯᠲᠤ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠪᠠ᠃ ᠣᠳᠣᠬᠠᠨ ᠳᠤ᠂ ᠨᠢᠭᠡᠨᠲᠡ 7 ᠰᠤᠮᠤ ︵ᠪᠠᠯᠭᠠᠰᠤ︶ | ᠶᠢᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠡᠩᠨᠡᠭᠡ᠂ 10 ︽ᠪᠠᠭ᠎ᠠ ᠤᠯᠠᠭᠠᠨᠮᠥ᠋ᠴᠢᠷ︾ ᠤᠨ ᠡᠩᠨᠡᠭᠡ ᠪᠣᠯᠤᠨ | 14 ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠪᠦᠯᠬᠦᠮ ᠢ ᠪᠥᠷᠢᠯᠳᠦᠭᠦᠯᠵᠦ᠂ ᠶᠡᠷᠦᠩᠬᠡᠢ ᠬᠥᠮᠦᠨ ᠤ ᠲᠤᠭ᠎ᠠ | 1700 ᠭᠠᠷᠤᠢ ᠳᠤ ᠬᠦᠷᠴᠡᠢ᠃ |