ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠵᠥᠪᠯᠡᠯ ᠤᠨ ︽ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ | ︿ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ | ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ﹀ ᠵᠠᠭᠤᠨ ᠡᠳᠦᠷ ᠤᠨ ᠠᠵᠢᠯᠯᠠᠭ᠎ᠠ ᠶᠢ | ᠥᠷᠨᠢᠭᠦᠯᠬᠦ ᠲᠤᠬᠠᠶ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠤᠯᠠᠭᠠᠨᠴᠠᠪ ᠬᠤᠲᠠ ᠶᠢᠨ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠦᠨᠳᠦᠰᠦᠲᠡᠨ ᠤ ᠵᠥᠪᠯᠡᠯ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ | ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ | ᠬᠥᠭᠵᠢᠯᠲᠡ ᠶᠢ ᠠᠬᠢᠭᠤᠯᠬᠤ︾ ᠵᠠᠭᠤᠨ ᠡᠳᠦᠷ ᠤᠨ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠡᠯ᠎ᠡ ᠭᠠᠵᠠᠷ ᠤᠨ ᠬᠢᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠠᠵᠢᠯ ᠤᠨ | ᠱᠠᠭᠠᠷᠳᠠᠯᠭ᠎ᠠ ᠶᠤᠰᠤᠭᠠᠷ᠂ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ | ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠵᠠᠭᠤᠨ | ᠡᠳᠦᠷ ᠤᠨ ᠠᠵᠢᠯᠯᠠᠭ᠎ᠠ ᠶᠢᠨ ᠠᠵᠢᠯ ᠤᠨ ᠲᠥᠰᠦᠯ ᠢ ᠴᠠᠭ ᠲᠤᠬᠠᠢ ᠳᠤ ᠨᠢ ᠳᠤᠨᠢ ᠭᠦᠨᠵᠡᠭᠡᠶ ᠲᠣᠭᠲᠠᠭᠠᠨ | ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠵᠤ᠂ ᠠᠯᠪᠠᠨ ᠪᠠᠶᠢᠭᠤᠯᠭ᠎ᠠ ᠠᠴᠠ ᠭᠠᠷᠴᠤ᠂ ᠦᠨᠳᠦᠰᠦᠨ ᠱᠠᠲᠤᠨ ᠳᠤ ᠬᠦᠨᠵᠡᠭᠡᠶᠢᠷᠡᠨ᠂ ᠣᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠦᠨᠡᠨ ᠦᠭᠡ ᠶᠢ ᠰᠣᠨᠣᠰᠴᠤ᠂ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠤ | ᠶᠠᠪᠤᠳᠠᠯ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠦᠨᠡᠨ ᠬᠦ ᠰᠠᠶᠢᠲᠤᠷ ᠨᠠᠷᠢᠯᠢᠭ | ᠪᠣᠳᠠᠲᠠᠶ ᠬᠢᠬᠦ ᠬᠡᠷᠡᠭᠲᠡᠶ ᠭᠡᠵᠦ ᠱᠠᠭᠠᠷᠳᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ | ᠠᠬᠢᠭᠤᠯᠬᠤ︾᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠲᠠᠢ ᠣᠷᠭᠠᠨᠢᠭ ᠢᠶᠠᠷ ᠤᠶᠠᠯᠳᠤᠭᠤᠯᠵᠤ᠂ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ | ᠪᠣᠯᠤᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ | ᠭᠦᠢᠴᠡᠳ ᠤᠬᠠᠭᠤᠯᠬᠤ ᠬᠡᠷᠡᠭᠲᠡᠶ ᠭᠡᠵᠤ ᠱᠠᠭᠠᠷᠳᠠᠪᠠ᠃ | | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠵᠥᠪᠯᠡᠯ | | ᠵᠦᠸᠧᠽᠢ ᠰᠢᠶᠠᠨ ᠤ ᠦᠨᠳᠦᠰᠦᠲᠡᠨ ᠤ ᠵᠥᠪᠯᠡᠯ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠵᠥᠪᠯᠡᠯ | | ᠰᠢᠩ ᠾᠧ ᠰᠢᠶᠠᠨ ᠤ ᠦᠨᠳᠦᠰᠦᠲᠡᠨ ᠤ ᠵᠥᠪᠯᠡᠯ | | ᠹᠧᠩᠵᠧᠨ ᠬᠤᠲᠠ ᠶᠢᠨ ᠦᠨᠳᠦᠰᠦᠲᠡᠨ ᠤ ᠵᠤᠪᠯᠡᠯ | | ᠳᠥᠷᠪᠡᠳ ᠬᠤᠰᠢᠭᠤᠨ ᠤ ᠦᠨᠳᠦᠰᠦᠲᠡᠨ ᠤ ᠵᠥᠪᠯᠡᠯ | | ᠬᠤᠸᠠᠳᠧ ᠰᠢᠶᠠᠨ ᠤ ᠦᠨᠳᠦᠰᠦᠲᠡᠨ ᠤ ᠵᠥᠪᠯᠡᠯ | | ᠵᠢᠨᠢᠩ ᠲᠣᠭᠤᠷᠢᠭ ᠤᠨ ᠦᠨᠳᠦᠰᠦᠲᠡᠨ ᠤ ᠵᠥᠪᠯᠡᠯ |