ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠶᠡᠷᠤᠩᠭᠡᠢ ᠪᠠᠲᠤᠯᠠᠭ᠎ᠠ ᠶᠢᠨ ᠲᠥᠪ ᠤᠨ ᠫᠠᠶᠢᠰᠠ ᠶᠢ ᠡᠯᠭᠦᠨ᠎ᠡ︶
ᠨᠡᠶᠢᠲᠡᠯᠡᠭᠰᠡᠨ ᠴᠠᠭ᠄
2021/3/30
ᠭᠤᠣᠯ ᠡᠭᠦᠷᠭᠡ ᠬᠠᠷᠢᠭᠤᠴᠠᠯᠭ᠎ᠠ 1.ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠳᠤ ᠶᠡᠷᠦᠩᠬᠡᠶᠢᠯᠡᠭᠰᠡᠨ ᠳᠡᠮᠵᠢᠯᠭᠡ ᠪᠠᠲᠤᠯᠠᠭ᠎ᠠ ᠶᠢᠨ ᠠᠵᠢᠯ ᠢ ᠬᠠᠩᠭᠠᠨ᠎ᠠ᠃ 2.ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠺᠣᠳ᠋ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠬᠢᠭᠡᠳ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠭᠡᠷᠡᠴᠢᠯᠡᠬᠦ᠂ ᠠᠰᠠᠭᠤᠨ ᠯᠠᠪᠯᠠᠬᠤ ᠤᠶᠢᠯᠡᠴᠢᠯᠡᠭᠡ ᠪᠠ ᠪᠣᠯᠪᠠᠰᠤᠷᠠᠯ ᠤᠨ ᠠᠵᠢᠯ ᠢ ᠦᠷᠨᠢᠭᠦᠯᠦᠨ᠎ᠡ᠃ 3.ᠮᠣᠩᠭᠤᠯ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠴᠢᠯᠠᠭᠤᠯᠬᠤ ᠪᠠ ᠬᠠᠤᠯᠢ ᠪᠠᠷ ᠵᠠᠰᠠᠬᠤ ᠶᠢ ᠰᠤᠳᠤᠯᠤᠨ᠎ᠠ᠃ 4.ᠮᠣᠩᠭᠤᠯ ᠦᠭᠡ ᠬᠡᠯᠡ ᠦᠰᠦᠭ ᠪᠢᠴᠢᠭ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ᠂ ᠡᠮᠬᠢᠳᠬᠡᠬᠦ ᠪᠠ ᠬᠡᠷᠡᠭᠯᠡᠵᠦ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ᠃5.ᠮᠣᠩᠭᠤᠯ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠪᠣᠯᠪᠠᠰᠤᠷᠠᠯ ᠵᠢᠴᠢ ᠬᠢᠷᠢ ᠬᠡᠮᠵᠢᠶ᠎ᠡ ᠶᠢᠨ ᠵᠡᠷᠭᠡ ᠳᠡᠰ ᠤᠨ ᠰᠢᠯᠭᠠᠯᠲᠠ ᠶᠢ ᠥᠷᠨᠢᠭᠦᠯᠦᠨ᠎ᠡ᠃ 6.ᠪᠥᠬᠦ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠵᠢᠴᠢ ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠭ᠎ᠠ ᠰᠣᠯᠢᠯᠴᠠᠭ᠎ᠠ ᠪᠣᠯᠣᠨ ᠪᠣᠯᠪᠠᠰᠤᠷᠠᠯ ᠬᠥᠮᠦᠵᠢᠯ ᠤᠨ ᠤᠶᠢᠯᠡᠴᠢᠯᠡᠭᠡ ᠶᠢ ᠬᠠᠩᠭᠠᠨ᠎ᠠ᠃ 7.ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠠᠯᠪᠠᠨ ᠭᠡᠷ ᠤᠨ ᠤᠲᠠᠰᠤ᠄ 0471— 6946710      ᠠᠵᠢᠯᠯᠠᠬᠤ ᠴᠠᠭ᠄ ᠦᠳᠡ ᠶᠢᠨ ᠡᠮᠤᠨ᠎ᠠ 9᠄ 00 —12:00᠂ ᠦᠳᠡ ᠶᠢᠨ ᠬᠤᠶᠢᠨ᠎ᠠ 1:30 —5:00 ︵ᠪᠠᠶᠠᠷ ᠳᠤᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ