ᠨᠡᠶᠢᠭᠡᠮ ᠤᠨ ᠬᠥᠭᠵᠢᠯᠲᠡ ᠶᠢᠨ ᠭᠠᠵᠠᠷ
ᠨᠡᠶᠢᠲᠡᠯᠡᠭᠰᠡᠨ ᠴᠠᠭ᠄
2021/4/11
     ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠲᠠᠢ ᠬᠤᠯᠪᠤᠭᠳᠠᠬᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠨᠡᠶᠢᠭᠡᠮ ᠤᠨ ᠤᠶᠢᠯᠡᠰ ᠤᠨ ᠬᠥᠭᠵᠢᠯᠲᠡ ᠶᠢᠨ ᠲᠤᠬᠠᠶ ᠣᠨᠴᠠᠭᠠᠢ ᠲᠥᠷᠥ ᠶᠢᠨ ᠪᠣᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠤᠬᠢᠴᠠᠭᠤᠯᠬᠤ ᠪᠤᠶᠤ ᠬᠠᠮᠵᠢᠯᠴᠠᠬᠤ ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠳᠦᠰᠦᠲᠡᠨ ᠤ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠣᠳᠠᠲᠠᠶ ᠠᠵᠢᠯ ᠢ ᠳᠠᠭᠠᠭᠠᠨ ᠭᠦᠢᠴᠡᠳᠬᠡᠨ᠎ᠡ᠃ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠦᠷᠨᠢᠭᠦᠯᠦᠨ᠎ᠡ᠃      ᠠᠯᠪᠠᠨ ᠭᠡᠷ ᠤᠨ ᠤᠲᠠᠰᠤ᠄ 0471—6610283        ᠠᠵᠢᠯᠯᠠᠬᠤ ᠴᠠᠭ᠄ ᠦᠳᠡ ᠶᠢᠨ ᠡᠮᠤᠨ᠎ᠠ 9᠄ 00—12:00᠂ ᠦᠳᠡ ᠶᠢᠨ ᠬᠤᠶᠢᠨ᠎ᠠ 1:30—5:00 ︵ᠪᠠᠶᠠᠷ ᠳᠤᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ