ᠬᠢᠨᠠᠨ ᠪᠠᠶᠢᠴᠠᠭᠠᠬᠤ ᠭᠠᠵᠠᠷ
ᠨᠡᠶᠢᠲᠡᠯᠡᠭᠰᠡᠨ ᠴᠠᠭ᠄
2021/4/13
     ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠶᠢᠨ ᠪᠠᠶᠢᠳᠠᠯ ᠢ ᠬᠢᠨᠠᠨ ᠪᠠᠶᠢᠴᠠᠭᠠᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠶᠠᠪᠤᠳᠠᠯ ᠢ ᠬᠢᠨᠠᠨ ᠰᠢᠢᠳᠪᠦᠷᠢᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠳᠡᠨ ᠤ ᠬᠠᠷᠢᠴᠠᠭ᠎ᠠ ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠠᠭᠠᠭᠠᠴᠢᠯᠠᠨ᠎ᠠ᠃ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠳᠡᠭ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠢ ᠵᠤᠬᠢᠴᠠᠭᠤᠯᠤᠨ ᠱᠠᠭᠠᠷᠳᠠᠨ᠎ᠠ᠃      ᠠᠯᠪᠠᠨ ᠭᠡᠷ ᠤᠨ ᠤᠲᠠᠰᠤ᠄ 0471—6611202      ᠠᠵᠢᠯᠯᠠᠬᠤ ᠴᠠᠭ᠄ ᠦᠳᠡ ᠶᠢᠨ ᠡᠮᠤᠨ᠎ᠠ 9᠄ 00—12:00᠂ ᠦᠳᠡ ᠶᠢᠨ ᠬᠤᠶᠢᠨ᠎ᠠ 1:30—5:00 ︵ᠪᠠᠶᠠᠷ ᠲᠣᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ