ᠦᠪᠦᠷ ᠮᠣᠩᠭᠤᠯ ᠤᠨ ᠴᠦᠬᠡᠨ ᠲᠤᠭᠠᠲᠦ ᠦᠨᠳᠦᠰᠦᠳᠡᠨ ᠤ ᠰᠤᠳᠤᠷ ᠪᠢᠴᠢᠭ ᠰᠤᠳᠤᠯᠬᠤ ᠳᠠᠰᠤᠭ
ᠨᠡᠶᠢᠲᠡᠯᠡᠭᠰᠡᠨ ᠴᠠᠭ᠄
2021/4/3
ᠭᠤᠣᠯ ᠡᠭᠦᠷᠭᠡ ᠬᠠᠷᠢᠭᠤᠴᠠᠯᠭ᠎ᠠ 1.ᠪᠦᠬᠦ ᠣᠷᠣᠨ ᠤ ᠮᠣᠩᠭᠤᠯ᠂ ᠳᠠᠭᠤᠷ᠂ ᠡᠸᠡᠩᠬᠢ᠂ ᠣᠷᠴᠣᠨ ᠵᠡᠷᠭᠡ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠠᠪᠤᠷᠠᠬᠤ᠂ ᠡᠮᠬᠢᠳᠬᠡᠬᠦ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ᠃ 2.ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠪᠣᠯᠤᠨ ︽ᠭᠡᠰᠡᠷ︾ ︽ᠵᠠᠩᠭᠠᠷ︾ ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠣᠷᠴᠢᠭᠤᠯᠬᠤ᠂ ᠰᠤᠳᠤᠯᠬᠤ᠂ ᠬᠡᠪᠯᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ ᠬᠠᠷᠢᠯᠴᠠᠬᠤ ᠠᠵᠢᠯ ᠢ ᠡᠭᠦᠷᠭᠡᠯᠡᠨ᠎ᠡ᠃ 3.ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠵᠢᠴᠢ ᠮᠣᠩᠭᠤᠯ ᠬᠡᠯᠡᠨ ᠤ ᠬᠠᠮᠵᠢᠯᠴᠠᠭᠠᠨ ᠤ ᠨᠠᠢᠮᠠᠨ ᠮᠤᠵᠢ ᠣᠷᠣᠨ ᠤ ᠴᠥᠭᠡᠨ ᠲᠣᠭᠠᠲᠤ ᠦᠨᠳᠦᠰᠦᠲᠡᠨ ᠤ ᠡᠷᠳᠡᠨ ᠤ ᠰᠣᠳᠤᠷ ᠪᠢᠴᠢᠭ ᠪᠠ ᠮᠣᠩᠭᠤᠯ ︽ᠭᠡᠰᠡᠷ︾ ︽ᠵᠠᠩᠭᠠᠷ︾ ᠤᠨ ᠭᠤᠣᠯᠳᠠᠯᠭ᠎ᠠ ᠲᠠᠢ ᠲᠦᠰᠦᠪ ᠪᠠ ᠴᠢᠬᠤᠯᠠ ᠶᠡᠭᠡ ᠰᠡᠳᠦᠪ᠂ ᠠᠪᠤᠷᠠᠨ ᠬᠠᠮᠠᠭᠠᠯᠠᠬᠤ ᠪᠠ ᠡᠮᠬᠢᠳᠬᠡᠨ ᠬᠡᠪᠯᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠡᠷᠳᠡᠨ ᠤ ᠰᠤᠳᠤᠷ ᠪᠢᠴᠢᠭ ᠤᠨ ᠲᠤᠭᠠᠴᠢᠯᠠᠭᠰᠠᠨ ᠬᠠᠮᠠᠭᠠᠯᠠᠬᠤ ᠠᠵᠢᠯ ᠢ ᠡᠭᠦᠷᠭᠡᠯᠡᠨ᠎ᠡ᠃ 4.ᠴᠥᠭᠡᠨ ᠲᠣᠭᠠᠲᠤ ᠦᠨᠳᠦᠰᠦᠲᠡᠨ ᠤ ᠡᠷᠳᠡᠨ ᠤ ᠰᠤᠳᠤᠷ ᠪᠢᠴᠢᠭ ᠢ ᠤᠬᠠᠭᠤᠯᠭ᠎ᠠ ᠦᠵᠡᠭᠦᠯᠭᠡ ᠪᠠ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ 5.ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠠᠯᠪᠠᠨ ᠭᠡᠷ ᠤᠨ ᠤᠲᠠᠰᠤ᠄ 0471—6946076          ᠠᠵᠢᠯᠯᠠᠬᠤ ᠴᠠᠭ᠄ ᠦᠳᠡ ᠶᠢᠨ ᠡᠮᠤᠨ᠎ᠠ 9᠄ 00 —12:00᠂ ᠦᠳᠡ ᠶᠢᠨ ᠬᠤᠶᠢᠨ᠎ᠠ 1:30 —5:00 ︵ᠪᠠᠶᠠᠷ ᠳᠤᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ