ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠧᠤ ︵ᠭᠠᠵᠠᠷ᠂ ᠬᠤᠲᠠ᠂ ᠠᠶᠢᠮᠠᠭ︶ ᠶᠢ ᠰᠢᠯᠭᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/4/6
     ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠤᠶᠢᠯᠡᠳᠪᠦᠷᠢᠯᠡᠯ ᠪᠥᠲᠥᠭᠡᠨ ᠪᠠᠶᠢᠭᠤᠯᠤᠯᠳᠠ ᠶᠢᠨ ᠪᠢᠩᠲ᠋ᠤᠸᠠᠨ ᠤ ᠦᠨᠳᠦᠰᠦᠳᠡᠨ ︵ ᠱᠠᠰᠢᠨ︶ ᠤ ᠵᠥᠪᠯᠡᠯ ︵ᠲᠢᠩᠬᠢᠮ᠂ ᠲᠣᠪᠴᠢᠶ᠎ᠠ︶᠄      2013 ᠣᠨ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠧᠤ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠢᠳᠡᠪᠬᠢᠯᠡᠨ ᠠᠵᠢᠯᠯᠠᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠬᠤᠰᠢᠭᠤᠴᠢ ᠤᠶᠢᠯᠡᠳᠤᠯ ᠢᠶᠠᠨ ᠪᠠᠳᠠᠷᠠᠭᠤᠯᠪᠠ᠃ 2018 ᠣᠨ ᠤ  ᠰᠡᠭᠦᠯᠴᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠦᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠶ ᠰᠠᠨᠠᠯ︾ ᠢ ᠲᠠᠷᠬᠠᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠪᠠ᠃  ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠤᠨ ᠳᠦᠷᠢᠮᠵᠢᠯᠲᠡ᠂ ᠵᠢᠷᠤᠮᠵᠢᠯᠳᠠ ᠶᠢ ᠤᠯᠠᠮ ᠠᠬᠢᠭᠤᠯᠬᠤ ᠶᠢᠨ ᠲᠥᠯᠥᠭᠡ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠠᠷᠢᠨ ᠬᠢᠨᠠᠮᠠᠭᠠᠶ ᠰᠤᠳᠤᠯᠵᠤ᠂ ᠥᠷᠭᠡᠨ ᠳᠡᠯᠭᠡᠷ ᠰᠠᠨᠠᠯ ᠬᠤᠷᠢᠶᠠᠵᠤ᠂ 2014 ᠣᠨ ᠳᠤ ᠨᠡᠶᠢᠳᠡᠯᠡᠭᠰᠡᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠧᠤ ︵ᠣᠷᠣᠨ᠂ ᠬᠤᠳᠠ᠂ ᠠᠶᠢᠮᠠᠭ︶ ᠶᠢᠨ ᠰᠢᠯᠭᠠᠨ ᠲᠣᠭᠲᠠᠭᠠᠬᠤ ᠪᠠᠷᠢᠮᠵᠢᠶ᠎ᠠ ᠶᠢ ᠵᠠᠰᠠᠵᠦ ᠳᠡᠭᠦᠯᠳᠡᠷᠵᠢᠭᠦᠯᠪᠡ᠃ ᠰᠢᠨ᠎ᠡ ᠪᠠᠷᠢᠮᠵᠢᠶ᠎ᠠ ᠨᠡᠶᠢᠳᠡ 100 ᠬᠤᠪᠢ᠂ ᠰᠢᠯᠭᠠᠨ ᠲᠣᠭᠲᠠᠭᠠᠬᠤ ᠬᠤᠪᠢ ᠨᠢ 90 ᠬᠤᠪᠢ ᠠᠴᠠ ᠳᠡᠭᠡᠭᠰᠢ ᠪᠣᠯ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠮᠡᠳᠡᠭᠦᠯᠵᠦ ᠪᠣᠯᠤᠨ᠎ᠠ᠃       ᠡᠳᠦᠭᠡ ᠵᠠᠰᠠᠪᠤᠷᠢ ᠣᠷᠣᠭᠤᠯᠤᠭᠰᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠵᠧᠤ ︵ ᠭᠠᠵᠠᠷ᠂ ᠬᠤᠲᠠ᠂ ᠠᠶᠢᠮᠠᠭ︶ ᠶᠢᠨ  ᠰᠢᠯᠭᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠵᠢᠷᠤᠮᠯᠠᠨ ᠬᠡᠷᠡᠭᠵᠢᠭᠦᠯᠲᠦᠭᠡᠶ᠃ ᠤᠤᠯ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠧᠤ ︵ᠭᠠᠵᠠᠷ᠂ ᠬᠤᠲᠠ᠂ ᠠᠶᠢᠮᠠᠭ︶ ᠶᠢ ᠰᠢᠯᠭᠠᠨ ᠲᠣᠭᠲᠠᠭᠠᠬᠤ ᠪᠠᠷᠢᠮᠵᠢᠶ᠎ᠠ ︵ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ ᠲᠠᠷᠬᠠᠭᠠᠭᠰᠠᠨ ︹ 2014 ︺94 ᠳ᠋ᠦ᠋ᠭᠡᠷ ᠲᠣᠭᠠᠲᠤ ᠳᠠᠭᠠᠯᠳᠤᠭᠤᠯᠤᠯ 1︶ ᠬᠦᠴᠦᠨ ᠥᠬᠡᠶ ᠪᠣᠯᠭᠠᠪᠠ᠃                            ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠯᠪᠠᠨ ᠲᠢᠩᠬᠢᠮ                                        2020 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ    
ᠢᠷᠡᠯᠲᠡ᠄ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠦᠯᠵᠢᠶ᠎ᠡ