ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠠᠵᠢᠯ ᠤᠨ ᠭᠠᠵᠠᠷ
ᠨᠡᠶᠢᠲᠡᠯᠡᠭᠰᠡᠨ ᠴᠠᠭ᠄
2021/4/7
     ᠮᠣᠵᠢ ᠣᠷᠣᠨ ᠠᠯᠤᠰᠯᠠᠭᠰᠠᠨ ᠮᠣᠩᠭᠤᠯ ᠬᠡᠯᠡ ᠪᠢᠴᠢᠭ ᠤᠨ ᠬᠠᠮᠵᠢᠯᠴᠠᠭᠠᠨ ᠤ ᠠᠵᠢᠯ ᠢ ᠬᠠᠷᠢᠭᠤᠴᠠᠨ ᠬᠠᠮᠢᠶᠠᠷᠴᠦ᠂ ᠡᠯ᠎ᠡ ᠬᠠᠮᠵᠢᠯᠴᠠᠬᠤ ᠮᠣᠵᠢ ᠣᠷᠣᠨ ᠤ ᠮᠣᠩᠭᠤᠯ ᠦᠨᠳᠦᠰᠦᠲᠡᠨ ᠤ ᠣᠯᠠᠨ ᠲᠦᠮᠡᠨ ᠤ ᠮᠣᠩᠭᠤᠯ ᠦᠭᠡ ᠬᠡᠯᠡ ᠦᠰᠦᠭ ᠪᠢᠴᠢᠭ ᠢ ᠰᠤᠷᠴᠦ ᠬᠡᠷᠡᠭᠯᠡᠬᠦ ᠪᠠ ᠰᠤᠳᠤᠯᠤᠨ ᠬᠥᠭᠵᠢᠭᠦᠯᠬᠦ ᠪᠣᠳᠠᠲᠤ ᠬᠡᠷᠡᠭᠴᠡᠭᠡ ᠶᠢ ᠦᠨᠳᠦᠰᠦᠯᠡᠵᠦ᠂ ᠮᠣᠩᠭᠤᠯ ᠢᠶᠠᠷ ᠬᠢᠴᠢᠶᠡᠯᠯᠡᠬᠦ ᠪᠠᠷ ᠭᠤᠤᠯᠯᠠᠭᠰᠠᠨ ᠦᠨᠳᠦᠰᠦᠲᠡᠨ ᠤ ᠰᠤᠷᠭᠠᠨ ᠬᠥᠮᠦᠵᠢᠯ ᠵᠢᠴᠢ ᠦᠨᠳᠦᠰᠦᠳᠡᠨ ᠤ ᠰᠣᠶᠣᠯ ᠤᠷᠠᠯᠢᠭ᠂ ᠮᠣᠩᠭᠤᠯ ᠰᠣᠨᠢᠨ ᠮᠡᠳᠡᠭᠡ ᠬᠡᠪᠯᠡᠯ᠂ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡ᠂ ᠦᠨᠳᠦᠰᠦᠲᠡᠨ‌‍ᠤ ᠡᠷᠲᠡᠨ ᠤ ᠨᠤᠮ ᠪᠢᠴᠢᠭ ᠪᠠ ᠮᠣᠩᠭᠤᠯ ᠡᠮ ᠡᠮᠨᠡᠯᠭᠡ᠂ ᠮᠣᠩᠭᠤᠯ ᠬᠡᠯᠡᠨ ᠤ ᠣᠷᠴᠢᠭᠤᠯᠭ᠎ᠠ ᠵᠡᠷᠭᠡ ᠬᠦᠷᠢᠶᠡᠨ ᠤ ᠬᠠᠮᠵᠢᠯᠴᠠᠬᠤ ᠠᠵᠢᠯ ᠢ ᠥᠷᠨᠢᠭᠦᠯᠦᠨ᠎ᠡ᠃ ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠳᠤᠭᠤᠶᠢᠯᠠᠩ ᠤᠨ ᠳᠠᠷᠤᠭ᠎ᠠ ᠨᠠᠷ ᠤᠨ ᠬᠤᠷᠠᠯ ᠪᠣᠯᠤᠨ ᠭᠡᠰᠢᠭᠦᠳ ᠤᠨ ᠬᠤᠷᠠᠯ ᠢ ᠡᠷᠬᠢᠯᠡᠵᠦ᠂ ᠠᠵᠢᠯ ᠤᠨ ᠲᠦᠯᠦᠪᠵᠢᠭᠦᠯᠭᠡ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠷᠰᠢᠯᠭ᠎ᠠ ᠪᠠᠨ ᠳ᠋ᠦᠩᠨᠡᠵᠦ᠂ ᠮᠡᠳᠡᠭᠡ ᠵᠠᠩᠭᠢ ᠪᠠᠨ ᠰᠤᠯᠢᠯᠴᠠᠨ᠎ᠠ᠃ ᠨᠠᠢᠮᠠᠨ ᠮᠣᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠠᠯᠪᠠᠨ ᠭᠡᠷ ᠤᠨ ᠤᠲᠠᠰᠤ᠄ 0471—6945718      ᠠᠵᠢᠯᠯᠠᠬᠤ ᠴᠠᠭ᠄ ᠦᠳᠡ ᠶᠢᠨ ᠡᠮᠤᠨ᠎ᠠ 9᠄ 00 —12:00᠂ ᠦᠳᠡ ᠶᠢᠨ ᠬᠤᠶᠢᠨ᠎ᠠ 1:30 —5:00 ︵ᠪᠠᠶᠠᠷ ᠳᠤᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ