ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠭᠠᠵᠠᠷ
ᠨᠡᠶᠢᠲᠡᠯᠡᠭᠰᠡᠨ ᠴᠠᠭ᠄
2021/4/8
     ᠪᠥᠬᠦ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠠᠵᠢᠯ ᠢ ᠵᠢᠯᠣᠭᠤᠳᠤᠨ ᠠᠬᠢᠭᠤᠯᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠬᠥᠭᠵᠢᠯᠲᠡ ᠶᠢᠨ ᠲᠥᠷᠥ ᠶᠢᠨ ᠪᠣᠳᠤᠯᠭ᠎ᠠ᠂ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠬᠠᠮᠲᠦ ᠪᠠᠷ ᠡᠳ᠋ᠯᠡᠬᠦ ᠶᠢ ᠠᠬᠢᠭᠤᠯᠵᠤ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠮᠡᠷᠭᠡᠵᠢᠯ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠵᠢᠯᠦᠭᠤᠳᠴᠦ ᠠᠬᠢᠭᠤᠯᠤᠨ᠎ᠠ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠴᠢᠯᠠᠯᠳᠠ‌‍ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠪᠣᠯᠤᠨ ᠠᠵᠤ ᠦᠢᠯᠡᠰᠵᠢᠭᠦᠯᠦᠨ ᠬᠥᠭᠵᠢᠭᠦᠯᠬᠦ ᠪᠣᠳᠠᠲᠠᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠴᠢᠯᠠᠯᠳᠠ ᠶᠢᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠠᠯᠪᠠᠨ ᠭᠡᠷ ᠤᠨ ᠤᠲᠠᠰᠤ᠄ 0471—6946319      ᠠᠵᠢᠯᠯᠠᠬᠤ ᠴᠠᠭ᠄ ᠦᠳᠡ ᠶᠢᠨ ᠡᠮᠤᠨ᠎ᠠ 9᠄ 00—12:00᠂ ᠦᠳᠡ ᠶᠢᠨ ᠬᠤᠶᠢᠨ᠎ᠠ 1:30—5:00 ︵ᠪᠠᠶᠠᠷ ᠳᠤᠷᠠᠰᠬᠠᠯ ᠤᠨ ᠡᠳᠤᠷ᠂ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠦᠭᠡᠢ︶
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ