ᠨᠢᠭᠡ᠂ ᠴᠢᠬᠤᠯᠠ ᠠᠴᠢ ᠬᠤᠯᠪᠣᠭᠳᠠᠯ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠨᠢ ᠡᠷᠬᠡ ᠲᠡᠭᠰᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠂ | ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠳᠡᠭ᠃ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ | ᠠᠷᠭ᠎ᠠ︾ ᠶᠢ ᠲᠣᠭᠲᠠᠭᠠᠭᠰᠠᠨ ᠨᠢ ᠦᠨᠡᠯᠡᠨ ᠰᠢᠯᠭᠠᠷᠠᠭᠤᠯᠬᠤ ᠪᠠᠷᠢᠮᠵᠢᠶ᠎ᠠ ᠪᠣᠯᠤᠨ ᠠᠷᠭ᠎ᠠ ᠶᠢ ᠨᠢᠭᠡᠳᠦᠯᠲᠡᠶ ᠪᠣᠯᠭᠠᠵᠤ᠂ | ᠡᠷᠬᠡ ᠲᠡᠭᠰᠢ ᠲᠥᠪ ᠭᠤᠣᠯᠴᠢ ᠶᠢ ᠬᠠᠮᠠᠭᠠᠯᠠᠨ᠂ ᠬᠢᠨᠠᠨ ᠲᠣᠭᠲᠠᠭᠠᠬᠤ ᠠᠵᠢᠯ ᠤᠨ ᠲᠥᠪ ᠴᠢᠩᠭ᠎ᠠ ᠴᠢᠨᠠᠷ ᠢ ᠦᠨᠡᠨ | ᠬᠦ ᠪᠠᠲᠤᠯᠠᠵᠤ᠂ ᠬᠢᠨᠠᠨ ᠲᠣᠭᠲᠠᠭᠠᠭᠰᠠᠨ ᠰᠠᠭᠤᠷᠢᠨ ᠭᠠᠵᠠᠷ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠠᠯ᠎ᠠ ᠪᠠᠷ ᠨᠡᠩ ᠢᠯᠡᠭᠦᠦ ᠥᠷᠲᠡᠭ ᠲᠠᠢ ᠪᠣᠯᠭᠠᠵᠤ᠂ ᠪᠠᠳᠠᠷᠠᠭᠤᠯᠪᠠᠰᠤ ᠵᠣᠬᠢᠬᠤ ᠦᠢᠯᠡᠳᠦᠯ ᠢ ᠨᠢ | ᠦᠨᠡᠨ ᠬᠦ ᠪᠠᠳᠠᠷᠠᠭᠤᠯᠬᠤ ᠶᠢᠨ ᠲᠥᠯᠥᠭᠡ ᠶᠤᠮ᠃ | ᠬᠤᠶᠠᠷ᠂ ᠲᠣᠭᠲᠠᠭᠠᠭᠰᠠᠨ ᠦᠨᠳᠦᠰᠦ ᠪᠠᠷᠢᠮᠲᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠴᠠᠭᠠᠰᠢᠳᠠ ᠥᠷᠨᠢᠭᠦᠯᠬᠦ | ᠲᠤᠬᠠᠶ ᠬᠡᠷᠡᠭᠵᠢᠭᠦᠯᠬᠦ ᠰᠠᠨᠠᠯ︾ ︵ᠥᠪᠥᠷ ᠦᠨᠳᠦᠰᠦᠲᠡᠨ ᠵᠥᠪᠯᠡᠯ ᠲᠠᠷᠬᠠᠭᠠᠭᠰᠠᠨ ﹇2011﹈ 17 ᠳ᠋ᠤᠭᠠᠷ | ᠲᠣᠭᠠᠲᠤ︶ ᠪᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ | ᠠᠷᠭ᠎ᠠ︾ ᠶᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠭᠤᠷᠪᠠ᠂ ᠵᠠᠷᠢᠮ ᠭᠤᠤᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ᠲᠠᠶᠢᠯᠤᠮᠵᠢ ᠨᠢᠭᠡ᠄ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠢᠨᠠᠨ | ᠲᠣᠭᠲᠠᠭᠠᠵᠤ ᠨᠡᠷᠡᠶᠢᠳᠦᠭᠰᠡᠨ᠂ ᠤᠬᠠᠭᠤᠯᠭ᠎ᠠ ᠬᠥᠮᠦᠵᠢᠯ ᠤᠨ ᠴᠢᠳᠠᠮᠵᠢ ᠶᠢ ᠪᠦᠷᠢᠯᠳᠦᠭᠦᠯᠦᠭᠰᠡᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠦᠨᠳᠦᠰᠦᠲᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠡᠭᠡ ᠤᠯᠤᠰ ᠤᠨ | ᠨᠢᠭᠡᠳᠦᠯ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠨᠥᠯᠥᠭᠡ ᠲᠠᠢ ᠲᠠᠯᠠᠪᠤᠷ ᠪᠣᠯᠤᠨ᠎ᠠ᠃ ᠲᠣᠰ ᠠᠭᠤᠯᠭ᠎ᠠ ᠳᠤ | ᠬᠢᠨᠠᠨ ᠲᠣᠭᠲᠠᠭᠠᠬᠤ ᠠᠵᠢᠯ ᠢ ᠵᠤᠬᠢᠶᠠᠨ ᠪᠠᠶᠢᠭᠤᠯᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠤᠯᠤᠨ᠎ᠠ᠂ ᠬᠢᠨᠠᠨ ᠰᠢᠯᠭᠠᠷᠠᠭᠤᠯᠵᠤ ᠨᠡᠷᠡᠶᠢᠳᠬᠦ ᠳᠤ ᠤᠷᠤᠯᠴᠠᠬᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠨᠢ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠶᠡᠷᠦᠩᠬᠡᠶ ᠱᠠᠭᠠᠷᠳᠠᠯᠭ᠎ᠠ ᠪᠠ ᠠᠵᠢᠯ ᠤᠨ | ᠠᠭᠤᠯᠭ᠎ᠠ ᠲᠠᠢ ᠵᠠᠪᠠᠯ ᠨᠡᠶᠢᠴᠡᠬᠦ ᠬᠡᠷᠡᠭᠲᠡᠶ ᠪᠥᠭᠡᠳ ᠲᠡᠷᠢᠭᠦᠨ ᠤ ᠲᠡᠤᠬᠡ ᠰᠣᠶᠣᠯ ᠪᠠ ᠪᠣᠳᠠᠲᠠᠶ ᠤᠬᠠᠭᠤᠯᠭ᠎ᠠ | ᠬᠥᠮᠦᠵᠢᠯ ᠤᠨ ᠠᠵᠢᠯ ᠤᠨ ᠠᠷᠭ᠎ᠠ ᠬᠡᠮᠵᠢᠶ᠎ᠡ ᠲᠠᠢ ᠪᠠᠶᠢᠵᠤ᠂ ᠤᠬᠠᠭᠤᠯᠵᠤ ᠬᠦᠮᠦᠵᠢᠭᠦᠯᠬᠦ ᠦᠢᠯᠡᠳᠦᠯ ᠦᠵᠡᠭᠦᠯᠵᠦ᠂ | ᠦᠨᠳᠦᠰᠦᠲᠡᠨ ᠤ ᠪᠦᠯᠬᠦᠮᠳᠡᠯ ᠪᠠ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠳᠤ ᠠᠰᠢᠬᠳᠠᠢ ᠪᠠᠶᠢᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠬᠤ ᠳᠤ ᠦᠢᠯᠡᠳᠦᠯ ᠦᠵᠡᠭᠦᠯᠵᠦ ᠴᠢᠳᠠᠬᠰᠠᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠲᠠᠶᠢᠯᠤᠮᠵᠢ ᠬᠤᠶᠠᠷ᠄ ᠠᠳᠠᠯᠢ ᠪᠤᠰᠤ ᠲᠡᠤᠬᠡᠨ ᠴᠠᠭ ᠦᠶ᠎ᠡ ᠳᠠᠬᠢ ᠮᠠᠨ ᠤ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠭᠤᠷᠣᠨᠳᠣᠬᠢ ᠳᠣᠲᠣᠨᠣ ᠬᠠᠷᠢᠴᠠᠭ᠎ᠠ ᠶᠢ ᠢᠯᠡᠷᠡᠭᠦᠯᠵᠦ᠂ ᠨᠠᠮ | ᠪᠠ ᠤᠯᠤᠰ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠦᠨᠳᠦᠰᠦᠲᠡᠨ ᠤ ᠲᠤᠬᠠᠢ ᠮᠡᠳᠡᠯᠭᠡ ᠶᠢ ᠤᠬᠠᠭᠤᠯᠬᠤ ᠳᠤ ᠠᠰᠢᠭᠲᠠᠶ᠂ ᠦᠨᠳᠦᠰᠦᠲᠡᠨ ᠤ ᠪᠦᠯᠬᠦᠮᠳᠡᠯ ᠪᠣᠯᠤᠨ ᠡᠬᠡ | ᠤᠯᠤᠰ ᠤᠨ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ | ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ᠃ ᠲᠤᠰ ᠠᠭᠤᠯᠭ᠎ᠠ ᠨᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯ ᠨᠠᠮ ᠪᠠ ᠤᠯᠤᠰ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠲᠤᠬᠠᠢ ᠮᠡᠳᠡᠯᠭᠡ ᠶᠢ ᠤᠬᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠬᠦ ᠪᠠᠷ ᠵᠣᠷᠢᠯᠲᠠ ᠪᠠᠨ | ᠪᠤᠯᠭᠠᠳᠠᠬ ᠢ ᠲᠣᠳᠣᠷᠬᠠᠶᠢᠯᠠᠪᠠ᠃ | ᠲᠠᠶᠢᠯᠤᠮᠵᠢ ᠭᠤᠷᠪᠠ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠥᠷᠨᠢᠭᠦᠯᠬᠦ ᠪᠣᠳᠠᠲᠤ ᠶᠠᠭᠤᠮ᠎ᠠ᠂ ᠮᠠᠲ᠋ᠧᠷᠢᠶᠠᠯ᠂ ᠲᠠᠯᠠᠪᠤᠷ ᠪᠤᠶᠤ ᠢᠵᠢ ᠪᠦᠷᠢᠳᠦᠭᠰᠡᠨ ᠲᠦᠭᠦᠭᠡᠷᠦᠮᠵᠢ ᠶᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ︔ ᠬᠠᠷᠠᠭᠠᠯᠵᠠᠬᠰᠠᠨ ᠠᠵᠢᠯ ᠤᠨ ᠪᠠᠶᠢᠭᠤᠯᠤᠮᠵᠢ ᠪᠠ ᠲᠤᠰᠬᠠᠢ ︵ | ᠬᠠᠪᠰᠤᠷᠭᠠᠭᠰᠠᠨ︶ ᠠᠵᠢᠯᠲᠠᠨ᠂ ᠴᠢᠬᠤᠯᠠ ᠪᠦᠬᠦᠢ ᠵᠠᠷᠤᠳᠠᠯ ᠤᠨ ᠪᠠᠲᠤᠯᠠᠭ᠎ᠠ ᠲᠠᠢ ᠪᠠᠶᠢᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠬᠡᠪ ᠢᠶᠠᠷ ᠢᠶᠠᠨ ᠶᠠᠪᠤᠭᠳᠠᠬᠤ ᠶᠢ | ᠪᠠᠲᠤᠯᠠᠵᠤ ᠴᠢᠳᠠᠬᠰᠠᠨ ᠪᠠᠶᠢᠬᠤ ᠬᠡᠷᠡᠭᠲᠡᠢ᠃ ᠲᠤᠰ ᠠᠭᠤᠯᠭ᠎ᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠠᠬᠢ ᠪᠦᠷᠢᠯᠳᠦᠭᠦᠯᠬᠦ ᠬᠡᠷᠡᠭᠲᠡᠢ ᠦᠨᠳᠦᠰᠦᠨ | ᠨᠥᠬᠦᠴᠡᠯ ᠢ ᠲᠣᠳᠣᠷᠬᠠᠶᠢᠯᠠᠵᠤ᠂ ᠲᠣᠭᠲᠠᠬᠰᠠᠨ ᠲᠠᠯᠠᠪᠤᠷ ᠪᠠᠶᠢᠬᠤ ᠪᠠᠷ ᠪᠠᠷᠠᠬᠤ ᠦᠭᠡᠢ ᠪᠠᠰᠠ ᠬᠠᠷᠠᠭᠠᠯᠵᠠᠬᠰᠠᠨ | ᠠᠵᠢᠯ ᠤᠨ ᠪᠠᠶᠢᠭᠤᠯᠤᠮᠵᠢ ᠪᠠ ᠠᠵᠢᠯᠲᠠᠨ ᠲᠠᠢ ᠪᠠᠶᠢᠵᠤ᠂ ᠪᠣᠳᠠᠲᠤ ᠶᠠᠭᠤᠮ᠎ᠠ᠂ ᠮᠠᠲ᠋ᠧᠷᠢᠶᠠᠯ᠂ ᠲᠠᠯᠠᠪᠤᠷ ᠪᠠ ᠢᠵᠢ | ᠪᠦᠷᠢᠳᠦᠭᠰᠡᠨ ᠲᠥᠬᠦᠭᠡᠷᠦᠮᠵᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠥᠷᠨᠢᠭᠦᠯᠬᠦ ᠶᠢ ᠪᠠᠲᠤᠯᠠᠬᠤ ᠬᠡᠷᠡᠭᠲᠡᠢ ᠶᠢ ᠲᠤᠳᠤᠷᠬᠠᠢᠢᠯᠠᠪᠠ᠃ | ᠲᠠᠶᠢᠯᠤᠮᠵᠢ ᠳᠥᠷᠪᠡ᠄ ᠪᠦᠷᠢᠨ ᠲᠡᠭᠦᠯᠳᠡᠷ ᠲᠦᠷᠢᠮ ᠲᠣᠭᠲᠠᠭᠠᠯ ᠪᠠ ᠪᠦᠷᠢᠨ ᠪᠦᠲᠦᠨ ᠠᠵᠢᠯ ᠤᠨ ᠲᠠᠩᠰᠠ | ᠡᠪᠬᠡᠮᠡᠯ ᠲᠠᠢ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠦᠭᠡᠢ︔ | ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠦᠨᠳᠦ ᠶᠡᠭᠡ ᠪᠤᠶᠤ ᠣᠨᠴᠠᠭᠠᠢ ᠬᠦᠨᠳᠦ ᠶᠡᠭᠡ ᠬᠡᠷᠡᠭ | ᠭᠠᠷᠴᠤ ᠥᠩᠭᠡᠷᠡᠭᠰᠡᠨ ᠦᠭᠡᠢ᠃ ᠲᠤᠰ ᠠᠭᠤᠯᠭ᠎ᠠ ᠳᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠡᠷᠬᠡᠪᠰᠢ | ᠪᠦᠷᠢᠨ ᠲᠡᠭᠦᠯᠳᠡᠷ ᠳᠦᠷᠢᠮ ᠤᠨ ᠪᠠᠲᠤᠯᠠᠭ᠎ᠠ ᠪᠠ ᠠᠵᠢᠯ ᠤᠨ ᠳᠠᠩᠰᠠ ᠡᠪᠬᠡᠮᠡᠯ ᠲᠠᠢ ᠪᠠᠶᠢᠬᠤ ᠬᠡᠷᠡᠭᠲᠡᠢ ᠭᠡᠵᠦ | ᠲᠣᠭᠲᠠᠭᠠᠭᠰᠠᠨ ᠤ ᠬᠠᠮᠲᠤ ᠪᠠᠰᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ | ᠪᠣᠯᠤᠭᠰᠠᠨ ᠤ ᠬᠤᠪᠢ ᠳᠤ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠬᠢᠵᠦ ᠪᠣᠯᠬᠤ ᠦᠭᠡᠢ᠂ | ᠦᠨᠳᠦᠰᠦᠲᠡᠨ ᠤ ᠪᠦᠯᠬᠦᠮᠳᠡᠯ ᠢ ᠨᠥᠯᠥᠭᠡᠯᠡᠭᠰᠡᠨ ᠬᠡᠷᠡᠭ ᠭᠠᠷᠭᠠᠵᠤ ᠪᠣᠯᠬᠤ ᠦᠭᠡᠢ ᠭᠡᠵᠦ ᠱᠠᠭᠠᠷᠳᠠᠪᠠ᠃ | ᠲᠠᠶᠢᠯᠤᠮᠵᠢ ᠲᠠᠪᠤ᠄ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠨᠢᠭᠡᠨᠲᠡ ᠨᠡᠷᠡᠶᠢᠳᠦᠭᠰᠡᠨ ᠰᠠᠭᠤᠷᠢᠨ ᠭᠠᠵᠠᠷ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ | ᠬᠥᠮᠦᠵᠢᠯ ᠤᠨ ᠡᠭᠦᠷᠭᠡ ᠴᠢᠳᠠᠪᠤᠷᠢ ᠪᠠᠨ ᠭᠦᠢᠴᠡᠳᠬᠡᠵᠦ ᠳᠡᠶᠢᠯᠬᠦ ᠥᠬᠡᠶ ᠪᠤᠶᠤ ᠲᠣᠰ ᠠᠷᠭ᠎ᠠ ᠳᠤ ᠲᠣᠭᠲᠠᠭᠠᠭᠰᠠᠨ | ᠨᠥᠬᠦᠴᠡᠯ ᠢ ᠳᠠᠭᠢᠵᠤ ᠪᠦᠷᠢᠯᠳᠦᠭᠦᠯᠬᠦ ᠥᠬᠡᠶ ᠪᠤᠯᠤᠬᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠭᠦ ᠵᠥᠪᠯᠡᠯ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠤᠬᠳᠠᠭᠠᠨ ᠴᠡᠭᠴᠡᠯᠡᠨ | ᠰᠠᠶᠢᠵᠢᠷᠠᠭᠤᠯᠬᠤ ᠪᠤᠶᠤ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃ ᠲᠤᠰ ᠠᠭᠤᠯᠭ᠎ᠠ ᠳᠤ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠨᠡᠷᠡᠶᠢᠳᠦᠭᠳᠡᠭᠰᠡᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠳᠠᠬᠢᠨ ᠬᠢᠨᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤ ᠨᠢ | ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠠᠳ ᠮᠥᠨ ᠬᠦ ᠲᠡᠭᠦᠯᠳᠡᠷᠵᠢᠭᠦᠯᠵᠦ ᠳᠡᠶᠢᠯᠬᠦ | ᠦᠭᠡᠶ᠂ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠠᠯᠳᠠᠭᠰᠠᠨ ᠪᠣᠯ ᠬᠦᠴᠦᠨ ᠦᠭᠡᠶ ᠪᠣᠯᠭᠠᠬᠤ | ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ | ᠲᠠᠶᠢᠯᠤᠮᠵᠢ ᠵᠢᠷᠭᠤᠭ᠎ᠠ᠄ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠢᠶᠠᠨ ᠪᠦᠷᠢᠡᠰᠢᠭᠦᠯᠵᠦ᠂ ᠣᠲᠣ ᠦᠶ᠎ᠡ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠭᠦᠢᠴᠡᠳ ᠠᠰᠢᠬᠯᠠᠨ᠂ ᠤᠬᠠᠭᠤᠯᠭ᠎ᠠ ᠬᠥᠮᠦᠵᠢᠯ ᠤᠨ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ | ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠲᠣᠰ ᠠᠭᠤᠯᠭ᠎ᠠ ᠳᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ | ᠬᠦᠮᠦᠵᠢᠭᠦᠯᠭᠦ ᠬᠡᠯᠪᠡᠷᠢ᠂ ᠬᠦᠮᠦᠵᠢᠭᠦᠯᠭᠦ ᠠᠷᠭ᠎ᠠ ᠪᠠᠷᠢᠯ ᠢᠶᠠᠨ ᠲᠠᠰᠤᠷᠠᠯᠳᠠ ᠦᠭᠡᠢ ᠰᠢᠨᠡᠳᠭᠡᠵᠦ᠂ ᠰᠤᠷᠭᠠᠨ | ᠬᠥᠮᠦᠵᠢᠯ ᠤᠨ ᠠᠭᠤᠯᠭ᠎ᠠ ᠪᠠᠨ ᠦᠷᠭᠡᠨ ᠲᠡᠯᠭᠡᠷᠡᠩᠭᠦᠢ ᠪᠠᠶᠢᠯᠭᠠᠵᠤ᠂ ᠦᠨᠳᠦᠰᠦᠨ ᠱᠠᠲᠤᠨ ᠳᠤ ᠬᠠᠨᠳᠤᠭᠤᠯᠤᠨ᠂ | ᠣᠯᠠᠨ ᠲᠦᠮᠡᠨ ᠳᠤ ᠣᠶᠢᠷᠠᠲᠤᠭᠤᠯᠵᠤ᠂ ᠠᠳᠠᠯᠢ ᠪᠤᠰᠤ ᠭᠥᠯᠢᠶᠡᠨ ᠠᠪᠤᠭᠴᠢᠳ ᠤᠨ ᠲᠥᠷᠥᠯ ᠬᠡᠯᠪᠡᠷᠢ ᠪᠠ ᠠᠳᠠᠯᠢ | ᠪᠤᠰᠤ ᠭᠠᠵᠠᠷ ᠣᠷᠣᠨ ᠤ ᠣᠨᠴᠠᠯᠢᠭ ᠢ ᠦᠨᠳᠦᠰᠦᠯᠡᠨ᠂ ᠭᠠᠵᠠᠷ ᠣᠷᠣᠨ ᠪᠠ ᠬᠥᠮᠦᠰ ᠤᠨ ᠪᠠᠶᠢᠳᠠᠯ ᠳᠤ ᠨᠢ | ᠲᠣᠬᠢᠷᠠᠭᠤᠯᠤᠨ᠂ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠪᠠ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠤᠨ ᠱᠠᠭᠠᠷᠳᠠᠯᠭ᠎ᠠ ᠳᠤ ᠨᠡᠶᠢᠴᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | | |