ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠬᠤᠷᠢᠨ ᠳᠥᠷᠪᠡᠳᠦᠭᠡᠷ | ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠪᠣᠯ 2019 | ᠣᠨ ᠤ 9 ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠠᠷᠪᠠᠨ ᠲᠠᠪᠤᠳᠤᠭᠠᠷ ᠬᠤᠷᠠᠯ ᠠᠴᠠ ᠪᠠᠲᠤᠯᠠᠭᠰᠠᠨ ᠲᠦᠷᠢᠮ ᠪᠣᠯᠤᠨ᠎ᠠ᠂ 2019 ᠣᠨ ᠤ 11 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡᠳᠦᠭᠡᠷ ᠵᠦᠶᠯ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠪᠠ | ᠪᠠᠳᠠᠷᠠᠭᠤᠯᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ | ᠦᠶᠯᠡᠳᠦᠯ ᠢ ᠪᠠᠳᠠᠷᠠᠭᠤᠯᠤᠨ᠂ ᠤᠯᠠᠭᠠᠨᠮᠥ᠋ᠴᠢᠷ ᠤᠨ ᠦᠶᠯᠡᠰ ᠤᠨ ᠪᠦᠬᠦ ᠲᠠᠯ᠎ᠠ ᠪᠠᠷ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠶᠯ ᠲᠤᠰ ᠲᠦᠷᠢᠮ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠦᠷᠢᠶ᠎ᠡ | ᠬᠡᠪᠴᠢᠶ᠎ᠡ ᠳᠣᠲᠣᠷᠠᠬᠢ ᠤᠯᠠᠭᠠᠨᠮᠥ᠋ᠴᠢᠷ ᠢ ᠪᠠᠶᠢᠭᠤᠯᠬᠤ᠂ ᠪᠦᠲᠦᠭᠡᠨ ᠪᠠᠶᠢᠭᠤᠯᠬᠤ᠂ ᠬᠥᠭᠵᠢᠭᠦᠯᠬᠦ᠂ ᠬᠠᠮᠠᠭᠠᠯᠠᠬᠤ ᠪᠠ | ᠬᠠᠮᠢᠶᠠᠷᠬᠤ ᠳᠤ ᠬᠡᠷᠡᠭᠯᠡᠨ᠎ᠡ᠃ | ᠭᠤᠷᠪᠠᠳᠤᠭᠠᠷ ᠵᠦᠶᠯ ᠤᠯᠠᠭᠠᠨᠮᠥ᠋ᠴᠢᠷ ᠪᠣᠯ ᠦᠨᠳᠦᠰᠦᠨ ᠱᠠᠲᠤᠨ ᠳᠤ ᠬᠠᠨᠳᠤᠯᠭ᠎ᠠ ᠲᠠᠢ᠂ ᠣᠯᠠᠨ ᠲᠦᠮᠡᠨ | ᠳᠤ ᠬᠠᠨᠳᠤᠯᠭ᠎ᠠ ᠲᠠᠢ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ᠂ ᠦᠨᠳᠦᠰᠦᠲᠡᠨ ᠤ ᠴᠢᠨᠠᠷ᠂ ᠴᠠᠭ | ᠦᠶᠡᠴᠢ ᠴᠢᠨᠠᠷ ᠢ ᠪᠦᠷᠢᠯᠳᠦᠭᠦᠯᠦᠭᠰᠡᠨ᠂ ᠡᠩᠨᠡᠭᠡ ᠨᠢ ᠴᠤᠮᠬᠠᠨ ᠴᠢᠨᠠᠷᠵᠢᠭᠤᠨ᠂ ᠲᠤᠭᠯᠠᠭᠴᠢ ᠨᠢ ᠨᠢᠭᠡ ᠳᠤ | ᠮᠡᠷᠭᠡᠰᠢᠵᠦ ᠣᠯᠠᠨ ᠳᠤ ᠴᠠᠭᠠᠷᠠᠭᠰᠠᠨ᠂ ᠲᠤᠭᠯᠠᠯᠳᠠ ᠨᠢ ᠠᠪᠰᠠᠷᠬᠠᠨ ᠪᠥᠭᠡᠳ ᠪᠠᠶᠠᠯᠢᠭ ᠪᠠᠶᠢᠳᠠᠭ ᠪᠠᠶᠢᠳᠠᠭ ᠤᠳᠬ᠎ᠠ | ᠤᠷᠠᠯᠢᠭ ᠤᠨ ᠠᠵᠢᠯ ᠤᠨ ᠪᠦᠯᠬᠦᠮ ᠪᠣᠯᠤᠨ᠎ᠠ᠃ | ᠳᠥᠷᠪᠡᠳᠦᠭᠡᠷ ᠵᠦᠶᠯ ᠲᠤᠰ ᠲᠦᠷᠢᠮ ᠳᠤ ᠬᠡᠯᠡᠵᠦ ᠪᠠᠶᠢᠭ᠎ᠠ ᠤᠯᠠᠭᠠᠨᠮᠥ᠋ᠴᠢᠷ ᠭᠡᠳᠡᠭ ᠨᠢ ᠬᠤᠰᠢᠭᠤ ᠰᠢᠶᠠᠨ | ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠪᠠᠶᠢᠭᠤᠯᠤᠭᠰᠠᠨ᠂ ᠨᠡᠶᠢᠲᠡ | ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠳᠤ ᠠᠵᠢᠯ ᠦᠶᠯᠡᠰ ᠤᠨ ᠨᠢᠬᠡᠴᠢ ᠶᠢ ᠵᠢᠭᠠᠵᠦ᠂ ᠣᠯᠠᠨ ᠨᠡᠶᠢᠲᠡ ᠶᠢᠨ | ᠰᠣᠶᠣᠯ ᠤᠨ ᠦᠶᠯᠡᠴᠢᠯᠡᠭᠡᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ | ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ | ᠤ ᠱᠠᠲᠤᠨ ᠤ ᠤᠯᠠᠭᠠᠨᠮᠥ᠋ᠴᠢᠷ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠦᠳᠡᠯ ᠭᠠᠷᠭᠠᠵᠤ᠂ ᠥᠪᠡᠷᠲᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠪᠠᠶᠢᠭᠤᠯᠤᠨ᠎ᠠ᠃ | ᠤᠯᠠᠭᠠᠨᠮᠥ᠋ᠴᠢᠷ ᠢ ᠪᠠᠶᠢᠭᠤᠯᠬᠤ ᠳᠤ ᠲᠡᠭᠦᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠪᠠ ᠠᠵᠢᠯ | ᠦᠶᠯᠡᠰ ᠢᠶᠠᠨ ᠬᠦᠭᠵᠢᠬᠦᠯᠬᠦ ᠳᠤ ᠱᠠᠭᠠᠷᠳᠠᠭᠳᠠᠬᠤ ᠲᠤᠰᠬᠠᠶ ᠮᠡᠷᠭᠡᠵᠢᠯ ᠤᠨ ᠠᠵᠢᠯᠲᠠᠨ᠂ ᠪᠣᠯᠪᠠᠰᠤᠷᠠᠵᠤ ᠲᠣᠭᠯᠠᠯᠲᠠ | ᠭᠠᠷᠭᠠᠬᠤ ᠲᠠᠯᠠᠪᠤᠷ᠂ ᠣᠷᠣᠨ ᠲᠤᠭ᠎ᠠ᠂ ᠵᠠᠷᠤᠳᠠᠯ ᠵᠡᠷᠭᠡ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃ | ᠵᠢᠷᠭᠤᠳᠤᠭᠠᠷ ᠵᠦᠶᠯ ᠤᠯᠠᠭᠠᠨᠮᠥ᠋ᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠠᠷᠠᠳ ᠲᠦᠮᠡᠨ ᠳᠤ ᠦᠶᠯᠡᠴᠢᠯᠡᠬᠦ᠂ ᠨᠡᠶᠢᠭᠡᠮ ᠵᠢᠷᠤᠮ ᠳᠤ ᠦᠶᠯᠡᠴᠢᠯᠡᠬᠦ ᠴᠢᠭᠯᠡᠯᠲᠡ ᠶᠢ ᠪᠠᠷᠢᠮᠲᠠᠯᠠᠵᠤ᠂ ᠰᠣᠶᠣᠯ | ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ | ᠵᠢᠯᠣᠭᠤᠳᠤᠮᠵᠢ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠰᠢᠷᠭᠠᠭᠤ ᠬᠠᠲᠠᠭᠤᠵᠢᠯᠲᠠᠶ ᠲᠡᠮᠡᠴᠡᠬᠦ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ | ᠪᠠᠳᠠᠷᠠᠭᠤᠯᠵᠤ᠂ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ | ᠠᠬᠢᠭᠤᠯᠬᠤ ᠬᠡᠷᠡᠭᠲᠡᠶ᠃ | ᠳᠣᠯᠣᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠳᠤ ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ ᠨᠢ | ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠠᠭᠠᠨᠮᠥ᠋ᠴᠢᠷ ᠤᠨ | ᠠᠵᠢᠯ ᠦᠶᠯᠡᠰ ᠤᠨ ᠬᠥᠭᠵᠢᠯᠲᠡ ᠶᠢᠨ ᠲᠤᠰᠬᠠᠶ ᠵᠠᠷᠤᠳᠠᠯ ᠪᠠᠶᠢᠭᠤᠯᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ᠂ | ᠲᠣᠭᠯᠠᠯᠲᠠ ᠭᠠᠷᠭᠠᠬᠤ ᠪᠠ ᠪᠣᠯᠪᠠᠰᠤᠷᠠᠯ ᠵᠡᠷᠭᠡ ᠲᠥᠷᠥᠯ ᠵᠦᠶᠯ ᠳᠤ ᠬᠡᠷᠡᠭᠯᠡᠬᠦ ᠬᠡᠷᠡᠭᠲᠡᠶ᠃ | ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠤᠯᠠᠭᠠᠨᠮᠥ᠋ᠴᠢᠷ | ᠲᠤ ᠡᠳ᠋ ᠬᠥᠷᠥᠩᠭᠡ ᠬᠠᠨᠳᠢᠪᠯᠠᠵᠤ ᠪᠣᠯᠤᠨ᠎ᠠ᠂ ᠭᠥᠯᠢᠶᠡᠨ ᠠᠪᠤᠭᠰᠠᠨ ᠡᠳ᠋ ᠬᠥᠷᠥᠩᠭᠡ ᠶᠢ ᠤᠯᠠᠭᠠᠨᠮᠥ᠋ᠴᠢᠷ ᠤᠨ | ᠨᠡᠶᠢᠲᠡ ᠶᠢᠨ ᠠᠰᠠᠷᠠᠮᠵᠢ ᠶᠢᠨ ᠦᠶᠯᠡᠰ ᠢ ᠬᠥᠭᠵᠢᠭᠦᠯᠬᠦ ᠳᠤ ᠬᠡᠷᠡᠭᠯᠡᠬᠦ ᠬᠡᠷᠡᠭᠲᠡᠶ᠃ | ᠨᠠᠶᠮᠠᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ | ᠬᠠᠷᠢᠶᠠᠨ ᠳᠠᠬᠢ ᠤᠯᠠᠭᠠᠨᠮᠥ᠋ᠴᠢᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ | ᠰᠤᠷᠭᠠᠨ ᠬᠥᠮᠦᠵᠢᠯ᠂ ᠦᠨᠳᠦᠰᠦᠲᠡᠨ ᠤ ᠬᠡᠷᠡᠭ ᠡᠷᠭᠢᠯᠡᠬᠦ ᠵᠡᠷᠭᠡ ᠰᠠᠯᠠᠭ᠎ᠠ ᠮᠥᠴᠢᠷ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠣᠰᠣᠭᠠᠷ᠂ ᠤᠯᠠᠭᠠᠨᠮᠥ᠋ᠴᠢᠷ ᠤᠨ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠶ᠃ | ᠶᠢᠰᠦᠳᠦᠭᠡᠷ ᠵᠦᠶᠯ ᠤᠯᠠᠭᠠᠨᠮᠥ᠋ᠴᠢᠷ ᠳᠣᠤᠷᠠᠬᠢ ᠮᠡᠲᠦ ᠡᠭᠦᠷᠭᠡ ᠴᠢᠳᠠᠪᠤᠷᠢ ᠶᠢ ᠭᠦᠶᠴᠡᠳᠬᠡᠨ᠎ᠡ᠄ | ︵ᠨᠢᠭᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠭᠠᠷᠭᠠᠨ᠎ᠠ︔ | ︵ᠬᠤᠶᠠᠷ︶ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠰᠢᠯᠢᠳᠡᠭ | ᠪᠦᠲᠦᠭᠡᠯ ᠢ ᠵᠣᠬᠢᠶᠠᠨ ᠪᠦᠳᠦᠭᠡᠨ᠎ᠡ︔ | ︵ᠭᠤᠷᠪᠠ︶ ᠤᠷᠠᠯᠢᠭ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ ᠱᠤᠭᠤᠮ ᠴᠢᠭᠯᠡᠯᠲᠡ ᠲᠦᠷᠦ ᠶᠢᠨ | ᠪᠤᠳᠦᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ︔ | ︵ᠲᠦᠷᠪᠡ︶ ᠤᠯᠠᠨ ᠲᠦᠮᠡᠨ ᠤ ᠠᠵᠢᠯ ᠤᠨ ᠴᠢᠯᠥᠭᠡᠨ ᠤ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠ | ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ | ᠭᠤᠣᠯᠯᠠᠭᠴᠢ ᠬᠦᠴᠦᠨ ᠢ ᠬᠦᠮᠦᠵᠢᠭᠦᠯᠦᠨ᠎ᠡ︔ | ︵ᠲᠠᠪᠤ︶ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ | ᠦᠷᠨᠢᠭᠦᠯᠦᠨ᠎ᠡ︔ | ︵ᠵᠢᠷᠭᠤᠭ᠎ᠠ︶ ᠦᠨᠳᠦᠰᠦᠲᠡᠨ ᠤ ᠪᠠ ᠠᠷᠠᠳ ᠤᠨ ᠳᠤᠮᠳᠠᠬᠢ ᠰᠢᠯᠢᠳᠡᠭ ᠤᠯᠠᠮᠵᠢᠯᠠᠯᠲᠤ ᠰᠣᠶᠣᠯ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠨ᠎ᠠ︔ | ︵ᠳᠣᠯᠤᠭ᠎ᠠ︶ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠠᠷᠭ᠎ᠠ ᠮᠠᠶ᠋ᠢᠭ᠂ ᠲᠣᠭᠯᠠᠯᠲᠠ ᠶᠢᠨ ᠬᠡᠯᠪᠡᠷᠢ᠂ | ᠤᠯᠠᠮᠵᠢᠯᠠᠨ ᠲᠡᠯᠬᠡᠷᠡᠬᠦᠯᠬᠦ ᠠᠷᠭ᠎ᠠ ᠵᠠᠮ ᠢ ᠰᠢᠨᠡᠴᠢᠯᠡᠨ᠎ᠡ︔ | ︵ᠨᠠᠶᠮᠠ︶ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠦᠷᠨᠢᠭᠦᠯᠦᠨ᠎ᠡ᠃ | ᠠᠷᠪᠠᠳᠤᠭᠠᠷ ᠵᠦᠶᠯ ᠤᠯᠠᠭᠠᠨᠮᠥ᠋ᠴᠢᠷ ᠤᠨ ᠣᠷᠣᠨ ᠲᠤᠭ᠎ᠠ ᠶᠢ ᠬᠢᠨᠠᠨ ᠲᠣᠭᠲᠠᠭᠠᠬᠤ ᠳᠤ ᠲᠡᠭᠦᠨ ᠤ | ᠦᠶᠯᠡᠴᠢᠯᠡᠬᠦ ᠬᠦᠷᠢᠶ᠎ᠡ ᠬᠡᠪᠴᠢᠶ᠎ᠡ᠂ ᠬᠥᠮᠦᠨ ᠠᠮᠠ ᠶᠢᠨ ᠬᠡᠮᠵᠢᠶ᠎ᠡ ᠪᠣᠯᠤᠨ ᠨᠤᠳᠤᠭ ᠣᠷᠣᠨ ᠤ ᠬᠢᠨᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ | ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠪᠠᠨ ᠭᠦᠶᠴᠡᠳ ᠭᠦᠶᠴᠡᠳᠬᠡᠬᠦ ᠶᠢ ᠪᠠᠲᠤᠯᠠᠬᠤ ᠬᠡᠷᠡᠭᠲᠡᠶ᠃ | ᠤᠯᠠᠭᠠᠨᠮᠥ᠋ᠴᠢᠷ ᠨᠢ ᠲᠤᠬᠠᠶ ᠶᠢᠨ ᠭᠠᠵᠠᠷ ᠤᠨ ᠰᠣᠶᠣᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠢᠨᠠᠯᠲᠠ ᠳᠣᠤᠷ᠎ᠠ᠂ ᠣᠷᠣᠨ ᠲᠤᠭ᠎ᠠ | ᠳᠣᠲᠣᠷᠠᠬᠢ ᠲᠤᠭᠯᠠᠭᠴᠢ ᠶᠢ ᠡᠵᠡᠨ ᠮᠡᠳᠡᠵᠦ ᠢᠯᠡ ᠪᠠᠷ ᠡᠯᠰᠡᠵᠤ ᠪᠣᠯᠤᠨ᠎ᠠ︔ ᠤᠨᠴᠠᠭᠠᠢ ᠴᠢᠳᠠᠪᠤᠷᠢᠲᠠᠨ ᠢ ᠲᠤᠰᠬᠠᠶ | ᠮᠡᠷᠭᠡᠵᠢᠯᠲᠡᠨ ᠤ ᠦᠨᠡᠯᠡᠨ ᠵᠢᠱᠢᠬᠦ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠢᠯᠢᠳᠡᠭ ᠢ ᠨᠢ ᠰᠣᠩᠭᠤᠵᠦ ᠤᠷᠢᠨ ᠬᠡᠷᠡᠭᠯᠡᠵᠦ ᠪᠣᠯᠤᠨ᠎ᠠ᠃ | ᠤᠯᠠᠭᠠᠨᠮᠥ᠋ᠴᠢᠷ ᠨᠢ ᠣᠷᠣᠨ ᠲᠤᠭ᠎ᠠ ᠠᠴᠠ ᠭᠠᠳᠠᠨᠠᠬᠢ ᠲᠤᠭᠯᠠᠭᠴᠢ ᠶᠢ ᠤᠷᠢᠨ ᠬᠡᠷᠡᠭᠯᠡᠬᠦ ᠳᠤ ᠬᠠᠤᠯᠢ | ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠨᠢ ᠲᠤᠰᠢᠶᠠᠬᠤ | ᠬᠡᠷᠡᠭᠲᠡᠶ᠃ | ᠠᠷᠪᠠᠨ ᠨᠢᠭᠡᠳᠦᠭᠡᠷ ᠵᠦᠶᠯ ᠤᠯᠠᠭᠠᠨᠮᠥ᠋ᠴᠢᠷ ᠲᠤ ᠲᠤᠰ ᠭᠠᠵᠠᠷ ᠣᠷᠣᠨ ᠤ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠶᠢ ᠪᠣᠯᠪᠠᠰᠤᠷᠠᠩᠭᠤᠶ ᠬᠡᠷᠡᠭᠯᠡᠵᠦ ᠴᠢᠳᠠᠬᠤ ᠲᠤᠭᠯᠠᠭᠴᠢ ᠨᠢ ᠵᠣᠬᠢᠬᠤ ᠬᠠᠷᠢᠴᠠᠯ ᠳᠤ | ᠬᠦᠷᠦᠭᠰᠡᠨ ᠪᠠᠶᠢᠬᠤ ᠬᠡᠷᠡᠭᠲᠡᠶ᠃ | ᠤᠯᠠᠭᠠᠨᠮᠥ᠋ᠴᠢᠷ ᠤᠨ ᠲᠤᠭᠯᠠᠭᠴᠢ ᠨᠢ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠶᠯᠡᠰ ᠢᠶᠠᠨ | ᠳᠡᠭᠡᠳᠦᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠬᠠᠯᠠᠭᠤᠮᠰᠤᠭ ᠢᠶᠠᠷ ᠦᠶᠯᠡᠴᠢᠯᠡᠵᠦ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠳᠤ ᠱᠠᠭᠠᠷᠳᠠᠭᠳᠠᠬᠤ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ | ᠤᠨ ᠮᠡᠳᠡᠯᠭᠡ ᠪᠠ ᠳᠠᠭᠤᠤ᠂ ᠪᠥᠵᠢᠭ᠂ ᠬᠦᠭᠵᠢᠮ᠂ ᠳᠠᠭᠤᠷᠢᠯᠢᠭ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ | ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ | ᠠᠷᠪᠠᠨ ᠬᠤᠶᠠᠳᠤᠭᠠᠷ ᠵᠦᠶᠯ ᠤᠯᠠᠭᠠᠨᠮᠥ᠋ᠴᠢᠷ ᠲᠠᠷᠢᠶᠠᠯᠠᠬᠤ ᠮᠠᠯᠵᠢᠬᠤ ᠣᠷᠣᠨ᠂ ᠬᠢᠯᠢ ᠬᠢᠵᠠᠭᠠᠷ ᠣᠷᠣᠨ᠂ | ᠦᠨᠳᠦᠰᠦᠨ ᠱᠠᠲᠤᠨ ᠤ ᠨᠢᠭᠡᠴᠢ ᠳᠤ ᠭᠦᠨᠵᠡᠭᠡᠶᠢᠷᠡᠵᠦ ᠲᠣᠭᠯᠠᠯᠲᠠ ᠭᠠᠷᠭᠠᠬᠤ ᠪᠠᠷ ᠭᠤᠤᠯ ᠪᠣᠯᠭᠠᠵᠤ᠂ ᠵᠢᠯ ᠪᠦᠷᠢ | ᠶᠢᠨ ᠲᠣᠭᠯᠠᠯᠲᠠ ᠶᠢᠨ ᠬᠠᠮᠤᠭ ᠤᠨ ᠳᠣᠤᠷ᠎ᠠ ᠲᠠᠯᠠᠪᠠᠶ ᠤᠳᠠᠭ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠠᠴᠠ ᠤᠯᠠᠭᠠᠨᠮᠥ᠋ᠴᠢᠷ ᠤᠨ ᠦᠶᠯᠡᠴᠢᠯᠡᠭᠡᠨ ᠤ ᠴᠢᠳᠠᠪᠤᠷᠢ ᠪᠣᠯᠤᠨ ᠬᠦᠷᠢᠶ᠎ᠡ ᠬᠡᠪᠴᠢᠶ᠎ᠡ ᠲᠠᠢ ᠤᠶᠠᠯᠳᠤᠭᠤᠯᠤᠨ | ᠲᠣᠭᠲᠠᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨᠮᠥ᠋ᠴᠢᠷ ᠤᠨ ᠪᠤᠯᠪᠠᠰᠤᠷᠠᠬᠤ ᠪᠠ ᠲᠤᠭᠯᠠᠯᠳᠠ ᠭᠠᠷᠭᠠᠬᠤ ᠳᠤ ᠬᠡᠷᠡᠭᠰᠡᠬᠦ ᠲᠠᠯᠠᠪᠤᠷ᠂ ᠪᠡᠯᠡᠳᠬᠡᠮᠵᠢ | ᠲᠥᠬᠦᠭᠡᠷᠦᠮᠵᠢ ᠪᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠪᠠᠲᠤᠯᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨᠮᠥ᠋ᠴᠢᠷ ᠤᠨ ᠲᠤᠭᠯᠠᠭᠴᠢ ᠶᠢᠨ ᠤᠯᠠᠭᠠᠨᠮᠥ᠋ᠴᠢᠷ ᠠᠴᠠ ᠭᠠᠷᠬᠤ ᠲᠣᠭᠲᠠᠴᠠ ᠶᠢ ᠪᠠᠶᠢᠭᠤᠯᠬᠤ | ᠬᠡᠷᠡᠭᠲᠡᠶ᠃ | ᠵᠠᠯᠭᠠᠭ᠎ᠠ ᠪᠠᠷ ᠠᠷᠪᠠᠨ ᠲᠠᠪᠤᠨ ᠵᠢᠯ ᠠᠴᠠ ᠳᠡᠭᠡᠭᠰᠢ ᠠᠵᠢᠯᠯᠠᠵᠤ ᠦᠷᠭᠦᠯᠵᠢᠯᠡᠨ ᠲᠤᠭᠯᠠᠯᠳᠠ ᠭᠠᠷᠭᠠᠬᠤ ᠳᠤ | ᠳᠣᠭᠢᠷᠠᠬᠤ ᠥᠬᠡᠶ ᠪᠤᠯᠤᠭᠰᠠᠨ ᠪᠥᠵᠢᠭᠴᠢᠨ ᠦᠪᠡᠷᠳᠡᠬᠡᠨ ᠡᠷᠬᠦᠳᠡᠯ ᠭᠠᠷᠭᠠᠪᠠᠯ᠂ ᠰᠣᠶᠣᠯ᠂ ᠰᠤᠷᠭᠠᠨ ᠬᠥᠮᠦᠵᠢᠯ᠂ | ᠨᠡᠶᠢᠭᠡᠮ ᠲᠣᠭᠤᠷᠢᠭ ᠵᠡᠷᠭᠡ ᠬᠠᠮᠢᠶ᠎ᠠ ᠪᠥᠬᠦᠶ ᠨᠢᠬᠡᠴᠢ ᠳᠤ ᠲᠤᠬᠢᠷᠠᠭᠤᠯᠵᠤ ᠪᠣᠯᠣᠨ᠎ᠠ᠂ ᠤᠤᠯ ᠤᠨ ᠮᠡᠷᠭᠡᠵᠢᠯ ᠤᠨ | ᠴᠣᠯᠠ ᠶᠢᠨ ᠬᠦᠷᠳᠡᠮᠵᠢ ᠶᠢ ᠨᠢ ᠬᠡᠪ ᠢᠶᠠᠷ ᠦᠯᠡᠳᠡᠭᠡᠨ᠎ᠡ᠃ | ᠵᠠᠯᠭᠠᠭ᠎ᠠ ᠪᠠᠷ ᠭᠤᠴᠢᠨ ᠵᠢᠯ ᠠᠴᠠ ᠳᠡᠭᠡᠭᠰᠢ ᠠᠵᠢᠯᠯᠠᠭᠰᠠᠨ ᠪᠣᠯᠪᠠᠴᠤ ᠬᠠᠤᠯᠢ ᠪᠠᠷ ᠲᠣᠭᠲᠠᠭᠠᠭᠰᠠᠨ ᠠᠵᠢᠯ | ᠠᠴᠠ ᠪᠠᠨ ᠠᠮᠠᠷᠠᠬᠤ ᠨᠠᠰᠤᠨ ᠳᠤ ᠬᠦᠷᠦᠭᠡᠳᠦᠶ ᠲᠤᠭᠯᠠᠭᠴᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠠᠵᠢᠯ ᠠᠴᠠ ᠪᠠᠨ ᠠᠮᠠᠷᠠᠬᠤ ᠭᠠᠷᠳᠠᠮ ᠭᠦᠶᠴᠡᠳᠬᠡᠵᠦ ᠪᠣᠯᠤᠨ᠎ᠠ᠃ | ᠠᠷᠪᠠᠨ ᠲᠠᠪᠤᠳᠤᠭᠠᠷ ᠵᠦᠶᠯ ᠤᠯᠠᠭᠠᠨᠮᠥ᠋ᠴᠢᠷ ᠤᠨ ᠲᠤᠭᠯᠠᠭᠴᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠤ ᠲᠡᠭᠦᠨ ᠤ ᠠᠵᠢᠯ ᠮᠡᠷᠭᠡᠵᠢᠯ ᠤᠨ ᠰᠢᠨᠵᠢ ᠴᠢᠨᠠᠷ ᠪᠠ ᠠᠵᠢᠯ ᠤᠨ ᠪᠠᠶᠢᠷᠢ ᠶᠢᠨ ᠬᠡᠷᠡᠭᠴᠡᠭᠡ ᠶᠢ | ᠪᠣᠳᠣᠯᠬᠢᠯᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠪᠣᠳᠠᠲᠤ ᠠᠮᠵᠢᠯᠲᠠ ᠪᠦᠲᠦᠮᠵᠢ ᠶᠢᠨ ᠬᠤᠪᠢ ᠨᠡᠮᠡᠷᠢ | ᠶᠢ ᠲᠤᠪᠤᠶᠢᠯᠭᠠᠨ ᠰᠢᠯᠭᠠᠨ ᠦᠨᠡᠯᠡᠬᠦ ᠬᠡᠷᠡᠭᠲᠡᠶ᠂ ᠪᠣᠳᠠᠲᠠᠶ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠲᠣᠭᠲᠠᠭᠠᠨ᠎ᠠ᠃ | ᠠᠷᠪᠠᠨ ᠵᠢᠷᠭᠤᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠣᠨ ᠤ ᠪᠣᠯᠪᠠᠰᠤᠷᠠᠯ | ᠤᠨ ᠲᠥᠯᠥᠪᠯᠡᠭᠡ ᠲᠣᠭᠲᠠᠭᠠᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ᠂ ᠨᠠᠶᠢᠷᠠᠭᠤᠯᠤᠨ ᠤᠳᠤᠷᠢᠳᠬᠤ᠂ | ᠲᠤᠭᠯᠠᠬᠤ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠥᠷᠥᠯ ᠠᠩᠬᠢᠯᠠᠵᠤ ᠱᠠᠳᠤ ᠬᠤᠪᠢᠶᠠᠨ ᠵᠢᠯ ᠪᠦᠷᠢ | ᠵᠤᠬᠢᠶᠠᠨ ᠪᠠᠶᠢᠭᠤᠯᠵᠦ ᠪᠤᠯᠪᠠᠰᠤᠷᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠪᠠᠨ ᠬᠦᠢᠴᠡᠳᠬᠡᠬᠦ ᠬᠢᠨᠠᠯᠲᠠ ᠪᠠᠶᠢᠴᠠᠭᠠᠯᠳᠠ ᠶᠢ | ᠴᠢᠩᠭᠠᠳᠬᠠᠵᠦ᠂ ᠬᠢᠨᠠᠨ ᠰᠢᠯᠭᠠᠨ ᠦᠨᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠬᠢᠨᠠᠨ ᠰᠢᠯᠭᠠᠵᠤ | ᠦᠨᠡᠯᠡᠭᠰᠡᠨ ᠦᠷ᠎ᠡ ᠳ᠋ᠦᠩ ᠢᠶᠠᠷ ᠨᠥᠬᠦᠪᠥᠷᠢ ᠤᠯᠭᠤᠬᠤ ᠪᠤᠶᠤ ᠱᠠᠩᠨᠠᠵᠤ ᠲᠣᠷᠭᠠᠬᠤ ᠶᠢ ᠲᠣᠭᠲᠠᠭᠠᠬᠤ ᠦᠨᠳᠦᠰᠦᠯᠡᠯ | ᠪᠣᠯᠭᠠᠨ᠎ᠠ᠃ | ᠠᠷᠪᠠᠨ ᠨᠠᠶᠮᠠᠳᠤᠭᠠᠷ ᠵᠦᠶᠯ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠰᠤᠳᠤᠯᠭᠠᠨ ᠤ ᠨᠢᠭᠡᠴᠢ ᠨᠢ ᠤᠯᠠᠭᠠᠨᠮᠥ᠋ᠴᠢᠷ ᠤᠨ ᠴᠢᠳᠠᠪᠤᠷᠢᠲᠠᠨ ᠢ | ᠲᠤᠭᠳᠠᠭᠰᠠᠨ ᠴᠢᠭᠯᠡᠯ ᠢᠶᠠᠷ ᠬᠥᠮᠦᠵᠢᠭᠦᠯᠵᠦ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ | ᠪᠠᠶᠢᠭᠤᠯᠵᠤ᠂ ᠤᠯᠠᠭᠠᠨᠮᠥ᠋ᠴᠢᠷ ᠤᠨ ᠰᠤᠳᠤᠯᠭᠠᠨ ᠪᠣᠯᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠠᠭᠠᠨᠮᠥ᠋ᠴᠢᠷ ᠤᠨ | ᠨᠡᠷᠡᠳᠤ ᠲᠡᠮᠳᠡᠭ ᠤᠨ ᠴᠤᠭᠴᠠᠯᠠᠯᠳᠠ ᠶᠢ ᠠᠬᠢᠭᠤᠯᠵᠤ᠂ ᠰᠢᠯᠢᠳᠡᠭ ᠪᠦᠯᠬᠦᠮ᠂ ᠴᠤᠯᠭᠤᠷᠠᠭᠰᠠᠨ ᠴᠢᠳᠠᠪᠤᠷᠢᠲᠠᠨ ᠤ | ᠨᠡᠷᠡᠰ ᠤᠨ ᠵᠢᠠᠠᠰᠠᠭᠠᠯᠳᠠ ᠪᠠ ᠤᠯᠠᠮᠵᠢᠯᠠᠯᠲᠤ ᠰᠣᠩᠭᠤᠳᠠᠭ ᠪᠦᠲᠦᠭᠡᠯ ᠤᠨ ᠬᠠᠮᠠᠭᠠᠯᠠᠯᠲᠠ ᠶᠢᠨ ᠨᠡᠷᠡᠰ ᠤᠨ | ᠵᠢᠭᠰᠠᠭᠠᠯᠳᠠ ᠶᠢ ᠪᠠᠶᠢᠭᠤᠯᠬᠤ ᠬᠡᠷᠡᠭᠲᠡᠶ᠃ | ᠬᠤᠷᠢᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠤ ᠰᠣᠶᠣᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠪᠠᠨ | ᠤᠯᠠᠭᠠᠨᠮᠥ᠋ᠴᠢᠷ ᠤᠨ ᠬᠠᠮᠢᠶ᠎ᠠ ᠪᠦᠬᠦᠢ ᠲᠡᠦᠬᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠪᠠ | ᠰᠤᠳᠤᠯᠬᠤ ᠠᠵᠢᠯ ᠢ ᠬᠠᠷᠢᠭᠤᠴᠠᠨ᠎ᠠ᠃ | ᠤᠯᠠᠭᠠᠨᠮᠥ᠋ᠴᠢᠷ ᠨᠢ ᠤᠷᠠᠯᠢᠭ ᠤᠨ ᠲᠠᠩᠰᠠ ᠡᠪᠬᠡᠮᠡᠯ ᠵᠢᠴᠢ ᠪᠣᠳᠠᠲᠤ ᠡᠳ᠋ ᠢ ᠬᠤᠷᠢᠶᠠᠨ ᠬᠠᠳᠠᠭᠠᠯᠠᠬᠤ᠂ | ᠬᠠᠮᠠᠭᠠᠯᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠨᠢᠭᠡᠳᠦᠭᠡᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠲᠣᠤᠷ ᠰᠦᠯᠵᠢᠶ᠎ᠡ᠂ ᠺᠢᠨᠣ᠋ ᠲᠧᠯᠸᠢᠰ᠂ ᠬᠡᠪᠯᠡᠯ ᠵᠡᠷᠭᠡ | ᠵᠠᠭᠤᠴᠢᠯᠠᠭᠤᠷ ᠪᠠ ᠠᠷᠭ᠎ᠠ ᠪᠠᠷᠢᠯ ᠢ ᠠᠰᠢᠭᠯᠠᠨ ᠤᠯᠠᠭᠠᠨᠮᠥ᠋ᠴᠢᠷ ᠢ ᠤᠬᠠᠭᠤᠯᠵᠤ᠂ ᠤᠯᠠᠭᠠᠨᠮᠥ᠋ᠴᠢᠷ ᠤᠨ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠤᠯᠠᠮᠵᠢᠯᠠᠨ ᠲᠡᠯᠬᠡᠷᠡᠬᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨᠮᠥ᠋ᠴᠢᠷ ᠤᠨ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠥᠷᠨᠢᠭᠦᠯᠬᠦ ᠶᠢ ᠳᠡᠮᠵᠢᠬᠦ | ᠬᠡᠷᠡᠭᠲᠡᠶ᠃ | ᠬᠤᠷᠢᠨ ᠭᠤᠷᠪᠠᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ | ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠦᠬᠢᠬᠦᠯᠦᠨ᠎ᠡ᠃ | ᠬᠤᠷᠢᠨ ᠳᠥᠷᠪᠡᠳᠦᠭᠡᠷ ᠵᠦᠶᠯ ᠠᠵᠤ ᠠᠬᠤᠶᠢᠯᠠᠯ᠂ ᠠᠵᠢᠯ ᠦᠶᠯᠡᠰ ᠤᠨ ᠨᠢᠬᠡᠴᠢ ᠪᠣᠯᠤᠨ ᠪᠤᠰᠤᠳ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠰᠠᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠨᠢ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢ | ᠭᠦᠶᠴᠡᠳᠬᠡᠬᠦ ᠬᠡᠷᠡᠭᠲᠡᠶ᠂ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠲᠣᠭᠲᠠᠭᠠᠨ᠎ᠠ᠃ | ᠬᠤᠷᠢᠨ ᠲᠠᠪᠤᠳᠤᠭᠠᠷ ᠵᠦᠶᠯ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠢ | ᠤᠯᠠᠭᠠᠨᠮᠥ᠋ᠴᠢᠷ ᠤᠨ ᠨᠡᠷ᠎ᠡ ᠲᠦᠷᠦ ᠪᠠ ᠨᠥᠯᠥᠭᠡᠯᠡᠬᠦ ᠬᠦᠴᠦᠨ ᠢ ᠠᠰᠢᠭᠯᠠᠨ᠂ ᠤᠯᠤᠰ ᠤᠨ ᠰᠣᠶᠣᠯ ᠤᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠪᠠ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠶᠢ ᠬᠢᠵᠦ ᠪᠣᠯᠬᠤ ᠦᠭᠡᠶ᠃ | ᠬᠤᠷᠢᠨ ᠵᠢᠷᠭᠤᠳᠤᠭᠠᠷ ᠵᠦᠶᠯ ᠲᠤᠰ ᠳᠦᠷᠢᠮ ᠤᠨ ᠲᠣᠭᠲᠠᠭᠠᠯ ᠠᠴᠠ ᠵᠦᠷᠢᠴᠡᠭᠡᠳ᠂ ᠬᠤᠰᠢᠭᠤ ᠰᠢᠶᠠᠨ | ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠠᠵᠢᠯᠲᠠᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠭᠦᠨ ᠤ | ᠳᠡᠭᠡᠳᠦ ᠱᠠᠲᠤᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠬᠤᠭᠤᠴᠠᠭ᠎ᠠ | ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ | ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ | ᠬᠠᠤᠯᠢ ᠶᠣᠰᠣᠭᠠᠷ ᠰᠢᠳᠬᠡᠯ ᠦᠭᠬᠦᠨ᠎ᠡ︔ ᠶᠠᠯ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ ︶ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠰᠬᠠᠶ ᠵᠠᠷᠤᠳᠠᠯ ᠢ ᠡᠵᠡᠯᠡᠨ ᠠᠪᠤᠭᠰᠠᠨ᠂ | ᠦᠯᠡᠳᠡᠭᠡᠨ ᠠᠪᠤᠭᠰᠠᠨ᠂ ᠰᠢᠯᠵᠢᠬᠦᠯᠦᠨ ᠬᠡᠷᠡᠭᠯᠡᠭᠰᠡᠨ︔ | ︵ᠬᠤᠶᠠᠷ︶ ᠤᠯᠠᠭᠠᠨᠮᠥ᠋ᠴᠢᠷ ᠤᠨ ᠲᠦᠬᠦᠬᠡᠷᠦᠮᠵᠢ ᠶᠢ ᠳᠤᠷ᠎ᠠ ᠪᠠᠷ ᠢᠶᠠᠨ ᠨᠤᠷᠠᠭᠠᠵᠤ᠂ ᠡᠵᠡᠯᠡᠵᠦ᠂ | ᠰᠢᠯᠵᠢᠬᠦᠯᠦᠨ ᠬᠡᠷᠡᠭᠯᠡᠵᠦ᠂ ᠤᠯᠠᠭᠠᠨᠮᠥ᠋ᠴᠢᠷ ᠤᠨ ᠲᠠᠯᠠᠪᠤᠷ ᠢ ᠡᠵᠡᠯᠡᠭᠰᠡᠨ ᠪᠤᠶᠤ ᠤᠯᠠᠭᠠᠨᠮᠥ᠋ᠴᠢᠷ ᠤᠨ ᠲᠦᠬᠦᠬᠡᠷᠦᠮᠵᠢ | ᠲᠠᠯᠠᠪᠤᠷ ᠤᠨ ᠴᠢᠳᠠᠮᠵᠢ ᠬᠡᠷᠡᠭᠴᠡᠭᠡ ᠶᠢ ᠦᠬᠡᠷᠡᠴᠢᠯᠡᠵᠤ᠂ ᠲᠡᠬᠦᠨ ᠤ ᠬᠡᠪ ᠤᠨ ᠠᠵᠢᠯᠯᠠᠭ᠎ᠠ ᠶᠢ ᠬᠠᠷᠰᠢᠯᠠᠭᠰᠠᠨ︔ | ︵ᠭᠤᠷᠪᠠ︶ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠯᠦ | ᠭᠦᠢᠴᠡᠳᠬᠡᠭᠰᠡᠨ︔ | ︵ᠳᠥᠷᠪᠡ︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠭᠡᠮ ᠤᠶᠢᠯᠡᠳᠦᠭᠰᠡᠨ ᠵᠡᠷᠭᠡ ᠪᠤᠰᠤᠳ ᠦᠶᠯᠡ ᠠᠵᠢᠯᠯᠠᠭ᠎ᠠ ᠲᠠᠢ ᠪᠠᠶᠢᠬᠤ᠃ | ᠬᠤᠷᠢᠨ ᠳᠣᠯᠣᠳᠤᠭᠠᠷ ᠵᠦᠶᠯ ᠲᠤᠰ ᠲᠦᠷᠢᠮ ᠢ 2019 ᠣᠨ ᠤ 11ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |