︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨᠡᠴᠢᠯᠡᠨ ᠬᠥᠭᠵᠢᠭᠦᠯᠬᠦ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠩᠭᠠᠯᠭ᠎ᠠ ᠶᠢᠨ ᠶᠠᠰᠤ ᠴᠢᠨᠠᠷ ᠨᠢ ᠦᠡᠳᠦᠷ ᠪᠤᠰᠤ᠂ ᠴᠢᠳᠠᠪᠤᠷᠢᠲᠠᠨ ᠤ | ᠶᠡᠷᠦᠩᠬᠡᠶ ᠬᠡᠮᠵᠢᠶ᠎ᠡ ᠨᠢ ᠬᠦᠷᠦᠯᠴᠡᠬᠦ ᠥᠬᠡᠶ᠂ ᠰᠢᠨ᠎ᠡ ᠶᠢ ᠡᠭᠦᠳᠬᠦ ᠲᠣᠬᠲᠠᠯᠴᠠᠭ᠎ᠠ ᠨᠢ ᠲᠡᠭᠦᠯᠳᠡᠷ ᠪᠤᠰᠤ᠂ | ᠬᠥᠭᠵᠢᠯᠲᠡ ᠶᠢᠨ ᠣᠨᠴᠠᠯᠢᠭ ᠨᠢ ᠲᠣᠪᠤᠶᠢᠮ᠎ᠠ ᠪᠤᠰᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠪᠠ ᠧᠦ᠋ᠷᠣᠫᠠ ᠡᠮ ᠡᠮᠨᠡᠯᠭᠡ ᠶᠢᠨ ᠬᠠᠷᠢᠯᠴᠠᠨ ᠨᠥᠬᠦᠪᠥᠷᠢᠯᠡᠵᠦ᠂ | ᠵᠣᠬᠢᠴᠠᠩᠭᠤᠶ ᠪᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠤ | ᠪᠠᠶᠢᠳᠠᠯ ᠲᠠᠢ ᠤᠶᠠᠯᠳᠤᠭᠤᠯᠤᠨ᠂ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠤᠷᠠᠳᠤᠶ᠎ᠠ᠃ | ᠨᠢᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠬᠲᠠᠯᠴᠠᠭ᠎ᠠ ᠶᠢ | ᠪᠦᠷᠢᠨᠰᠢᠭᠦᠯᠦᠨ᠎ᠡ | ︵ᠨᠢᠭᠡ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠ ᠠᠶᠢᠮᠠᠭ | ᠬᠤᠲᠠ ᠶᠢᠨ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠤᠷᠢᠳᠴᠢᠯᠠᠨ ᠰᠡᠷᠭᠡᠶᠢᠯᠡᠵᠦ ᠡᠷᠡᠭᠦᠯ ᠢ ᠪᠠᠲᠤᠯᠠᠬᠤ᠂ ᠦᠨᠳᠦᠰᠦᠨ ᠡᠮᠴᠢᠯᠡᠭᠡ ᠬᠢᠬᠦ᠂ ᠪᠠᠴᠢᠮ ᠲᠦᠭᠰᠢᠭᠦᠷᠢᠲᠡᠶ ᠬᠦᠨᠳᠦ | ᠡᠪᠡᠳᠴᠢᠨ ᠢ ᠣᠨᠣᠰᠢᠯᠠᠨ ᠡᠮᠨᠡᠬᠦ᠂ ᠰᠣᠪᠢᠯᠠᠨ ᠡᠷᠡᠭᠦᠯᠵᠢᠭᠦᠯᠬᠦ ᠵᠡᠷᠭᠡ ᠦᠢᠯᠡᠴᠢᠯᠡᠭᠡᠨ ᠤ ᠴᠢᠳᠠᠪᠤᠷᠢ ᠶᠢ | ᠴᠢᠩᠭᠠᠷᠠᠭᠤᠯᠤᠨ᠎ᠠ︔ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠢ ᠰᠢᠨᠡᠴᠢᠯᠡᠬᠦ ᠵᠡᠷᠭᠡ | ᠲᠠᠯ᠎ᠠ ᠳᠠᠬᠢ ᠦᠢᠯᠡᠳᠦᠯ ᠢ ᠴᠢᠩᠭᠠᠳᠬᠠᠵᠤ᠂ ᠲᠤᠰᠬᠠᠶ ᠰᠠᠯᠠᠭᠠᠨ ᠤ ᠬᠤᠯᠪᠣᠭ᠎ᠠ ᠵᠣᠬᠢᠶᠠᠨ ᠪᠠᠶᠢᠭᠤᠯᠬᠤ ᠶᠢ ᠳᠡᠮᠵᠢᠨ᠎ᠡ᠃ | ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠡᠮᠨᠡᠬᠦ | ᠴᠢᠳᠠᠪᠤᠷᠢ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠭᠤᠣᠯᠳᠠᠯᠭ᠎ᠠ ᠲᠠᠢ ᠴᠢᠩᠭᠠᠷᠠᠭᠤᠯᠤᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠡᠬᠡ ᠨᠢᠯᠬᠠᠰ ᠤᠨ | ᠡᠷᠡᠭᠦᠯᠵᠢᠯ᠂ ᠬᠠᠯᠳᠠᠪᠤᠷᠢᠲᠤ ᠡᠪᠡᠳᠴᠢᠨ᠂ ᠡᠷᠡᠭᠦᠯᠵᠢᠯ᠂ ᠠᠰᠠᠷᠠᠯᠳᠠ᠂ ᠰᠤᠪᠢᠯᠠᠯᠲᠠ ᠵᠡᠷᠭᠡ ᠲᠤᠰᠬᠠᠶ ᠡᠮᠴᠢᠯᠡᠭᠡᠨ ᠤ | ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ | ᠴᠢᠩᠭᠠᠳᠬᠠᠨ᠎ᠠ᠃ 2022 ᠤᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠬᠤᠷᠢᠶ᠎ᠠ ᠶᠢ ᠣᠷᠣᠨ ᠪᠦᠰᠡ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠴᠢᠯᠡᠭᠡᠨ ᠤ ᠲᠥᠪ ᠪᠣᠯᠭᠠᠨ ᠪᠠᠶᠢᠭᠤᠯᠵᠤ᠂ ᠠᠶᠢᠮᠠᠭ ᠬᠤᠲᠠ ᠶᠢᠨ ᠱᠠᠲᠤᠨ ᠤ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠬᠤᠷᠢᠶ᠎ᠠ ᠶᠢ ᠨᠡᠯᠢᠶᠡᠳ ᠴᠢᠩᠭ᠎ᠠ ᠨᠥᠯᠥᠭᠡᠯᠡᠨ ᠳᠠᠶᠢᠴᠢᠯᠠᠬᠤ ᠴᠢᠳᠠᠪᠤᠷᠢ ᠲᠠᠢ ᠣᠨᠣᠰᠢᠯᠠᠨ ᠡᠮᠨᠡᠬᠦ | ᠲᠥᠪ ᠪᠠ ᠡᠮ ᠨᠠᠶᠢᠷᠠᠭᠤᠯᠬᠤ ᠲᠥᠪ ᠪᠣᠯᠭᠠᠨ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠬᠤᠷᠢᠶ᠎ᠠ ᠶᠢ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ | ᠲᠥᠪ ᠪᠣᠯᠭᠠᠨ ᠪᠠᠶᠢᠭᠤᠯᠤᠨ᠎ᠠ᠃ | ︵ᠬᠤᠶᠠᠷ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭ ᠢ ᠬᠠᠷᠠᠭᠤᠯᠤᠭᠰᠠᠨ ᠣᠳᠣ | ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠣᠳᠣ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠪᠠᠷ ᠭᠤᠣᠯᠳᠠᠯᠭ᠎ᠠ ᠪᠣᠯᠭᠠᠵᠤ᠂ | ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶᠠᠨ ᠤ ᠥᠭᠡᠷᠡᠴᠢᠯᠡᠯᠲᠡ ᠶᠢ | ᠯᠠᠪᠳᠠᠭᠤᠨ ᠪᠠᠲᠤᠲᠠᠶ ᠠᠬᠢᠭᠤᠯᠵᠤ᠂ ᠡᠮᠨᠡᠯᠭᠡ ᠶᠢᠨ ᠬᠤᠷᠢᠶᠠᠨ ᠤ ᠳᠦᠷᠢᠮ ᠢ ᠲᠡᠭᠦᠯᠳᠡᠷᠵᠢᠭᠦᠯᠦᠨ᠂ ᠨᠠᠮ ᠤᠨ | ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠬᠠᠷᠢᠭᠤᠴᠠᠬᠤ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ᠂ ᠲᠦᠭᠦᠭᠡᠷᠦᠮᠵᠢ ᠶᠢᠨ | ᠲᠣᠬᠢᠷᠠᠭᠤᠯᠤᠯᠲᠠ ᠶᠢ ᠲᠦᠷᠢᠮᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠪᠠᠷ | ᠭᠤᠣᠯ ᠪᠣᠯᠭᠠᠭᠰᠠᠨ ᠡᠮᠨᠡᠯᠭᠡ ᠶᠢᠨ ᠬᠤᠷᠢᠶ᠎ᠠ ᠡᠷᠬᠢᠯᠡᠬᠦ ᠵᠠᠭᠪᠤᠷ ᠪᠠ ᠦᠢᠯᠡᠴᠢᠯᠡᠭᠡᠨ ᠤ ᠴᠢᠳᠠᠮᠵᠢ ᠶᠢ | ᠴᠢᠩᠭᠠᠷᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢ | ᠦᠨᠡᠯᠡᠬᠦ ᠪᠠ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠨᠡᠶᠢᠲᠡ ᠶᠢᠨ ᠠᠰᠠᠷᠠᠮᠵᠢ ᠶᠢᠨ ᠬᠠᠷᠢᠶᠠᠲᠤ ᠴᠢᠨᠠᠷ ᠢ ᠴᠢᠩᠭᠠᠷᠠᠭᠤᠯᠤᠨ᠎ᠠ᠃ | ︵ᠭᠤᠷᠪᠠ︶ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ᠃ ᠬᠦᠳᠡᠭᠡ ᠲᠤᠰᠬᠤᠨ ᠮᠠᠯᠵᠢᠬᠤ ᠣᠷᠣᠨ ᠤ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠲᠤᠰᠬᠠᠶ ᠮᠡᠷᠭᠡᠵᠢᠯ ᠤᠨ ᠤᠶᠤᠲᠠᠨ ᠢ ᠵᠠᠬᠢᠶᠠᠯᠠᠭ᠎ᠠ ᠪᠠᠷ ᠬᠠᠨᠳᠤᠯᠭ᠎ᠠ ᠲᠠᠢ ᠪᠠᠷ | ᠰᠦᠢᠳᠬᠡᠯ ᠬᠤᠷᠢᠶᠠᠬᠤ ᠦᠭᠡᠶ ᠪᠠᠷ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠵᠦ᠂ ᠶᠡᠷᠦᠩᠬᠡᠶ ᠰᠠᠯᠠᠭᠠᠨ ᠤ ᠡᠮᠴᠢ ᠶᠢᠨ | ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠥᠯᠥᠪᠯᠡᠭᠡ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠡᠮᠴᠢ ᠶᠢ ᠢᠳᠡᠪᠬᠢᠲᠡᠶ ᠡᠯᠰᠡᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯᠲᠠᠨ ᠢ | ︽ᠰᠢᠶᠠᠨ ᠠᠴᠠ ᠬᠠᠮᠢᠶᠠᠷᠴᠤ ᠰᠢᠶᠠᠩ ᠳᠤ ᠬᠡᠷᠡᠭᠯᠡᠬᠦ︾ ᠶᠢ ᠬᠡᠷᠡᠭᠵᠢᠭᠦᠯᠬᠦ ᠶᠢ ᠵᠤᠷᠢᠬᠵᠢᠭᠤᠯᠵᠤ᠂ ᠨᠠᠰᠤᠨ ᠤ | ᠠᠮᠠᠷᠠᠯᠳᠠ ᠪᠠᠨ ᠠᠪᠤᠬᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢ ᠶᠢᠨ ᠦᠨᠳᠦᠰᠦᠨ ᠱᠠᠲᠤᠨ ᠳᠤ | ᠬᠦᠷᠴᠦ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠤᠨ᠂ ᠦᠨᠳᠦᠰᠦᠨ ᠱᠠᠲᠤᠨ ᠳᠤ ᠤᠷᠲᠤ ᠬᠤᠭᠤᠴᠠᠭ᠎ᠠ ᠪᠠᠷ | ᠦᠢᠯᠡᠴᠢᠯᠡᠭᠰᠡᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢ ᠶᠢᠨ ᠮᠡᠷᠭᠡᠵᠢᠯ ᠤᠨ ᠴᠣᠯᠠ ᠳᠡᠪᠰᠢᠬᠦ | ᠨᠥᠬᠦᠴᠡᠯ ᠢ ᠠᠭᠤᠵᠢᠭᠤ ᠲᠠᠯᠪᠢᠨ᠎ᠠ᠃ ᠬᠥᠳᠡᠭᠡ ᠲᠣᠰᠬᠤᠨ ᠤ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠬᠦᠷᠲᠡᠭᠡᠭᠦ ᠲᠣᠭᠲᠠᠴᠠ ᠶᠢ ᠪᠠᠶᠢᠭᠤᠯᠤᠨ᠎ᠠ᠃ | ᠬᠤᠰᠢᠭᠤ ᠰᠢᠶᠠᠨ ᠤ ᠬᠡᠪᠴᠢᠶᠡᠨ ᠤ ᠡᠮᠬᠢᠯᠡᠨ ᠨᠡᠶᠢᠯᠡᠭᠦᠯᠦᠭᠰᠡᠨ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ | ᠵᠠᠭᠪᠤᠷ ᠢ ᠬᠡᠷᠡᠭᠵᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ | ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠤ ᠪᠠᠶᠢᠭᠤᠯᠤᠯᠲᠠ ᠶᠢ ᠴᠢᠩᠭᠠᠳᠬᠠᠨ᠎ᠠ᠃ 2022 ᠤᠨ ᠪᠣᠯᠬᠤ ᠳᠤ᠂ | ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ | ᠪᠦᠷᠢᠨ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠵᠦ᠂ ᠪᠤᠢ ᠪᠦᠬᠦᠢ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ | ᠬᠢᠲᠠᠳ ᠡᠮᠨᠡᠯᠭᠡ ᠶᠢᠨ ᠣᠷᠳᠣᠨ ᠪᠤᠶᠤ ᠮᠣᠩᠭᠤᠯ ᠡᠮᠨᠡᠯᠭᠡ ᠶᠢᠨ ᠣᠷᠳᠣᠨ ᠲᠣᠬᠢᠷᠠᠭᠤᠯᠵᠤ᠂ ᠪᠤᠢ ᠪᠦᠬᠦᠢ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠ 80 % ᠠᠴᠠ ᠳᠡᠭᠡᠭᠰᠢᠬᠢ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ ᠬᠢᠲᠠᠳ ᠡᠮ ᠡᠮᠨᠡᠯᠭᠡ ᠪᠤᠶᠤ ᠮᠣᠩᠭᠤᠯ ᠡᠮ ᠡᠮᠨᠡᠯᠭᠡ ᠶᠢᠨ | ᠦᠢᠯᠡᠴᠢᠯᠡᠭᠡ ᠬᠠᠩᠭᠠᠬᠤ ᠶᠢ ᠴᠢᠷᠮᠠᠶᠢᠨ ᠪᠡᠶᠡᠯᠡᠭᠦᠯᠦᠨ᠎ᠡ᠃ | ︵ᠳᠥᠷᠪᠡ︶ ᠣᠯᠠᠨ ᠡᠰᠢᠲᠦ ᠡᠮᠨᠡᠯᠭᠡ ᠡᠷᠭᠢᠯᠡᠬᠦ ᠪᠠᠶᠢᠷᠢᠰᠢᠯ ᠢ ᠴᠤᠬᠴᠠᠯᠠᠨ᠎ᠠ᠃ ᠨᠡᠶᠢᠭᠡᠮ ᠤᠨ ᠬᠦᠴᠦᠨ ᠤ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠬᠦ ᠭᠠᠵᠠᠷ᠂ ᠡᠭᠦᠳᠡᠨ ᠡᠮᠨᠡᠯᠭᠡ ᠪᠠ ᠣᠨᠴᠠᠯᠢᠭᠲᠤ ᠲᠤᠰᠬᠠᠶ | ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠳᠠᠮᠵᠢᠵᠤ᠂ ᠬᠡᠯᠬᠢᠶᠡᠯᠡᠨ ᠡᠵᠡᠩᠨᠡᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ | ᠬᠦᠴᠦᠨ ᠤ ᠡᠷᠬᠢᠯᠡᠭᠰᠡᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠳᠤ | ᠵᠥᠪᠰᠢᠶᠡᠷᠡᠯ ᠥᠭᠬᠦ᠂ ᠡᠮᠴᠢᠯᠡᠭᠡ ᠡᠷᠬᠢᠯᠡᠬᠦ᠂ ᠦᠨᠳᠦᠰᠦᠨ ᠡᠮᠴᠢᠯᠡᠭᠡᠨ ᠤ ᠳᠠᠭᠠᠳᠬᠠᠯ ᠭᠦᠢᠴᠡᠳᠬᠡᠬᠦ᠂ ᠡᠷᠳᠡᠮ | ᠰᠢᠨᠵᠢᠯᠡᠭᠡᠨ ᠵᠢᠭᠠᠨ ᠰᠤᠷᠭᠠᠯᠲᠠ᠂ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠡᠷᠭᠡ | ᠲᠠᠯ᠎ᠠ ᠪᠠᠷ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ ᠯᠤᠭ᠎ᠠ ᠠᠳᠠᠯᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠬᠦ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠬᠦ ᠭᠠᠵᠠᠷ ᠢ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠳᠤ ᠣᠷᠣᠭᠤᠯᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ | ᠨᠢ ᠲᠤᠬᠠᠶᠢᠯᠠᠭᠰᠠᠨ ᠠᠵᠢᠯ ᠢᠶᠠᠨ ᠡᠮᠴᠢᠯᠡᠭᠡ ᠨᠠᠰᠤᠵᠢᠯ ᠢ ᠤᠶᠠᠯᠳᠤᠭᠤᠯᠬᠤ᠂ ᠡᠷᠡᠭᠦᠯᠵᠢᠯ ᠰᠤᠪᠢᠯᠠᠯᠲᠠ ᠶᠢ | ᠤᠶᠠᠯᠳᠤᠭᠤᠯᠬᠤ᠂ ᠡᠷᠡᠭᠦᠯ ᠡᠩᠬᠡ ᠵᠢᠭᠤᠯᠴᠢᠯᠠᠬᠤ ᠵᠡᠷᠭᠡ ᠦᠢᠯᠡᠴᠢᠯᠡᠭᠡᠨ ᠤ ᠬᠦᠷᠢᠶ᠎ᠡ ᠴᠠᠷᠠᠭ᠎ᠠ ᠵᠦᠭ ᠥᠷᠭᠡᠳᠬᠡᠬᠦ ᠶᠢ | ᠵᠣᠷᠢᠭᠵᠢᠭᠤᠯᠤᠨ᠎ᠠ᠃ | ︵ᠲᠠᠪᠤ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢ ᠶᠢᠨ ᠲᠤᠯᠭᠠᠭᠤᠷᠢᠯᠠᠯ ᠢ | ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶︾ ᠶᠢᠨ | ᠠᠵᠢᠯᠯᠠᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠳ᠋ᠠᠶᠢᠲ᠋ᠠ ᠶᠢᠨ ᠲᠥᠪ ᠪᠠ ᠰᠠᠭᠤᠷᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ | ᠬᠢᠲᠠᠳ ᠡᠮ ᠡᠮᠨᠡᠯᠭᠡ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠢᠰᠲ᠋ᠧᠮ ᠳᠤ ᠲᠦᠰᠢᠭᠯᠡᠨ᠂ ᠥᠪᠡᠷᠲᠡᠭᠡᠨ | ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠲᠤᠭ᠎ᠠ | ᠪᠦᠷᠢᠳᠬᠡᠯ ᠤᠨ ᠰᠦᠯᠵᠢᠶ᠎ᠡ ᠪᠠᠷ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠬᠤᠷᠢᠶ᠎ᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ︽ᠤᠶᠤᠠᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ︾ ᠶᠢ ᠪᠠᠶᠢᠭᠤᠯᠤᠨ᠂ ᠰᠦᠯᠵᠢᠶᠡᠨ ᠲᠣᠲᠣᠷ᠎ᠠ | ᠭᠠᠳᠠᠨᠠᠭᠢ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠪᠠ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ | ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠦᠷᠢᠨᠰᠢᠬᠦᠯᠵᠦ᠂ ᠰᠤᠭᠤᠴᠢᠨ | ᠪᠠᠶᠢᠴᠠᠭᠠᠬᠤ ᠬᠢᠨᠠᠬᠤ᠂ ᠴᠡᠭ ᠲᠣᠭᠲᠠᠭᠠᠨ ᠪᠠᠶᠢᠴᠠᠭᠠᠨ ᠰᠢᠯᠭᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ | ᠪᠠᠶᠢᠭᠠᠳ ᠤᠨᠤᠴᠠᠳᠠᠢ ᠬᠢᠨᠠᠨ ᠬᠠᠮᠢᠶᠠᠷᠴᠤ᠂ ᠡᠮᠨᠡᠯᠭᠡ ᠡᠷᠭᠢᠯᠡᠬᠦ ᠦᠢᠯᠡ ᠠᠵᠢᠯᠯᠠᠭ᠎ᠠ ᠶᠢ ᠲᠦᠷᠢᠮᠵᠢᠭᠦᠯᠦᠨ᠎ᠡ᠃ | ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠠᠴᠠᠯᠢᠬᠳᠤ ᠳᠠᠪᠠᠭᠤᠯᠢᠭ ᠢ | ᠪᠠᠳᠠᠷᠠᠭᠤᠯᠤᠨ᠎ᠠ | ︵ᠵᠢᠷᠭᠤᠭ᠎ᠠ︶ ᠡᠪᠡᠳᠴᠢᠨ ᠡᠮᠭᠡᠭ ᠢ ᠡᠮᠨᠡᠨ ᠵᠠᠰᠠᠬᠤ ᠳᠤᠮᠳᠠᠬᠢ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠳᠠᠪᠠᠭᠤᠯᠢᠭ ᠢ ᠭᠦᠢᠴᠡᠳ ᠢᠯᠡᠷᠡᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠣᠨᠴᠠᠯᠢᠭᠲᠤ ᠳᠠᠪᠠᠭᠤᠯᠢᠭ ᠲᠠᠢ ᠲᠤᠰᠬᠠᠶ ᠰᠠᠯᠠᠭ᠎ᠠ ᠶᠢᠨ ᠳᠦᠷᠢᠮᠵᠢᠭᠦᠯᠦᠭᠰᠡᠨ ᠪᠠᠶᠢᠭᠤᠯᠤᠯᠲᠠ ᠶᠢ ᠳᠡᠮᠵᠢᠵᠦ᠂ | ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠡᠷᠳᠡᠮ ᠰᠢᠨᠵᠢᠯᠡᠭᠡᠨ ᠤ ᠳᠠᠭᠠᠭᠤᠯᠤᠭᠴᠢ ᠪᠠ ᠲᠤᠰᠬᠠᠶ | ᠰᠠᠯᠠᠭᠠᠨ ᠤ ᠭᠤᠤᠯᠯᠠᠭᠴᠢ ᠬᠦᠴᠦᠨ ᠢ ᠬᠥᠮᠦᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠶᠠᠰᠤᠨ ᠤ ᠪᠠᠷᠳᠠᠯ᠂ ᠴᠢᠰᠤᠨ ᠤ | ᠡᠪᠡᠳᠴᠢᠨ᠂ ᠵᠢᠷᠦᠬᠡᠨ ᠤ ᠡᠪᠡᠳᠴᠢᠨ᠂ ᠲᠠᠷᠢᠬᠢᠨ ᠤ ᠡᠪᠡᠳᠴᠢᠨ᠂ ᠠᠭᠤᠰᠬᠢᠨ ᠤ ᠡᠪᠡᠳᠴᠢᠨ᠂ ᠡᠯᠢᠭᠡᠨ ᠤ ᠡᠪᠡᠳᠴᠢᠨ᠂ | ᠪᠥᠭᠡᠷ᠎ᠡ ᠶᠢᠨ ᠡᠪᠡᠳᠴᠢᠨ᠂ ᠠᠷᠠᠰᠤᠨ ᠤ ᠡᠪᠡᠳᠴᠢᠨ᠂ ᠡᠮᠡᠭᠲᠡᠶ ᠶᠢᠨ ᠡᠪᠡᠳᠴᠢᠨ᠂ ᠬᠡᠦᠬᠡᠳ ᠤᠨ ᠡᠪᠡᠳᠴᠢᠨ᠂ | ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠨᠡᠨ ᠵᠠᠰᠠᠬᠤ ᠳᠠᠪᠠᠭᠤᠯᠢᠭ ᠲᠠᠢ ᠡᠪᠡᠳᠴᠢᠨ ᠢ ᠰᠢᠭᠰᠢᠨ ᠰᠣᠩᠭᠤᠵᠤ᠂ ᠣᠨᠴᠠᠯᠢᠠᠠᠳᠦ ᠣᠨᠣᠰᠢᠯᠠᠨ ᠡᠮᠨᠡᠬᠦ ᠲᠥᠰᠦᠯ ᠢ | ᠳ᠋ᠦᠩᠨᠡᠨ ᠪᠦᠷᠢᠯᠳᠦᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠨᠢᠭᠡ ᠪᠦᠯᠦᠭ ᠣᠨᠴᠠᠯᠢᠠᠠᠳᠦ ᠲᠤᠰᠬᠠᠶ | ᠰᠠᠯᠠᠭ᠎ᠠ ᠶᠢ ᠪᠣᠶ ᠪᠣᠯᠭᠠᠨ᠎ᠠ᠃ 2022 ᠤᠨ ᠪᠣᠯᠬᠤ ᠳᠤ᠂ 30 ᠠᠴᠠ ᠳᠡᠭᠡᠭᠰᠢ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠲᠠᠪᠠᠭᠤᠯᠢᠬᠳᠤ ᠡᠪᠡᠳᠴᠢᠨ ᠤ ᠲᠦᠷᠦᠯ ᠢ ᠣᠨᠣᠰᠢᠯᠠᠨ ᠡᠮᠨᠡᠬᠦ ᠲᠥᠰᠦᠯ ᠪᠠ ᠨᠠᠭᠠᠳᠤ ᠵᠠᠬ᠎ᠠ | ᠳᠤ ᠪᠠᠨ 50 ᠲᠣᠬᠢᠷᠠᠬᠤ ᠮᠡᠷᠭᠡᠵᠢᠯ ᠢ ᠪᠤᠢ ᠪᠣᠯᠭᠠᠬᠤ ᠶᠢᠨ ᠬᠠᠮᠲᠤ ᠳᠡᠯᠭᠡᠷᠡᠭᠦᠯᠦᠨ᠎ᠡ᠃ | ︵ᠳᠣᠯᠤᠭ᠎ᠠ︶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠳᠤᠮᠳᠠᠬᠢ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠦᠢᠯᠡᠳᠦᠯ ᠢ ᠴᠢᠩᠭᠠᠳᠬᠠᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢᠨ ᠢᠨᠵᠧᠨᠧᠷᠢᠩ ᠤᠨ ᠲᠠᠰ ᠳᠡᠪᠰᠢᠭᠦᠯᠬᠦ ᠶᠢ | ᠠᠬᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠰᠠᠯᠠᠭ᠎ᠠ ︵ᠲᠥᠪ︶ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠶᠢ | ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠭᠤᠯᠭ᠎ᠠ ᠳᠤ ᠣᠷᠣᠭᠤᠯᠤᠨ᠎ᠠ᠃ 2022 ᠤᠨ ᠪᠣᠯᠬᠤ ᠳᠤ᠂ | 15 ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠢᠱᠢᠶ᠎ᠡ | ᠦᠵᠡᠭᠦᠯᠬᠦ ᠲᠥᠪ ᠢ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠪᠠ ᠤᠵᠢᠭ ᠡᠪᠡᠳᠴᠢᠲᠡᠨ ᠳᠤ ᠬᠠᠨᠳᠤᠭᠤᠯᠤᠬᠰᠠᠨ | 20 ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠥᠰᠦᠯ ᠢ | ᠳᠡᠯᠭᠡᠷᠡᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠤᠪᠢᠯᠠᠯᠲᠠ ᠡᠷᠡᠭᠦᠯᠵᠢᠯ ᠤᠨ ᠮᠡᠳᠡᠯᠭᠡ ᠪᠠ | ᠨᠡᠷᠡᠬᠦᠢ ᠨᠢᠳᠤᠷᠭ᠎ᠠ᠂ ᠨᠠᠢᠮᠠᠨ ᠦᠶᠡᠯᠡᠯ ᠤᠨ ᠲᠠᠮᠢᠷ ᠵᠡᠷᠭᠡ ᠰᠤᠪᠢᠯᠠᠯᠲᠠ ᠡᠷᠡᠭᠦᠯᠵᠢᠯ ᠤᠨ ᠠᠷᠭ᠎ᠠ ᠶᠢ ᠥᠷᠭᠡᠨ ᠢᠶᠠᠷ | ᠲᠦᠭᠡᠮᠡᠯᠵᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ | ᠤᠶᠢᠯᠠᠭᠠᠬᠳᠠᠬᠤᠨ ᠢ ᠬᠠᠷᠠᠭᠤᠯᠤᠬᠰᠠᠨ ᠡᠷᠡᠭᠦᠯ ᠡᠩᠬᠡ ᠶᠢᠨ ᠠᠵᠢᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ | ᠰᠠᠨᠠᠭᠠᠴᠢᠯᠠᠨ᠎ᠠ᠃ | ︵ᠨᠠᠢᠮᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ ᠦᠢᠯᠡᠴᠢᠯᠡᠭᠡᠨ ᠳᠤ | ᠬᠢ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ | ᠦᠢᠯᠡᠴᠢᠯᠡᠭᠡᠨ ᠳᠤ ᠬᠢ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠂ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠡᠷᠡᠭᠦᠯᠵᠢᠯ ᠤᠨ ᠰᠠᠯᠠᠭ᠎ᠠ ︵ᠲᠥᠪ︶ ᠶᠢᠨ ᠪᠠᠶᠢᠭᠤᠯᠤᠯᠲᠠ ᠶᠢ | ᠴᠢᠩᠭᠠᠳᠬᠠᠨ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ ᠡᠮᠨᠡᠨ ᠵᠠᠰᠠᠬᠤ | ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠂ ᠲᠠᠪᠠᠭᠤᠯᠢᠬᠳᠤ ᠡᠪᠡᠳᠴᠢᠨ ᠤ ᠲᠥᠷᠥᠯ ᠳᠤ | ᠬᠠᠨᠳᠤᠭᠤᠯᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠂ ᠤᠯᠠᠮᠵᠢᠯᠠᠯᠲᠤ ᠪᠡᠶ᠎ᠡ ᠶᠢᠨ ᠲᠠᠮᠢᠷ ᠬᠢᠭᠡᠳ ᠤᠳᠤ | ᠦᠶ᠎ᠡ ᠶᠢᠨ ᠡᠷᠡᠭᠦᠯᠵᠢᠯ ᠤᠨ ᠮᠡᠷᠭᠡᠵᠢᠯ ᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠡᠷᠡᠭᠦᠯᠵᠢᠯ ᠤᠨ ᠮᠡᠷᠭᠡᠵᠢᠯ ᠪᠠ | ᠡᠷᠡᠭᠦᠯᠵᠢᠯ ᠤᠨ ᠲᠥᠰᠦᠯ ᠢ ᠳ᠋ᠦᠩᠨᠡᠨ ᠪᠦᠷᠢᠯᠳᠦᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠣᠨᠴᠠᠯᠢᠭᠲᠤ ᠡᠷᠡᠭᠦᠯᠵᠢᠯ ᠤᠨ ᠲᠣᠬᠲᠠᠯᠴᠠᠭ᠎ᠠ ᠶᠢ ᠪᠠᠶᠢᠭᠤᠯᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠷᠡᠭᠦᠯᠵᠢᠯ ᠤᠨ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠡᠷᠡᠭᠦᠯᠵᠢᠯ ᠤᠨ ᠮᠡᠷᠭᠡᠵᠢᠯ ᠪᠠ ᠡᠷᠡᠭᠦᠯᠵᠢᠯ ᠤᠨ ᠪᠠᠭᠠᠵᠢ ᠬᠡᠷᠡᠭᠰᠡᠯ ᠢ ᠨᠡᠶᠢᠭᠡᠮ ᠲᠣᠭᠤᠷᠢᠭ᠂ ᠭᠡᠷ | ᠪᠦᠯᠢ᠂ ᠡᠷᠡᠭᠦᠯᠵᠢᠯ ᠰᠤᠪᠢᠯᠠᠯᠳᠠ ᠶᠢᠨ ᠪᠠᠶᠢᠭᠤᠯᠤᠮᠵᠢ ᠳᠤ ᠣᠷᠣᠭᠤᠯᠬᠤ ᠶᠢ ᠠᠬᠢᠭᠤᠯᠤᠨ᠎ᠠ᠃ | ︵ᠶᠢᠰᠦ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤᠮᠳᠠ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠦᠯ ᠢ ᠪᠠᠳᠠᠷᠠᠭᠤᠯᠤᠨ᠎ᠠ᠃ ᠬᠢᠲᠠᠳ ᠧᠦ᠋ᠷᠣᠫᠠ | ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠥᠨᠳᠥᠷ ᠪᠦᠲᠦᠮᠵᠢᠲᠡᠶ ᠬᠠᠮᠵᠢᠯᠴᠠᠭᠤᠯᠤᠬᠰᠠᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢ ᠬᠠᠯᠳᠠᠪᠤᠷᠢᠲᠤ ᠡᠪᠡᠳᠴᠢᠲᠡᠨ ᠤ | ᠲᠤᠭᠤᠷᠢᠭ᠂ ᠬᠦᠨᠳᠦ ᠡᠪᠡᠳᠴᠢᠲᠡᠨ ᠢ ᠮᠠᠨᠠᠵᠤ ᠡᠮᠨᠡᠭᠦ ᠲᠠᠰᠤᠭ ︵ICU︶᠂ ᠤᠬᠢᠶᠠᠵᠤ ᠠᠷᠢᠭᠤᠳᠬᠠᠬᠤ ᠲᠥᠪ᠂ | ᠬᠠᠯᠳᠠᠪᠤᠷᠢᠯᠠᠬᠤ ᠴᠢᠨᠠᠷᠲᠠᠶ ᠡᠪᠡᠳᠴᠢᠨ ᠤ ᠰᠠᠯᠠᠭ᠎ᠠ ᠪᠣᠯᠭᠠᠨ ᠬᠤᠪᠢᠷᠠᠭᠤᠯᠵᠤ ᠪᠣᠯᠬᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠰᠥᠭᠡᠷᠭᠦ ᠲᠠᠷᠤᠴᠠᠳᠤ ᠠᠪᠤᠷᠠᠯᠳᠠ ᠶᠢᠨ ᠲᠡᠷᠭᠡ ᠵᠡᠷᠭᠡ ᠲᠣᠨᠤᠭ ᠲᠥᠬᠦᠭᠡᠷᠦᠮᠵᠢ ᠳᠣᠭᠢᠷᠠᠭᠤᠯᠬᠤ ᠪᠠ | ᠪᠠᠴᠢᠮ ᠠᠪᠤᠷᠠᠨ ᠡᠮᠨᠡᠬᠦ ᠡᠳ᠋ ᠪᠣᠳᠠᠰ᠂ ᠡᠮ ᠲᠠᠩ ᠨᠦᠭᠡᠴᠡᠯᠡᠭᠦ ᠶᠢ ᠴᠢᠩᠭᠠᠳᠬᠠᠵᠤ᠂ ᠪᠠᠴᠢᠮ ᠡᠮᠴᠢᠯᠡᠭᠡ᠂ ᠬᠦᠨᠳᠦ | ᠡᠪᠡᠳᠴᠢᠲᠡᠨ᠂ ᠠᠮᠢᠰᠬᠤᠯ ᠤᠨ ᠡᠪᠡᠳᠴᠢᠨ᠂ ᠬᠠᠯᠳᠠᠪᠤᠷᠢᠯᠠᠯ ᠤᠨ ᠡᠪᠡᠳᠴᠢᠨ ᠵᠡᠷᠭᠡ ᠰᠠᠯᠠᠭ᠎ᠠ ᠲᠠᠰᠤᠭ ᠤᠨ ᠪᠠᠴᠢᠮ | ᠠᠪᠤᠷᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠤᠭᠰᠠᠨ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠤᠰᠬᠠᠶᠢᠵᠢᠭᠰᠠᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ | ᠲᠦᠷᠭᠡᠭᠡᠨ ᠵᠣᠬᠢᠶᠠᠨ ᠪᠠᠶᠢᠭᠤᠯᠤᠨ᠎ᠠ᠃ | ᠭᠤᠷᠪᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠡᠭᠦᠳᠦᠯᠲᠡ | ᠲᠠᠢ ᠬᠥᠭᠵᠢᠭᠦᠯᠬᠦ ᠶᠢ ᠠᠬᠢᠭᠤᠯᠤᠨ᠎ᠠ | ︵ᠠᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠬᠢ ᠰᠣᠳᠣ ᠶᠢ ᠠᠭᠤᠳᠠᠯᠵᠤ | ᠤᠯᠠᠮᠵᠢᠯᠠᠨ ᠵᠠᠯᠭᠠᠮᠵᠢᠯᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠶᠢ ᠴᠢᠩᠭᠠᠳᠬᠠᠵᠤ᠂ ᠮᠣᠩᠭᠤᠯ ᠡᠮ ᠡᠮᠨᠡᠯᠭᠡ ᠶᠢᠨ ᠲᠤᠯᠭᠤᠷ ᠪᠢᠴᠢᠭ ᠡᠷᠲᠡᠨ ᠤ | ᠨᠣᠮ ᠰᠤᠳᠤᠷ ᠢ ᠠᠭᠤᠳᠠᠯᠬᠤ᠂ ᠡᠮᠬᠢᠳᠬᠡᠬᠦ᠂ ᠰᠤᠳᠤᠯᠬᠤ᠂ ᠣᠷᠴᠢᠭᠤᠯᠬᠤ᠂ ᠬᠡᠪᠯᠡᠭᠦᠯᠬᠦ ᠠᠵᠢᠯ ᠢ ᠴᠢᠩᠭᠠᠳᠬᠠᠨ᠂ | ᠮᠣᠩᠭᠤᠯ ᠡᠮ ᠡᠮᠨᠡᠯᠭᠡ ᠶᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ | ᠵᠢᠭᠰᠠᠭᠠᠯᠲᠠ ︵ᠨᠡᠷᠡᠰ ᠤᠨ ᠳᠡᠪᠲᠡᠷ︶ ᠳᠤ ᠣᠷᠣᠭᠤᠯᠬᠤ ᠶᠢ ᠠᠬᠢᠭᠤᠯᠤᠨ᠎ᠠ᠃ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠪᠠᠭᠰᠢ ᠱᠠᠪᠢᠴᠢᠯᠠᠭᠰᠠᠨ ᠰᠤᠷᠭᠠᠨ ᠬᠥᠮᠦᠵᠢᠯ ᠤᠨ ᠳᠦᠷᠢᠮ ᠢ ᠲᠡᠭᠦᠯᠳᠡᠷᠵᠢᠭᠦᠯᠵᠦ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠢᠲᠠᠳ ᠡᠮ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠳᠡᠭᠰᠡᠨ ᠪᠠᠭᠰᠢ ᠱᠠᠪᠢᠴᠢᠯᠠᠭᠰᠠᠨ ᠰᠤᠷᠭᠠᠨ ᠬᠥᠮᠦᠵᠢᠯ ᠤᠨ ᠵᠠᠯᠭᠠᠮᠵᠢᠯᠠᠭᠴᠢ ᠨᠠᠷ ᠤᠨ ᠨᠥᠬᠦᠴᠡᠯ ᠳᠤ | ᠨᠡᠶᠢᠴᠡᠭᠰᠡᠳ ᠨᠢ ᠠᠳᠠᠯᠢ ᠵᠡᠷᠭᠡ ᠶᠢᠨ ᠰᠤᠷᠤᠯᠭ᠎ᠠ ᠶᠢᠨ ᠴᠢᠳᠠᠪᠤᠷᠢ ᠪᠦᠬᠦᠢ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠲᠤᠰᠬᠠᠶ ᠮᠡᠷᠭᠡᠵᠢᠯ ᠤᠨ ᠴᠣᠯᠠ ᠭᠤᠶᠤᠴᠢᠯᠠᠵᠤ ᠪᠣᠯᠤᠨ᠎ᠠ᠃ ᠤᠳᠠᠭᠠᠨ ᠵᠢᠯ ᠤᠨ ᠬᠢᠷᠢ ᠬᠡᠮ ᠪᠦᠭᠦᠢ ᠬᠢᠲᠠᠳ | ᠡᠮᠴᠢ ︵ᠮᠣᠩᠭᠤᠯ ᠡᠮᠴᠢ︶ ᠶᠢᠨ ᠱᠠᠪᠢ ᠳᠠᠭᠠᠭᠤᠯᠬᠤ ᠳᠦᠷᠢᠮ ᠢ ᠪᠠᠶᠢᠭᠤᠯᠵᠤ᠂ ᠮᠡᠷᠭᠡᠵᠢᠯ ᠤᠨ ᠴᠣᠯᠠ ᠬᠢᠨᠠᠨ | ᠲᠣᠭᠲᠠᠭᠠᠬᠤ᠂ ᠵᠢᠱᠢᠶᠡᠴᠢ ᠪᠠ ᠲᠡᠷᠢᠭᠦᠨ ᠵᠡᠷᠭᠡ ᠶᠢ ᠰᠢᠯᠭᠠᠷᠠᠭᠤᠯᠬᠤ ᠲᠠᠢ ᠬᠤᠯᠪᠣᠭᠳᠠᠭᠤᠯᠤᠨ᠎ᠠ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠷᠠᠳ ᠤᠨ ᠳᠤᠮᠳᠠᠬᠢ ᠲᠤᠷᠰᠢᠯᠭᠠᠲᠤ ᠵᠣᠷ᠂ ᠨᠢᠭᠤᠴᠠ ᠵᠣᠷ ᠪᠠ | ᠣᠨᠴᠠᠯᠢᠭᠲᠤ ᠣᠨᠣᠰᠢᠯᠠᠨ ᠡᠮᠨᠡᠬᠦ ᠮᠡᠷᠭᠡᠵᠢᠯ ᠢ ᠠᠭᠤᠳᠠᠯᠤᠨ ᠡᠮᠬᠢᠯᠡᠵᠦ᠂ ᠨᠡᠷᠡᠲᠦ ᠠᠬᠠᠮᠠᠳ ᠲᠤᠰᠬᠠᠶ ᠮᠡᠷᠭᠡᠵᠢᠯᠲᠡᠨ ᠤ | ᠡᠮᠴᠢᠯᠡᠭᠡᠨ ᠤ ᠲᠡᠮᠳᠡᠭᠯᠡᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ | ︵ᠠᠷᠪᠠᠨ ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠢ ᠴᠢᠩᠭᠠᠳᠬᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠳᠤᠯᠭᠠᠨ ᠤ | ᠲᠠᠪᠴᠠᠩ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠪᠦᠷᠢᠯᠡᠯ ᠵᠢᠭᠠᠨ | ᠰᠤᠷᠭᠠᠯᠳᠠ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠦᠨ᠎ᠡ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠭᠠᠨ ᠤ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ ᠮᠡᠷᠭᠡᠵᠢᠯ ᠤᠨ ᠡᠭᠦᠳᠦᠯᠲᠡ ᠶᠢᠨ | ᠲᠥᠪ ᠢ ᠪᠣᠶᠢᠵᠢᠭᠤᠯᠤᠨ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠶᠢᠩᠭᠤ ᠲᠣᠬᠢᠶᠠᠯᠳᠤᠬᠤ | ᠡᠪᠡᠳᠴᠢᠨ᠂ ᠣᠯᠠᠨ ᠡᠭᠦᠰᠳᠡᠭ ᠡᠪᠡᠳᠴᠢᠨ᠂ ᠬᠦᠴᠢᠷ ᠲᠦᠪᠡᠭᠲᠡᠶ ᠬᠦᠨᠳᠦ ᠡᠪᠡᠳᠴᠢᠨ ᠪᠠ ᠰᠢᠨ᠎ᠡ ᠪᠠᠷ ᠡᠭᠦᠰᠬᠦ | ᠭᠡᠨᠡᠳᠲᠡ ᠡᠭᠦᠰᠬᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠮᠴᠢᠯᠡᠭᠡᠨ ᠤ ᠰᠤᠳᠤᠯᠭᠠᠨ ᠢ | ᠥᠷᠨᠢᠭᠦᠯᠦᠨ᠎ᠡ᠃ ᠮᠣᠩᠭᠤᠯ ᠡᠮ ᠡᠮᠨᠡᠯᠭᠡ ᠶᠢᠨ ᠪᠠᠷᠢᠮᠵᠢᠶ᠎ᠠ ᠶᠢᠨ ᠲᠣᠬᠲᠠᠯᠴᠠᠭ᠎ᠠ ᠶᠢ ᠲᠡᠭᠦᠯᠳᠡᠷᠵᠢᠭᠦᠯᠵᠦ᠂ ᠮᠣᠩᠭᠤᠯ | ᠡᠮ ᠡᠮᠨᠡᠯᠭᠡ ᠶᠢ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠤᠨ᠂ ᠤᠯᠤᠰ ᠤᠨ ᠲᠡᠰ ᠤᠨ ᠮᠣᠩᠭᠤᠯ ᠡᠮᠨᠡᠯᠭᠡ ᠶᠢᠨ | ᠡᠮᠴᠢᠯᠡᠭᠡᠨ ᠤ ᠰᠤᠳᠤᠯᠭᠠᠨ ᠤ ᠰᠠᠭᠤᠷᠢᠨ ᠭᠠᠵᠠᠷ ᠢ ᠴᠤᠬᠴᠠᠯᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ | ᠡ᠊ᠮᠨᠡᠯᠭᠡ︶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠠᠷᠪᠠᠨ ᠬᠤᠶᠠᠷ︶ ᠬᠢᠲᠠᠳ ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢᠨ ᠤᠶᠠᠯᠳᠤᠯ ᠢ | ᠠᠬᠢᠭᠤᠯᠤᠨ᠎ᠠ᠃ ᠬᠢᠲᠠᠳ ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠬᠰᠠᠨ | ︽ᠲᠤᠭᠴᠢ ᠡᠮᠨᠡᠯᠭᠡ ᠶᠢᠨ ᠬᠤᠷᠢᠶ᠎ᠠ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠧᠦ᠋ᠷᠣᠫᠠ ᠡᠮᠨᠡᠯᠭᠡ | ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠵᠤ ᠬᠦᠨᠳᠦ ᠡᠪᠡᠳᠴᠢᠨ ᠪᠠ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠨ ᠵᠠᠰᠠᠬᠤ ᠲᠤᠷᠰᠢᠯᠲᠠ ᠶᠢ ᠥᠷᠨᠢᠭᠦᠯᠵᠦ᠂ | ︽ᠲᠣᠭᠲᠠᠴᠠ ᠲᠠᠢ᠂ ᠪᠦᠯᠬᠦᠮ ᠲᠠᠢ᠂ ᠠᠷᠭ᠎ᠠ ᠬᠡᠮᠵᠢᠶ᠎ᠡ ᠲᠠᠢ᠂ ᠦᠷ᠎ᠡ ᠪᠦᠲᠦᠮᠵᠢ ᠲᠠᠢ︾ ᠬᠢᠲᠠᠳ ᠧᠦ᠋ᠷᠣᠫᠠ | ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠬᠰᠠᠨ ᠡᠮᠴᠢᠯᠡᠭᠡᠨ ᠤ ᠵᠠᠭᠪᠤᠷ ᠢ ᠠᠯᠬᠤᠮ | ᠠᠯᠬᠤᠮ ᠢᠶᠠᠷ ᠳᠡᠯᠭᠡᠷᠡᠭᠦᠯᠦᠨ᠎ᠡ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ ᠳᠤ | ᠬᠢᠲᠠᠳ ᠡᠮᠨᠡᠯᠭᠡ ︵ᠮᠣᠩᠭᠤᠯ ᠡᠮᠨᠡᠯᠭᠡ︶ ᠧᠦ᠋ᠷᠣᠫᠠ ᠡᠮᠨᠡᠯᠭᠡ ᠶᠢᠨ ᠬᠠᠮᠲᠤᠷᠠᠨ ᠣᠨᠣᠰᠢᠯᠠᠬᠤ ᠳᠦᠷᠢᠮ ᠢ | ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ᠂ ᠰᠠᠯᠠᠭ᠎ᠠ ᠲᠠᠰᠤᠭ ᠤᠨ ᠬᠤᠭᠤᠷᠣᠨᠳᠣ ᠬᠢᠲᠠᠳ | ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢᠨ ᠬᠠᠮᠵᠢᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ | ᠬᠢᠲᠠᠳ ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠭᠰᠠᠨ ᠡᠮᠴᠢᠯᠡᠭᠡᠨ ᠤ | ᠴᠢᠳᠠᠪᠤᠷᠢᠲᠠᠨ ᠪᠠ ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠬᠦ ᠠᠵᠢᠯ ᠢ ᠴᠢᠩᠭᠠᠷᠠᠭᠤᠯᠵᠤ᠂ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠡᠮᠴᠢ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ | ᠮᠡᠷᠭᠡᠵᠢᠯ ᠤᠨ ᠮᠡᠳᠡᠯᠭᠡ ᠶᠢᠨ ᠡᠭᠡᠯᠵᠢᠲᠦ ᠪᠤᠯᠪᠠᠰᠤᠷᠠᠯ ᠢ ᠥᠷᠨᠢᠭᠦᠯᠦᠨ᠎ᠡ᠃ ᠬᠠᠪᠤᠳᠠᠷ ᠡᠪᠡᠳᠴᠢᠨ᠂ ᠵᠢᠷᠦᠬᠡ ᠲᠠᠷᠢᠬᠢᠨ | ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ᠂ ᠠᠯᠽᠧᠶᠢᠮᠧᠷ | ᠡᠪᠡᠳᠴᠢᠨ᠂ ᠡᠮᠡᠭᠲᠡᠶᠢᠴᠦᠳ ᠬᠡᠦᠬᠡᠳ ᠤᠨ ᠰᠠᠯᠠᠭᠠᠨ ᠤ ᠡᠪᠡᠳᠴᠢᠨ ᠪᠠ ᠨᠢᠶᠠᠨ ᠳᠠᠷᠤᠭᠴᠢ ᠡᠮ ᠳᠤ ᠳᠠᠭᠠᠭᠠᠮᠠᠭᠠᠶ | ᠪᠣᠯᠣᠭᠰᠠᠨ ᠭᠡᠮ ᠳᠤ ᠬᠢᠲᠠᠳ ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠭᠰᠠᠨ | ᠬᠠᠮᠲᠤᠷᠠᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ 2022 ᠤᠨ ᠪᠣᠯᠬᠤ ᠳᠤ ᠬᠢᠲᠠᠳ ᠧᠦ᠋ᠷᠣᠫᠠ ᠡᠮᠨᠡᠯᠭᠡ | ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠵᠤ ᠣᠨᠣᠰᠢᠯᠠᠨ ᠡᠮᠨᠡᠬᠦ 10 ᠲᠥᠰᠦᠯ ᠢ ᠪᠣᠶ ᠪᠣᠯᠭᠠᠬᠤ ᠶᠢᠨ | ᠬᠠᠮᠲᠤ ᠳᠡᠯᠭᠡᠷᠡᠭᠦᠯᠦᠨ᠎ᠡ᠃ | ︵ᠠᠷᠪᠠᠨ ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠪᠠᠳᠠᠷᠠᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠦᠽᠧᠶ᠂ ᠭᠤᠤᠯ | ᠰᠡᠳᠦᠪᠲᠦ ᠦᠵᠡᠭᠦᠯᠭᠡ ᠶᠢᠨ ᠣᠷᠳᠣᠨ ᠪᠠ ᠡᠷᠡᠭᠦᠯ ᠡᠩᠬᠡ ᠶᠢᠨ ᠭᠤᠤᠯ ᠰᠡᠳᠦᠪᠲᠦ ᠴᠡᠴᠡᠷᠯᠢᠭ ᠪᠠᠶᠢᠭᠤᠯᠬᠤ ᠶᠢ | ᠵᠣᠷᠢᠭᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠤᠬᠠᠭᠤᠯᠭ᠎ᠠ ᠶᠢ | ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠰᠣᠶᠣᠯ ᠰᠤᠷᠭᠠᠨ ᠬᠥᠮᠦᠵᠢᠯ ᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠤᠯᠠᠮᠵᠢᠯᠠᠯᠲᠤ ᠰᠣᠶᠣᠯ ᠤᠨ ᠠᠵᠤ ᠦᠢᠯᠡᠰ ᠢ ᠬᠥᠭᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠰᠣᠶᠣᠯ ᠤᠨ ᠣᠬᠢ ᠰᠣᠳᠣ ᠶᠢ ᠠᠴᠢᠶᠠᠯᠠᠭᠰᠠᠨ ᠨᠢᠭᠡ ᠪᠦᠯᠦᠭ ᠰᠣᠶᠣᠯ ᠤᠨ ᠰᠢᠨ᠎ᠡ ᠰᠡᠳᠬᠢᠮᠵᠢᠲᠦ | ᠦᠢᠯᠡᠳᠬᠦᠨ ᠢ ᠭᠠᠷᠭᠠᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠵᠡᠯ ᠰᠠᠨᠠᠭᠠᠨ ᠤ | ᠣᠬᠢ ᠰᠣᠳᠣ ᠶᠢ ᠠᠭᠤᠯᠤᠬᠰᠠᠨ ᠡᠮᠨᠡᠯᠭᠡ ᠶᠢᠨ ᠬᠤᠷᠢᠶ᠎ᠠ ᠡᠷᠬᠢᠯᠡᠬᠦ ᠤᠶᠢᠯᠠᠭᠠᠬᠳᠠᠬᠤᠨ ᠢ ᠪᠤᠶᠢᠵᠢᠭᠤᠯᠤᠨ᠎ᠠ᠃ | ︵ᠠᠷᠪᠠᠨ ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠨᠡᠭᠡᠭᠡᠯᠲᠡᠲᠦ | ᠬᠥᠭᠵᠢᠯᠲᠡ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ︵ᠭᠠᠵᠠᠷ ᠣᠷᠣᠨ︶ ᠯᠤᠭ᠎ᠠ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠷᠢᠶ᠎ᠡ ᠴᠠᠷᠠᠭᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠭᠠᠳᠠᠭᠠᠳᠤ ᠳᠤ | ᠤᠯᠠᠮᠵᠢᠯᠠᠬᠤ ᠶᠢ ᠠᠬᠢᠭᠤᠯᠤᠨ᠎ᠠ᠃ ᠨᠥᠬᠦᠴᠡᠯ ᠲᠠᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ | ᠭᠠᠳᠠᠭᠠᠳᠤ ᠳᠤ ᠦᠢᠯᠡᠴᠢᠯᠡᠭᠦ ᠰᠠᠭᠤᠷᠢᠨ ᠭᠠᠵᠠᠷ ᠢ ᠪᠠᠶᠢᠭᠤᠯᠬᠤ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ | ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠨᠡᠶᠢᠭᠡᠮ ᠤᠨ ᠬᠦᠴᠦᠨ ᠤ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠠᠳᠠᠭᠠᠳᠤ ᠳᠤ ᠬᠢ ᠲᠥᠪ᠂ ᠣᠯᠠᠨ ᠤᠯᠤᠰ ᠤᠨ | ᠬᠠᠮᠳᠤᠷᠠᠯᠴᠠᠭᠠᠨ ᠤ ᠰᠠᠭᠤᠷᠢᠨ ᠭᠠᠵᠠᠷ ᠪᠠ ᠭᠠᠳᠠᠭᠠᠳᠤ ᠳᠤ ᠦᠢᠯᠡᠴᠢᠯᠡᠬᠦ ᠰᠠᠭᠤᠷᠢᠨ ᠭᠠᠵᠠᠷ ᠢ ᠪᠠᠶᠢᠭᠤᠯᠬᠤ ᠶᠢ | ᠵᠣᠷᠢᠭᠵᠢᠭᠤᠯᠤᠨ᠎ᠠ᠃ | ᠳᠥᠷᠪᠡ᠂ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ | ︵ᠠᠷᠪᠠᠨ ᠲᠠᠪᠤ︶ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠳᠠᠷᠢᠵᠤ | ᠦᠷᠡᠵᠢᠭᠦᠯᠬᠦ ᠶᠢ ᠬᠥᠭᠵᠢᠭᠦᠯᠦᠨ᠎ᠡ᠃ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣᠨ ᠤ ᠬᠠᠮᠢᠶᠠᠷᠤᠯᠲᠠ ᠶᠢᠨ | ᠠᠷᠭ᠎ᠠ ᠶᠢ ᠲᠤᠬᠳᠠᠭᠠᠨ᠎ᠠ᠃ ᠬᠢᠲᠠᠳ ᠡᠮ ︵ᠮᠣᠩᠭᠤᠯ ᠡᠮ︶ ᠤᠨ ᠴᠢᠨᠠᠷᠯᠢᠭ ᠡᠮ ᠤᠨ ᠮᠠᠲ᠋ᠧᠷᠢᠶᠠᠯ ᠤᠨ | ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠡᠮ᠂ ᠬᠢᠮᠢ ᠶᠢᠨ | ᠪᠣᠷᠲᠣᠭᠤᠷ᠂ ᠤᠷᠭᠤᠮᠠᠯ ᠤᠨ ᠤᠷᠭᠤᠯᠲᠠ ᠶᠢ ᠲᠣᠬᠢᠷᠠᠭᠤᠯᠬᠤ ᠡᠳ᠋ ᠵᠡᠷᠭᠡ ᠶᠢᠨ ᠬᠡᠷᠡᠭᠯᠡᠯᠲᠡ ᠬᠠᠮᠢᠶᠠᠷᠤᠯᠲᠠ ᠶᠢ | ᠴᠢᠩᠭᠠᠳᠬᠠᠨ᠎ᠠ᠃ ᠡᠮ ᠳᠤ ᠣᠷᠣᠬᠤ ᠬᠤᠪᠣᠷ ᠴᠤᠬᠠᠭ ᠤᠰᠠᠳᠬᠤ ᠠᠶᠤᠯᠳᠠᠢ ᠬᠡᠭᠡᠷ᠎ᠡ ᠶᠢᠨ ᠠᠮᠢᠲᠠᠨ᠂ ᠤᠷᠭᠤᠮᠠᠯ ᠤᠨ | ᠬᠠᠮᠠᠭᠠᠯᠠᠯᠳᠠ ᠶᠢ ᠴᠢᠩᠭᠠᠳᠬᠠᠵᠤ᠂ ᠬᠤᠪᠣᠷ ᠴᠤᠬᠠᠭ ᠤᠰᠠᠳᠬᠤ ᠠᠶᠤᠯᠳᠠᠢ ᠡᠮ ᠤᠨ ᠮᠠᠲ᠋ᠧᠷᠢᠶᠠᠯ ᠤᠨ ᠣᠷᠣᠯᠠᠬᠤ | ᠡᠳ᠋ ᠢ ᠰᠤᠳᠤᠯᠬᠤ ᠪᠠ ᠨᠡᠭᠡᠭᠡᠨ ᠠᠰᠢᠭᠯᠠᠬᠤ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠢᠲᠠᠳ | ᠡᠮ ︵ᠮᠣᠩᠭᠤᠯ ᠡᠮ︶ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠵᠢᠴᠢ ᠬᠥᠳᠡᠯᠦᠩᠭᠦᠶ ᠬᠢᠨᠠᠨ ᠬᠡᠮᠵᠢᠬᠦ | ᠳ᠋ᠠᠶᠢᠲ᠋ᠠ ᠬᠥᠮᠥᠷᠭᠡ ᠶᠢ ᠪᠥᠲᠥᠭᠡᠨ ᠪᠠᠶᠢᠭᠤᠯᠤᠨ᠎ᠠ᠃ ᠠᠮᠢ ᠠᠬᠤᠶᠢᠴᠢᠯᠠᠨ ᠲᠠᠷᠢᠵᠤ ᠤᠷᠭᠤᠭᠤᠯᠬᠤ᠂ ᠬᠥᠳᠡᠭᠡ ᠬᠡᠭᠡᠷ᠎ᠡ | ᠠᠷᠠᠴᠢᠯᠠᠨ ᠪᠤᠶᠢᠵᠢᠭᠤᠯᠬᠤ ᠪᠠ ᠲᠠᠭᠤᠷᠢᠶᠠᠯᠭᠠᠨ ᠲᠠᠷᠢᠵᠤ ᠪᠤᠶᠢᠵᠢᠭᠤᠯᠬᠤ ᠵᠡᠷᠭᠡ ᠪᠣᠬᠢᠷᠲᠤᠯ ᠥᠬᠡᠶ ᠲᠠᠷᠢᠵᠤ | ᠪᠣᠶᠢᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠨᠢᠭᠡ ᠪᠦᠯᠦᠭ ᠴᠢᠨᠠᠷᠯᠢᠭ ᠡᠮ ᠤᠨ ᠮᠠᠲ᠋ᠧᠷᠢᠶᠠᠯ ᠤᠨ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠠᠮᠢ ᠠᠬᠤᠢ ᠶᠢᠨ ᠲᠠᠷᠢᠮᠠᠯ ᠤᠨ ᠰᠠᠭᠤᠷᠢᠨ ᠭᠠᠵᠠᠷ ᠢ ᠪᠤᠶᠢᠵᠢᠭᠤᠯᠵᠤ᠂ | ᠨᠢᠭᠡ ᠪᠦᠯᠦᠭ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠠ ᠵᠠᠬᠢᠶᠠᠯᠠᠭ᠎ᠠ ᠪᠠᠷ ᠦᠢᠯᠡᠳᠬᠦ ᠡᠮ ᠤᠨ | ᠬᠦᠷᠢᠶᠡᠯᠡᠩ ᠢ ᠪᠠᠶᠢᠭᠤᠯᠤᠨ᠎ᠠ᠃ ᠡᠮ ᠤᠨ ᠮᠠᠲ᠋ᠧᠷᠢᠶᠠᠯ ᠤᠨ ᠭᠦᠢᠯᠭᠡᠭᠡᠨ ᠤ ᠲᠤᠤᠷ ᠰᠦᠯᠵᠢᠶ᠎ᠡ ᠶᠢ ᠪᠠᠶᠢᠭᠤᠯᠤᠨ | ᠪᠦᠷᠢᠨᠰᠢᠬᠦᠯᠵᠦ᠂ ᠦᠢᠯᠡᠳᠬᠦᠨ ᠤ ᠮᠡᠳᠡᠭᠡ ᠵᠠᠩᠭᠢ ᠶᠢ ᠮᠦᠷᠲᠡᠵᠦ ᠪᠣᠯᠬᠤ 1 ᠠᠴᠠ 2 ᠬᠢᠲᠠᠳ ᠡᠮ ᠤᠨ ᠮᠠᠲ᠋ᠧᠷᠢᠶᠠᠯ | ︵ᠮᠣᠩᠭᠤᠯ ᠡᠮ ᠤᠨ ᠮᠠᠲ᠋ᠧᠷᠢᠶᠠᠯ︶ ᠤᠨ ᠬᠡᠷᠴᠢᠮ ᠡᠮ ᠡᠳ᠋ᠰᠢᠭᠦᠯᠬᠦ ᠠᠵᠤ ᠠᠬᠤᠶᠢᠯᠠᠯ ᠬᠢᠭᠡᠳ ᠬᠥᠮᠥᠷᠭᠡᠯᠡᠨ | ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠡᠮ ᠦᠢᠯᠡᠳᠬᠦ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠨᠢ ᠪᠠᠲᠤᠯᠠᠭ᠎ᠠ ᠲᠠᠢ᠂ ᠮᠦᠷᠲᠡᠵᠦ ᠪᠣᠯᠬᠤ ᠬᠢᠲᠠᠳ | ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠬᠤᠳᠠᠯᠳᠤᠨ ᠠᠪᠤᠭᠤᠯᠤᠨ᠎ᠠ᠃ ᠨᠥᠬᠦᠴᠡᠯ ᠢᠶᠠᠷ | ᠲᠣᠬᠢᠷᠠᠮᠵᠢᠲᠠᠶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠠᠵᠤ ᠦᠢᠯᠡᠰ ᠢ ᠬᠥᠭᠵᠢᠭᠦᠯᠬᠦ ᠶᠢ ᠵᠤᠷᠢᠬᠵᠢᠭᠤᠯᠤᠨ᠎ᠠ᠃ 2022 ᠤᠨ ᠪᠣᠯᠬᠤ ᠳᠤ᠂ | ᠴᠢᠨᠠᠷᠯᠢᠭ ᠡᠮ ᠤᠨ ᠮᠠᠲ᠋ᠧᠷᠢᠶᠠᠯ ᠦᠢᠯᠡᠳᠪᠦᠷᠢᠯᠡᠬᠦ ᠮᠡᠷᠭᠡᠵᠢᠯ ᠤᠨ ᠪᠠᠷᠢᠮᠵᠢᠶ᠎ᠠ ᠶᠢᠨ ᠲᠣᠬᠲᠠᠯᠴᠠᠭ᠎ᠠ ᠪᠠ ᠵᠡᠷᠭᠡ ᠳᠡᠰ ᠢ | ᠦᠨᠡᠯᠡᠬᠦ ᠲᠦᠷᠢᠮ ᠢ ᠦᠨᠳᠦᠰᠦᠨ ᠳᠤ ᠪᠠᠨ ᠪᠠᠶᠢᠭᠤᠯᠤᠨ᠎ᠠ᠃ | ︵ᠠᠷᠪᠠᠨ ᠵᠢᠷᠭᠤᠭ᠎ᠠ︶ ᠬᠢᠲᠠᠳ ᠡᠮ ︵ᠮᠣᠩᠭᠤᠯ ᠡᠮ︶ ᠤᠨ ᠬᠡᠷᠴᠢᠮ ᠡᠮ ᠪᠠ ᠨᠠᠶᠢᠷᠠᠭᠤᠯᠤᠬᠰᠠᠨ ᠡᠮ ᠤᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠬᠡᠪᠯᠡᠯ ᠤᠨ ︽ᠥᠪᠥᠷ ᠮᠣᠩᠭᠤᠯ ᠤᠨ ᠮᠣᠩᠭᠤᠯ ᠡᠮ ᠤᠨ | ᠮᠠᠲ᠋ᠧᠷᠢᠶᠠᠯ ᠤᠨ ᠪᠠᠷᠢᠮᠵᠢᠶ᠎ᠠ︾ ᠪᠣᠯᠤᠨ ︽ᠥᠪᠥᠷ ᠮᠣᠩᠭᠤᠯ ᠤᠨ ᠮᠣᠩᠭᠤᠯ ᠡᠮ ᠤᠨ ᠬᠡᠷᠴᠢᠮ ᠡᠮ ᠨᠠᠶᠢᠷᠠᠭᠤᠯᠬᠤ | ᠲᠦᠷᠢᠮᠵᠢᠯ︾ ᠢ ᠨᠡᠶᠢᠲᠡᠯᠡᠨ ᠬᠡᠷᠡᠭᠵᠢᠭᠦᠯᠦᠨ᠎ᠡ᠃ ᠬᠢᠲᠠᠳ ᠡᠮ ︵ᠮᠣᠩᠭᠤᠯ ᠡᠮ︶ ᠤᠨ ᠨᠠᠶᠢᠷᠠᠭᠤᠯᠤᠬᠰᠠᠨ ᠡᠮ ᠤᠨ | ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠵᠤ᠂ ᠤᠯᠠᠮᠵᠢᠯᠠᠯᠲᠤ ᠬᠢᠲᠠᠳ ᠡᠮ ︵ᠮᠣᠩᠭᠤᠯ ᠡᠮ︶ ᠨᠠᠶᠢᠷᠠᠭᠤᠯᠬᠤ | ᠮᠡᠷᠭᠡᠵᠢᠯ ᠪᠠ ᠨᠠᠶᠢᠷᠠᠭᠤᠯᠬᠤ ᠤᠷ᠎ᠠ ᠮᠡᠷᠭᠡᠰᠢᠯ ᠢ ᠬᠠᠮᠠᠭᠠᠯᠠᠵᠤ᠂ ᠤᠯᠠᠮᠵᠢᠯᠠᠯᠲᠤ ᠵᠤᠷ ᠢ ᠨᠠᠶᠢᠷᠠᠭᠤᠯᠤᠬᠰᠠᠨ ᠡᠮ | ᠪᠤᠯᠭᠠᠵᠤ ᠦᠢᠯᠡᠳᠪᠦᠷᠢᠯᠡᠬᠦ ᠶᠢ ᠳᠡᠮᠵᠢᠨ᠎ᠡ᠃ ᠬᠢᠲᠠᠳ ᠡᠮ ︵ᠮᠣᠩᠭᠤᠯ ᠡᠮ︶ ᠢ ᠰᠤᠳᠤᠯᠤᠨ ᠨᠡᠭᠡᠭᠡᠵᠦ | ᠦᠢᠯᠡᠳᠪᠦᠷᠢᠯᠡᠬᠦ ᠳᠤᠮᠳᠠᠬᠢ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ | ᠬᠢᠲᠠᠳ ᠡᠮ ︵ᠮᠣᠩᠭᠤᠯ ᠡᠮ︶ ᠤᠨ ᠨᠠᠶᠢᠷᠠᠭᠤᠯᠤᠬᠰᠠᠨ ᠡᠮ ᠢ ᠦᠨᠡᠯᠡᠬᠦ ᠠᠵᠢᠯ ᠢ ᠥᠷᠨᠢᠭᠦᠯᠦᠨ᠎ᠡ᠃ ᠬᠢᠲᠠᠳ ᠡᠮ | ︵ᠮᠣᠩᠭᠤᠯ ᠡᠮ︶ ᠤᠨ ᠠᠵᠤ ᠦᠢᠯᠡᠰ ᠢ ᠪᠦᠯᠦᠭᠵᠢᠭᠦᠯᠬᠦ ᠶᠢ ᠵᠣᠷᠢᠭᠵᠢᠭᠤᠯᠵᠤ᠂ ᠭᠠᠶᠢᠯᠢ ᠲᠠᠲᠠᠪᠤᠷᠢ᠂ ᠮᠥᠩᠭᠦᠨ | ᠭᠦᠢᠯᠭᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠬᠠᠤᠯᠢ ᠶᠣᠰᠣᠭᠠᠷ ᠳᠡᠮᠵᠢᠯᠭᠡ | ᠦᠵᠡᠭᠦᠯᠵᠦ᠂ ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠤ ᠭᠠᠷᠭᠠᠬᠤ | ᠪᠤᠶᠤ ᠰᠢᠨ᠎ᠡ ᠭᠤᠷᠪᠠᠨ ᠰᠠᠮᠪᠠᠷ᠎ᠠ ᠶᠢᠨ ᠵᠠᠬ᠎ᠠ ᠳᠤ ᠫᠠᠶᠢᠰᠠ ᠡᠯᠭᠦᠬᠦ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠬᠢᠲᠠᠳ ᠡᠮ ︵ᠮᠣᠩᠭᠤᠯ ᠡᠮ︶ ᠤᠨ ᠳᠠᠩᠰᠠᠯᠠᠬᠤ ᠬᠠᠮᠢᠶᠠᠷᠤᠯᠲᠠ ᠳᠤ | ᠦᠭᠡᠷᠡᠴᠢᠯᠡᠯᠲᠡ ᠬᠢᠨ᠎ᠡ᠃ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠦᠢᠯᠡᠳᠬᠦ ᠪᠠ ᠡᠮ ᠦᠢᠯᠡᠳᠬᠦ | ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠳᠡᠮᠵᠢᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠣᠨᠴᠠᠯᠢᠭ ᠲᠤ ᠨᠡᠶᠢᠴᠡᠭᠰᠡᠨ ᠠᠮᠤᠷ ᠲᠦᠪᠰᠢᠨ᠂ ᠡᠮᠴᠢᠯᠡᠭᠡᠨ ᠤ ᠠᠴᠢ ᠲᠤᠰᠠ ᠶᠢ ᠦᠨᠡᠯᠡᠬᠦ ᠠᠷᠭ᠎ᠠ ᠪᠠ ᠮᠡᠷᠭᠡᠵᠢᠯ ᠤᠨ | ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠦᠨ᠎ᠡ ᠥᠷᠲᠡᠭ ᠲᠤ ᠰᠠᠭᠤᠷᠢᠯᠠᠭᠰᠠᠨ ᠤᠷᠢᠳ ᠢᠶᠠᠷ | ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠦᠨ᠎ᠡ᠃ ᠡᠷᠲᠡᠨ ᠤ ᠰᠣᠩᠭᠤᠳᠠᠭ ᠨᠡᠷᠡᠲᠦ ᠵᠣᠷ᠂ | ᠨᠡᠷᠡᠲᠦ ᠤᠯᠠᠮᠵᠢᠯᠠᠯᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠵᠣᠷ᠂ ᠡᠮᠴᠢᠯᠡᠭᠡᠨ ᠤ ᠪᠠᠶᠢᠭᠤᠯᠤᠮᠵᠢ ᠶᠢᠨ | ᠨᠠᠶᠢᠷᠠᠯᠭ᠎ᠠ ᠵᠡᠷᠭᠡ ᠬᠢᠲᠠᠳ ᠡᠮ ︵ᠮᠣᠩᠭᠤᠯ ᠡᠮ︶ ᠢ ᠬᠢᠨᠠᠨ ᠲᠣᠭᠲᠠᠭᠠᠬᠤ ᠮᠡᠷᠭᠡᠵᠢᠯ ᠤᠨ ᠱᠠᠭᠠᠷᠳᠠᠯᠭ᠎ᠠ ᠳᠤ | ᠰᠠᠭᠤᠷᠢᠯᠠᠨ᠂ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠢ ᠬᠢᠨᠠᠨ ᠵᠥᠪᠰᠢᠶᠡᠷᠡᠬᠦ ᠶᠢ ᠠᠬᠢᠭᠤᠯᠤᠨ᠎ᠠ᠃ ᠣᠷᠣᠨ | ᠪᠦᠰᠡ ᠶᠢᠨ ᠬᠢᠲᠠᠳ ᠡᠮ ︵ᠮᠣᠩᠭᠤᠯ ᠡᠮ︶ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠬᠤ ᠲᠥᠪ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠤᠷ᠎ᠠ ᠲᠠᠷᠬ᠎ᠠ ᠶᠢ ᠬᠡᠷᠡᠭᠯᠡᠨ ᠬᠢᠲᠠᠳ ᠡᠮ | ︵ᠮᠣᠩᠭᠤᠯ ᠡᠮ︶ ᠤᠨ ᠨᠠᠶᠢᠷᠠᠭᠤᠯᠬᠤ ᠬᠡᠯᠪᠡᠷᠢ ᠶᠢ ᠰᠠᠶᠢᠵᠢᠷᠠᠭᠤᠯᠬᠤ ᠶᠢ ᠵᠣᠷᠢᠭᠵᠢᠭᠤᠯᠤᠨ᠂ ᠬᠢᠲᠠᠳ ᠡᠮ | ︵ᠮᠣᠩᠭᠤᠯ ᠡᠮ︶ ᠤᠨ ᠮᠡᠷᠭᠡᠵᠢᠯ ᠤᠨ ᠱᠠᠭᠠᠷᠳᠠᠯᠭ᠎ᠠ ᠪᠠᠨ ᠬᠤᠪᠢᠷᠠᠭᠤᠯᠬᠤ ᠶᠢ ᠰᠢᠯᠢᠳᠡᠭᠵᠢᠭᠦᠯᠦᠨ᠎ᠡ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ | ᠨᠠᠶᠢᠷᠠᠭᠤᠯᠬᠤ ᠲᠠᠰᠤᠭ ᠪᠠᠶᠢᠭᠤᠯᠬᠤ ᠪᠠᠷᠢᠮᠵᠢᠶ᠎ᠠ ᠶᠢ ᠲᠣᠭᠲᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ | ︵ᠮᠣᠩᠭᠤᠯ ᠡᠮ︶ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠥᠬᠦᠴᠡᠯ ᠳᠤ ᠨᠡᠶᠢᠴᠡᠭᠰᠡᠨ | ᠬᠢᠲᠠᠳ ᠡᠮ ︵ᠮᠣᠩᠭᠤᠯ ᠡᠮ︶ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮ ᠲᠠᠩ ᠢ ᠥᠪᠡᠷᠲᠡᠭᠡᠨ ᠵᠠᠰᠠᠬᠤ | ᠣᠷᠣᠨ ᠤ ᠳᠣᠲᠣᠷ᠎ᠠ ᠲᠣᠬᠢᠷᠠᠭᠤᠯᠤᠨ ᠬᠡᠷᠡᠭᠯᠡᠬᠦ ᠶᠢ ᠵᠥᠪᠰᠢᠶᠡᠷᠡᠨ᠎ᠡ᠃ | ︵ᠠᠷᠪᠠᠨ ᠨᠠᠢᠮᠠ︶ ᠬᠢᠲᠠᠳ ᠡᠮ ︵ᠮᠣᠩᠭᠤᠯ ᠡᠮ︶ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠬᠢᠲᠠᠳ ᠡᠮ ︵ᠮᠣᠩᠭᠤᠯ ᠡᠮ︶ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠢᠲᠠᠳ ᠡᠮ ︵ᠮᠣᠩᠭᠤᠯ ᠡᠮ︶ ᠤᠨ ᠮᠠᠲ᠋ᠧᠷᠢᠶᠠᠯ᠂ ᠬᠡᠷᠴᠢᠮ ᠡᠮ᠂ ᠨᠠᠶᠢᠷᠠᠭᠤᠯᠤᠬᠰᠠᠨ ᠡᠮ ᠤᠨ | ᠦᠢᠯᠡᠳᠪᠦᠷᠢᠯᠡᠯ ᠬᠦᠢᠯᠭᠡᠭᠡ ᠬᠡᠷᠡᠭᠯᠡᠯᠲᠡ ᠶᠢᠨ ᠪᠥᠬᠦ ᠶᠠᠪᠤᠴᠠ ᠳᠤ ᠮᠦᠷᠲᠡᠭᠦ ᠲᠣᠬᠲᠠᠯᠴᠠᠭ᠎ᠠ ᠶᠢ ᠰᠦᠪᠡᠭᠴᠢᠯᠡᠨ | ᠪᠠᠶᠢᠭᠤᠯᠵᠤ᠂ ᠬᠢᠲᠠᠳ ᠡᠮ ︵ᠮᠣᠩᠭᠤᠯ ᠡᠮ︶ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠢᠷᠡᠯᠲᠡ ᠶᠢ ᠨᠢ | ᠪᠠᠶᠢᠴᠠᠭᠠᠬᠤ᠂ ᠬᠡᠷᠡᠭᠯᠡᠭᠰᠡᠨ ᠭᠠᠵᠠᠷ ᠢ ᠨᠢ ᠮᠥᠷᠳᠡᠬᠦ᠂ ᠬᠠᠷᠢᠭᠤᠴᠠᠯᠭ᠎ᠠ ᠶᠢ ᠨᠢ ᠨᠡᠬᠡᠮᠵᠢᠯᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠬᠢᠲᠠᠳ ᠡᠮ ︵ᠮᠣᠩᠭᠤᠯ ᠡᠮ︶ ᠤᠨ ᠨᠠᠶᠢᠷᠠᠭᠤᠯᠤᠬᠰᠠᠨ ᠡᠮ ᠤᠨ ᠶᠠᠰᠤ ᠴᠢᠨᠠᠷ ᠢ ᠬᠢᠨᠠᠨ | ᠬᠠᠮᠢᠶᠠᠷᠬᠤ ᠵᠢᠴᠢ ᠵᠦᠶ ᠵᠣᠬᠢᠰᠲᠠᠶ ᠬᠡᠷᠡᠭᠯᠡᠬᠦ ᠶᠢ ᠴᠢᠩᠭᠠᠳᠬᠠᠵᠤ᠂ ᠬᠢᠲᠠᠳ ᠡᠮ ︵ᠮᠣᠩᠭᠤᠯ ᠡᠮ︶ ᠤᠨ | ᠲᠠᠷᠢᠯᠭ᠎ᠠ ᠶᠢᠨ ᠡᠮ ᠤᠨ ᠬᠠᠵᠠᠭᠤ ᠦᠢᠯᠡᠳᠦᠯ ᠢ ᠬᠢᠨᠠᠨ ᠬᠡᠮᠵᠢᠬᠦ ᠶᠢ ᠴᠢᠩᠭᠠᠳᠬᠠᠨ᠂ ᠬᠢᠲᠠᠳ ᠡᠮ ︵ᠮᠣᠩᠭᠤᠯ ᠡᠮ︶ | ᠤᠨ ᠨᠠᠶᠢᠷᠠᠭᠤᠯᠤᠬᠰᠠᠨ ᠡᠮ ᠳᠤ ᠬᠠᠤᠯᠢ ᠪᠤᠰᠤ ᠪᠠᠷ ᠬᠢᠮᠢ ᠶᠢᠨ ᠡᠳ᠋ ᠨᠡᠮᠡᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠲᠠᠳ ᠡᠮ ︵ᠮᠣᠩᠭᠤᠯ ᠡᠮ︶ ᠢ ᠬᠤᠳᠠᠯ ᠬᠠᠭᠤᠷᠮᠠᠭ ᠴᠢᠨᠠᠷ | ᠮᠠᠭᠤᠳᠠᠢ ᠦᠢᠯᠡᠳᠬᠦ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠨᠡᠮᠡᠭᠳᠡᠭᠦᠯᠦᠨ᠎ᠡ᠃ ᠬᠢᠲᠠᠳ | ᠡᠮ ︵ᠮᠣᠩᠭᠤᠯ ᠡᠮ︶ ᠦᠢᠯᠡᠳᠪᠦᠷᠢᠯᠡᠬᠦ ᠠᠵᠤ ᠠᠬᠤᠶᠢᠯᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ | ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ᠃ | ᠲᠠᠪᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ | ︵ᠠᠷᠪᠠ ᠶᠢᠰᠦ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠬᠥᠮᠦᠵᠢᠭᠦᠯᠬᠦ | ᠵᠠᠭᠪᠤᠷ ᠲᠤ ᠥᠭᠡᠷᠡᠴᠢᠯᠡᠯᠲᠡ ᠬᠢᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠰᠡᠳᠬᠢᠬᠦᠶ ᠶᠢᠨ ᠬᠥᠮᠦᠵᠢᠭᠦᠯᠦᠯ ᠪᠠ ᠡᠮᠴᠢᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ᠂ | ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠰᠣᠩᠭᠤᠳᠠᠭ ᠬᠢᠴᠢᠶᠡᠯ ᠤᠨ | ᠴᠠᠭ᠂ ᠪᠠᠭᠰᠢ ᠳᠠᠭᠠᠵᠤ ᠰᠤᠷᠤᠯᠴᠠᠬᠤ ᠴᠠᠭ᠂ ᠡᠮᠴᠢᠯᠡᠭᠡᠨ ᠤ ᠳᠠᠳᠤᠯᠭ᠎ᠠ ᠶᠢᠨ ᠬᠢᠴᠢᠶᠡᠯ ᠤᠨ ᠴᠠᠭ ᠢ ᠨᠡᠮᠡᠭᠳᠡᠭᠦᠯᠦᠨ᠎ᠡ᠂ | ᠰᠣᠩᠭᠤᠳᠠᠭ ᠴᠢᠳᠠᠪᠤᠷᠢ ᠶᠢᠨ ᠵᠡᠷᠭᠡ ᠳᠡᠰ ᠤᠨ ᠰᠢᠯᠭᠠᠯᠲᠠ ᠶᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠢᠲᠠᠳ ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠭᠰᠠᠨ | ᠰᠤᠷᠭᠠᠨ ᠬᠥᠮᠦᠵᠢᠯ ᠢ ᠥᠭᠡᠷᠡᠴᠢᠯᠡᠨ ᠲᠡᠭᠦᠯᠳᠡᠷᠵᠢᠭᠦᠯᠵᠦ᠂ ᠬᠢᠲᠠᠳ ᠡᠮᠨᠡᠯᠭᠡ ᠶᠢᠨ ᠬᠢᠴᠢᠶᠡᠯ ᠢ ᠡᠮᠴᠢᠯᠡᠭᠡᠨ ᠤ | ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠧᠦ᠋ᠷᠣᠫᠠ ᠡᠮᠨᠡᠯᠭᠡ ᠶᠢᠨ ᠡᠮᠴᠢ ᠬᠢᠲᠠᠳ ᠡᠮᠨᠡᠯᠭᠡ ︵ᠮᠣᠩᠭᠤᠯ ᠡᠮᠨᠡᠯᠭᠡ︶ | ᠰᠤᠷᠤᠯᠴᠠᠬᠤ ᠶᠢ ᠵᠣᠷᠢᠭᠵᠢᠭᠤᠯᠵᠤ᠂ ᠡᠮᠴᠢᠯᠡᠭᠡᠨ ᠤ ᠲᠥᠷᠥᠯ ᠠᠩᠬᠢᠯᠠᠯ ᠤᠨ ᠡᠮᠴᠢ ᠶᠢᠨ ᠬᠢᠨᠠᠨ ᠰᠢᠯᠭᠠᠯᠳᠠ ᠶᠢ | ᠥᠩᠭᠡᠷᠡᠭᠡᠭᠰᠡᠨ ᠤ ᠳᠠᠷᠠᠭ᠎ᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠢᠯᠡᠴᠢᠯᠡᠭᠡ ᠶᠢ ᠬᠠᠩᠭᠠᠵᠤ᠂ ᠬᠢᠲᠠᠳ | ᠧᠦ᠋ᠷᠣᠫᠠ ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠭᠰᠠᠨ ᠮᠡᠷᠭᠡᠵᠢᠯ ᠤᠨ ᠴᠣᠯᠠ | ᠲᠣᠭᠲᠠᠭᠠᠬᠤ ᠪᠠ ᠤᠷᠢᠵᠤ ᠬᠡᠷᠡᠭᠯᠡᠬᠦ ᠳᠤ ᠣᠷᠣᠯᠴᠠᠬᠤ ᠶᠢ ᠵᠥᠪᠰᠢᠶᠡᠷᠡᠨ᠎ᠡ᠃ ᠬᠢᠲᠠᠳ ᠧᠦ᠋ᠷᠣᠫᠠ ᠡᠮᠨᠡᠯᠭᠡ | ︵ᠮᠣᠩᠭᠤᠯ ᠧᠦ᠋ᠷᠣᠫᠠ ᠡᠮᠨᠡᠯᠭᠡ︶ ᠶᠢ ᠤᠶᠠᠯᠳᠤᠭᠤᠯᠤᠭᠰᠠᠨ ᠲᠤᠰᠬᠠᠶ ᠮᠡᠷᠭᠡᠵᠢᠯ ᠤᠨ ᠠᠵᠢᠯᠲᠠᠨ ᠤ ᠡᠮᠴᠢᠯᠡᠭᠡᠨ ᠤ | ᠲᠥᠷᠥᠯ ᠠᠩᠬᠢᠯᠠᠯ ᠤᠨ ᠶᠡᠷᠦᠩᠬᠡᠶ ᠰᠠᠯᠠᠭᠠᠨ ᠤ ᠡᠮᠴᠢ ᠶᠢᠨ ᠲᠦᠷᠢᠮᠵᠢᠭᠰᠡᠨ ᠪᠣᠯᠪᠠᠰᠤᠷᠠᠯ ᠳᠤ ᠣᠷᠣᠯᠴᠠᠬᠤ ᠶᠢ | ᠵᠥᠪᠰᠢᠶᠡᠷᠡᠨ᠎ᠡ᠃ | ︵ᠬᠤᠷᠢ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠦᠰᠦᠨ ᠪᠤᠶᠢᠵᠢᠬᠤ | ᠵᠠᠮ ᠮᠥᠷ ᠢ ᠰᠢᠯᠢᠳᠡᠭᠵᠢᠭᠦᠯᠦᠨ᠎ᠡ᠃ ᠬᠢᠲᠠᠳ ᠡᠮ ︵ᠮᠣᠩᠭᠤᠯ ᠡᠮ︶ ᠤᠨ ᠮᠠᠲ᠋ᠧᠷᠢᠶᠠᠯ ᠢ ᠳᠠᠷᠢᠵᠤ ᠪᠣᠶᠢᠵᠢᠭᠤᠯᠬᠤ᠂ | ᠨᠣᠮᠣᠬᠠᠳᠬᠠᠬᠤ᠂ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ | ᠪᠣᠯᠪᠠᠰᠤᠷᠠᠭᠤᠯᠬᠤ ᠡᠷᠴᠢᠮ ᠢ ᠨᠡᠮᠡᠭᠳᠡᠭᠦᠯᠦᠨ᠎ᠡ᠃ ᠦᠨᠡᠨ ᠬᠦ ᠤᠠᠴᠠ ᠮᠡᠷᠭᠡᠵᠢᠯ ᠲᠠᠢ ᠬᠥᠮᠦᠰ ᠤᠨ ᠬᠢᠨᠠᠨ ᠰᠢᠯᠭᠠᠬᠤ | ᠠᠷᠭ᠎ᠠ ᠶᠢ ᠲᠡᠭᠦᠯᠳᠡᠷᠵᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠠᠴᠠ ᠮᠡᠷᠭᠡᠵᠢᠯ ᠲᠠᠢ ᠡᠮᠴᠢ ᠶᠢ | ᠪᠤᠯᠪᠠᠰᠤᠷᠠᠭᠤᠯᠬᠤ ᠡᠷᠴᠢᠮ ᠢ ᠨᠡᠮᠡᠭᠳᠡᠭᠦᠯᠦᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠳᠤ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠤᠠᠴᠠ ᠮᠡᠷᠭᠡᠵᠢᠯ ᠲᠠᠢ ᠡᠮᠴᠢ ᠶᠢᠨ ᠠᠵᠢᠯ ᠤᠨ ᠪᠠᠶᠢᠷᠢ ᠲᠣᠬᠢᠷᠠᠭᠤᠯᠬᠤ ᠶᠢ | ᠳᠡᠮᠵᠢᠨ᠎ᠡ᠃ | ︵ᠬᠤᠷᠢᠨ ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠡᠭᠡᠳᠦ ᠳᠡᠰ ᠤᠨ | ᠴᠢᠳᠠᠪᠤᠷᠢᠲᠠᠨ ᠢ ᠪᠤᠶᠢᠵᠢᠭᠤᠯᠤᠨ᠎ᠠ᠃ ᠤᠯᠤᠰ ᠤᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ ︽ᠵᠠᠭᠤ ᠮᠢᠩᠭ᠎ᠠ ᠲᠦᠮᠡ︾ ᠶᠢᠨ ᠴᠢᠳᠠᠪᠤᠷᠢᠲᠠᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ | ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ᠂ ᠲᠥᠷᠥᠯ ᠵᠦᠢᠯ ᠪᠣᠯᠤᠨ | ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠢᠨᠵᠧᠨᠧᠷᠢᠩ ᠳᠤ | ᠲᠦᠰᠢᠭᠯᠡᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠨᠢᠭᠡ ᠪᠦᠯᠦᠭ ᠳᠡᠭᠡᠳᠦ ᠳᠡᠰ ᠤᠨ | ᠴᠢᠳᠠᠪᠤᠷᠢᠲᠠᠨ ᠢ ᠶᠡᠭᠡ ᠪᠠᠷ ᠬᠥᠮᠦᠵᠢᠭᠦᠯᠬᠦ ᠪᠠ ᠣᠷᠣᠭᠤᠯᠵᠤ ᠠᠪᠴᠢᠷᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠳ᠋ᠣᠺᠲ᠋ᠣᠷ ᠤᠨ ᠴᠣᠯᠠ ᠤᠯᠭᠤᠬᠤ ᠴᠡᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠲᠡᠭᠡᠲᠦ | ᠰᠤᠷᠭᠠᠭᠤᠯᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠭᠡᠲᠦ ᠲᠡᠰ ᠤᠨ ᠬᠠᠮ ᠬᠡᠯᠪᠡᠷᠢ ᠶᠢᠨ | ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠶᠢ ᠳᠠᠮᠵᠢᠵᠤ᠂ ᠲᠡᠭᠡᠲᠦ ᠲᠡᠰ ᠤᠨ ᠰᠢᠨ᠎ᠡ ᠶᠢ ᠡᠭᠦᠳᠬᠦ ᠪᠦᠯᠬᠦᠮ | ᠨᠡᠶᠢᠲᠡ ᠶᠢ ᠵᠣᠬᠢᠶᠠᠨ ᠪᠠᠶᠢᠭᠤᠯᠤᠨ᠎ᠠ᠃ | ︵ᠬᠤᠷᠢᠨ ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠦᠨᠡᠯᠡᠵᠦ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠳᠣ ᠶᠢᠨ ᠬᠡᠷᠡᠭᠵᠢᠭᠦᠯᠵᠦ ᠪᠦᠬᠦᠢ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠭ᠎ᠠ ᠡᠵᠡᠮᠰᠢᠯ ᠤᠨ | ᠬᠢᠷᠢ ᠲᠦᠪᠰᠢᠨ ᠠᠴᠠ ᠳᠠᠪᠠᠭᠤᠯᠬᠤ ᠶᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡᠨ ᠤ ᠣᠷᠣᠯᠭ᠎ᠠ ᠠᠴᠠ | ᠥᠪᠡᠷ ᠤᠨ ᠥᠷᠲᠡᠭ ᠢ ᠬᠠᠰᠤᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ | ᠭᠠᠷᠭᠠᠨ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠵᠥᠪᠰᠢᠶᠡᠷᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠡᠮᠴᠢᠯᠡᠭᠡᠨ ᠤ ᠪᠠᠶᠢᠭᠤᠯᠤᠮᠵᠢ ᠶᠢᠨ ᠣᠨᠴᠠᠯᠢᠭ ᠲᠤ ᠨᠡᠶᠢᠴᠡᠭᠰᠡᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ | ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠪᠣᠳᠠᠲᠤ ᠠᠮᠵᠢᠯᠲᠠ ᠶᠢ ᠳᠣᠪᠤᠶᠢᠯᠭᠠᠨ᠂ ᠰᠤᠷᠤᠯᠭ᠎ᠠ ᠶᠢᠨ | ᠨᠠᠮᠲᠠᠷ ᠢ ᠯᠠ ᠦᠵᠡᠭᠦ᠂ ᠬᠢᠷᠢ ᠬᠡᠮ ᠢ ᠯᠡ ᠦᠵᠡᠭᠦ᠂ ᠥᠭᠦᠯᠡᠯ ᠢ ᠯᠡ ᠦᠵᠡᠭᠦ ᠵᠡᠷᠭᠡ ᠬᠡᠯᠪᠡᠷᠢᠯ ᠢ ᠲᠡᠪᠴᠢᠨ᠎ᠡ᠃ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠴᠢᠳᠠᠪᠤᠷᠢᠲᠠᠨ ᠢ ᠬᠥᠬᠢᠭᠦᠯᠦᠨ ᠱᠠᠩᠨᠠᠬᠤ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ | ᠬᠠᠲᠠᠭᠤ ᠪᠡᠷᠬᠡᠰᠢᠶᠡᠯᠲᠡᠶ ᠭᠠᠵᠠᠷ ᠣᠷᠣᠨ ᠲᠡᠶᠢᠰᠢ ᠬᠡᠯᠪᠠᠶᠢᠯᠭᠡᠬᠦ ᠶᠢ ᠴᠢᠬᠤᠯᠠᠴᠢᠯᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ | ᠵᠠᠯᠭᠠᠮᠵᠢᠯᠠᠵᠤ ᠰᠢᠨᠡᠴᠢᠯᠡᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠪᠣᠯᠭᠠᠬᠤ | ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠪᠤᠳᠠᠳᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠬᠠᠮᠢᠶᠠᠷᠤᠯᠲᠠ ᠶᠢᠨ ᠲᠣᠬᠲᠠᠯᠴᠠᠭ᠎ᠠ ᠶᠢ ᠪᠦᠷᠢᠨᠰᠢᠬᠦᠯᠵᠦ᠂ ᠪᠥᠬᠦ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠷᠢᠨ ᠳᠥᠷᠪᠡ︶ ᠣᠷᠣᠭᠤᠯᠤᠯᠲᠠ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ᠃ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠦᠷᠭᠦᠯᠵᠢᠯᠡᠭᠰᠡᠨ ᠲᠤᠬᠳᠠᠪᠤᠷᠢᠳᠠᠢ ᠣᠯᠠᠨ ᠡᠰᠢᠲᠦ | ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ | ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠮᠣᠩᠭᠤᠯ ᠡᠮᠨᠡᠯᠭᠡ ᠶᠢᠨ ᠬᠤᠷᠢᠶ᠎ᠠ ᠶᠢᠨ | ᠠᠵᠢᠯᠲᠠᠨ ᠤ ᠵᠠᠷᠤᠳᠠᠯ ᠢ ᠡᠳ᠋ ᠤᠨ ᠵᠠᠰᠠᠭ ᠠᠴᠠ ᠪᠦᠬᠦᠨ ᠢ ᠬᠠᠷᠢᠭᠤᠴᠠᠵᠤ᠂ ᠠᠯᠪᠠᠨ ᠠᠴᠠ ᠪᠠᠶᠢᠭᠤᠯᠤᠭᠰᠠᠨ ᠬᠢᠲᠠᠳ | ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠵᠠᠷᠤᠳᠠᠯ ᠤᠨ ᠲᠣᠭᠠᠴᠠᠭ᠎ᠠ ᠶᠢ 80 % ᠠᠴᠠ ᠳᠡᠭᠡᠭᠰᠢ ᠪᠤᠯᠭᠠᠨ᠎ᠠ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠤ ᠦᠢᠯᠡᠰ ᠲᠤ ᠪᠠᠯᠠ ᠣᠷᠣᠭᠤᠯᠬᠤ | ᠪᠤᠯᠭᠠᠨ᠎ᠠ᠃ | ︵ᠬᠤᠷᠢᠨ ᠲᠠᠪᠤ︶ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠰᠢᠨ᠎ᠠ ᠪᠠᠷ ᠨᠡᠮᠡᠭᠳᠡᠭᠰᠡᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ | ᠶᠢᠨ ᠲᠥᠷᠥᠯ ᠵᠦᠢᠯ ᠢ ᠴᠠᠭ ᠲᠤᠬᠠᠶ ᠳᠤ ᠨᠢ ᠨᠥᠬᠦᠪᠥᠷᠢᠯᠡᠨ᠎ᠡ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠤᠯᠠᠮᠵᠢᠯᠠᠯᠲᠤ ᠣᠨᠣᠰᠢᠯᠠᠨ ᠡᠮᠨᠡᠬᠦ ᠮᠡᠷᠭᠡᠵᠢᠯ᠂ ᠬᠢᠲᠠᠳ ᠡᠮ ︵ᠮᠣᠩᠭᠤᠯ ᠡᠮ︶ ᠤᠨ ᠡᠮᠨᠡᠯᠭᠡ ᠶᠢᠨ ᠬᠤᠷᠢᠶ᠎ᠠ ᠳᠤ | ᠪᠠᠨ ᠨᠠᠶᠢᠷᠠᠭᠤᠯᠤᠭᠰᠠᠨ ᠡᠮ ᠤᠨ ᠳᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠂ ᠡᠮᠴᠢᠯᠡᠭᠡᠨ ᠤ | ᠪᠠᠶᠢᠭᠤᠯᠤᠮᠵᠢ ᠶᠢᠨ ᠠᠮᠤᠷ ᠲᠦᠪᠰᠢᠨ ᠪᠥᠭᠡᠳ ᠪᠦᠲᠦᠮᠵᠢᠲᠡᠶ᠂ ᠳᠥᠭᠦᠮ ᠳᠥᠲᠡ ᠪᠥᠭᠡᠳ ᠬᠢᠮᠳᠠ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ |