ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯᠳᠤᠭᠠᠨ ᠠᠴᠠ ᠵᠠᠰᠠᠪᠤᠷᠢ ᠣᠷᠣᠭᠤᠯᠵᠤ᠂ 2020 ᠣᠨ ᠤ 12 ᠳ᠋ᠤᠭᠠᠷ ᠰᠠᠷ᠎ᠠ ᠶᠢᠨ 21 ᠤ ᠡᠳᠦᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠨᠡᠶᠢᠲᠡᠯᠡᠪᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨᠵᠢᠯᠡᠬᠦ ᠤᠬᠠᠭᠠᠨᠵᠢᠭᠤᠯᠤᠯᠳᠠ᠂ | ᠵᠢᠷᠤᠮᠵᠢᠭᠤᠯᠤᠯᠳᠠ᠂ ᠲᠦᠷᠢᠮᠵᠢᠭᠦᠯᠦᠯᠳᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ | ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠶᠢᠨ ᠲᠤᠰᠠᠳᠠ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠦᠷᠢᠮ︾ ᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠨᠢᠭᠡᠳᠦᠮᠡᠯ ᠹᠷᠣᠨᠲ ᠭᠡᠳᠡᠭ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ | ᠪᠣᠯᠭᠠᠭᠰᠠᠨ᠂ ᠪᠦᠬᠦ ᠨᠡᠶᠢᠭᠡᠮ ᠵᠢᠷᠤᠮᠲᠤ ᠬᠥᠳᠡᠯᠮᠦᠷᠢᠴᠢᠳ᠂ ᠨᠡᠶᠢᠭᠡᠮ ᠵᠢᠷᠤᠮᠲᠤ ᠦᠢᠯᠡᠰ ᠤᠨ ᠪᠦᠲᠦᠭᠡᠨ | ᠪᠠᠶᠢᠭᠤᠯᠤᠭᠴᠢᠳ᠂ ᠨᠡᠶᠢᠭᠡᠮ ᠵᠢᠷᠤᠮ ᠢ ᠬᠦᠷᠢᠶᠡᠯᠡᠳᠡᠭ ᠤᠯᠤᠰ ᠢᠶᠠᠨ ᠬᠠᠶᠢᠷᠠᠯᠠᠭᠴᠢᠳ᠂ ᠤᠯᠤᠰ ᠤᠨ ᠨᠢᠭᠡᠳᠦᠯ ᠢ | ᠬᠦᠷᠢᠶᠡᠯᠡᠳᠡᠭ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠬᠦᠴᠦᠯᠡᠨ | ᠴᠢᠷᠮᠠᠶᠢᠳᠠᠭ ᠤᠯᠤᠰ ᠢᠶᠠᠨ ᠬᠠᠶᠢᠷᠠᠯᠠᠭᠴᠢᠳ ᠤᠨ ᠬᠤᠯᠪᠣᠭ᠎ᠠ ᠶᠢ ᠵᠢᠭᠠᠵᠤ ᠪᠠᠶᠢᠨ᠎ᠠ᠃ | ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠮᠦᠰ ᠤᠨ ᠰᠡᠳᠬᠢᠯ ᠢ | ᠨᠢᠭᠲᠠᠷᠠᠭᠤᠯᠬᠤ᠂ ᠬᠦᠴᠦᠨ ᠴᠢᠳᠠᠯ ᠢ ᠬᠤᠷᠠᠮᠳᠤᠭᠤᠯᠬᠤ ᠤᠯᠤᠰ ᠲᠦᠷᠤ ᠶᠢᠨ ᠳᠠᠪᠠᠭᠤᠯᠢᠭ ᠪᠠ ᠪᠠᠶᠢᠯᠳᠤᠬᠤ | ᠪᠤᠳᠤᠯᠭ᠎ᠠ ᠶᠢᠨ ᠴᠢᠭᠯᠡᠯᠲᠡ ᠮᠥᠨ᠂ ᠬᠤᠪᠢᠰᠬᠠᠯ᠂ ᠪᠦᠳᠤᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠤᠨ | ᠢᠯᠠᠯᠲᠠ ᠶᠢ ᠲᠡᠮᠡᠴᠡᠨ ᠤᠯᠬᠤ ᠶᠢᠨ ᠴᠢᠬᠤᠯᠠ ᠡᠷᠳᠡᠨᠢ ᠮᠥᠨ᠂ ᠨᠠᠮ ᠤᠨ ᠠᠩᠬᠢ ᠶᠢᠨ ᠰᠠᠭᠤᠷᠢ ᠶᠢ ᠴᠢᠩᠭᠠᠳᠬᠠᠬᠤ᠂ | ᠨᠠᠮ ᠤᠨ ᠤᠯᠠᠨ ᠲᠦᠮᠡᠨ ᠤ ᠰᠠᠭᠤᠷᠢ ᠶᠢ ᠥᠷᠭᠡᠳᠬᠡᠬᠦ᠂ ᠨᠠᠮ ᠤᠨ ᠲᠦᠷᠤ ᠪᠠᠷᠢᠬᠤ ᠪᠠᠶᠢᠷᠢ ᠰᠠᠭᠤᠷᠢ ᠶᠢ | ᠪᠠᠬᠢᠵᠢᠭᠦᠯᠬᠦ ᠶᠢᠨ ᠴᠢᠬᠤᠯᠠ ᠡᠷᠳᠡᠨᠢ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠤᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠴᠢᠬᠤᠯᠠ ᠡᠷᠳᠡᠨᠢ ᠮᠥᠨ᠃ | ᠭᠤᠷᠪᠠᠳᠤᠭᠠᠷ ᠵᠦᠢᠯ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠵᠢᠯᠣᠭᠤᠳᠬᠤ ᠦᠵᠡᠯ | ᠰᠠᠨᠠᠭ᠎ᠠ ᠪᠠ ᠭᠤᠣᠯ ᠡᠭᠦᠷᠭᠡ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ | ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ | ᠭᠤᠶᠢᠪᠢᠰᠢ ᠦᠭᠡᠢ ᠵᠠᠮᠨᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠢᠭᠡᠳᠦᠮᠡᠯ | ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠳᠠ ᠶᠢ | ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠳᠠ ᠶᠢ ᠵᠣᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ᠂ ᠲᠥᠷᠥ ᠶᠢᠨ ᠨᠠᠮ ᠤᠨ ᠬᠠᠷᠢᠴᠠᠭ᠎ᠠ᠂ | ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ | ᠳᠣᠲᠣᠭᠠᠳᠤ ᠭᠠᠳᠠᠭᠠᠳᠤ ᠶᠢᠨ ᠨᠠᠶᠢᠵᠠ ᠨᠦᠬᠦᠳ ᠤᠨ ᠬᠠᠷᠢᠴᠠᠭᠠᠨ ᠤ ᠡᠶ᠎ᠡ ᠵᠤᠬᠢᠴᠠᠯ ᠲᠠᠢ ᠪᠠᠶᠢᠬᠤ ᠶᠢ ᠢᠳᠡᠪᠬᠢᠲᠡᠢ | ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ | ᠬᠦᠭᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠴᠢᠯᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠤᠯᠤᠰ ᠤᠨ ᠵᠠᠰᠠᠯᠲᠠ ᠶᠢᠨ ᠲᠤᠬᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠦᠢᠯᠡᠴᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠂ | ᠤᠯᠤᠰ ᠤᠨ ᠡᠷᠬᠡ ᠮᠡᠳᠡᠯ ᠠᠮᠤᠷ ᠲᠦᠪᠰᠢᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠦᠢᠯᠡᠴᠢᠯᠡᠵᠦ᠂ | ᠰᠢᠶᠠᠩᠭᠠᠩ ᠣᠣᠮᠧᠨ ᠤ ᠤᠷᠲᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠳᠤᠯᠠᠵᠦ᠂ | ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠳᠤ ᠦᠢᠯᠡᠴᠢᠯᠡᠬᠦ ᠶᠠᠪᠤᠳᠠᠯ ᠪᠤᠯᠤᠨ᠎ᠠ᠃ | ᠳᠥᠷᠪᠡᠳᠦᠭᠡᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠵᠠᠷᠴᠢᠮ ᠪᠣᠯ᠄ | ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︔ | ︵ᠬᠤᠶᠠᠷ︶ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ | ᠮᠠᠨᠳᠤᠭᠤᠯᠬᠤ ᠶᠢ ᠪᠠᠷᠢᠮᠲᠠᠯᠠᠨ᠎ᠠ︔ | ︵ᠭᠤᠷᠪᠠ︶ ᠭᠤᠣᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔ | ︵ᠳᠥᠷᠪᠡ︶ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠨ᠎ᠠ︔ | ︵ᠲᠠᠪᠤ︶ ᠨᠢᠭᠡᠳᠦᠮᠡᠯ ᠴᠢᠨᠠᠷ ᠬᠢᠭᠡᠳ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ | ᠰᠢᠢᠳᠪᠦᠷᠢᠯᠡᠬᠦ ᠶᠢ ᠪᠠᠷᠢᠮᠲᠠᠯᠠᠨ᠎ᠠ︔ | ︵ᠵᠢᠷᠭᠤᠭ᠎ᠠ︶ ᠬᠤᠯᠪᠣᠭᠠᠲᠠᠨ ᠤ ᠪᠠᠨ ᠠᠰᠢᠭ ᠲᠤᠰᠠ ᠶᠢ ᠬᠦᠨᠳᠦᠳᠬᠡᠵᠦ᠂ ᠬᠠᠮᠠᠭᠠᠯᠠᠬᠤ ᠪᠠ | ᠬᠠᠷᠠᠭᠠᠯᠵᠠᠬᠤ ᠶᠢ ᠪᠠᠷᠢᠮᠳᠠᠯᠠᠨ᠎ᠠ︔ | ︵ᠲᠤᠯᠤᠭ᠎ᠠ︶ ᠨᠠᠮ ᠤᠨ ᠭᠠᠳᠠᠨᠠᠬᠢ ᠨᠦᠭᠦᠳ ᠲᠠᠢ ᠥᠷᠭᠡᠨ ᠢᠶᠠᠷ ᠨᠠᠶᠢᠵᠠᠯᠠᠵᠦ᠂ ᠬᠦᠨ ᠨᠦᠬᠦᠷᠯᠡᠬᠦ ᠶᠢ | ᠪᠠᠷᠢᠮᠲᠠᠯᠠᠨ᠎ᠠ︔ | ︵ᠨᠠᠢᠮᠠ︶ ᠲᠤᠮᠤ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠷᠢᠮᠲᠠᠯᠠᠨ᠎ᠠ᠃ | ᠲᠠᠪᠤᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠬᠦᠷᠢᠶ᠎ᠡ ᠬᠡᠪᠴᠢᠶ᠎ᠡ ᠪᠣᠯ᠄ | ︵ᠨᠢᠭᠡ︶ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ︔ | ︵ᠬᠤᠶᠠᠷ︶ ᠨᠠᠮ ᠪᠦᠯᠦᠭ ᠤᠨ ᠪᠤᠰᠤ ᠬᠥᠮᠦᠰ︔ | ︵ᠭᠤᠷᠪᠠ︶ ᠨᠠᠮ ᠤᠨ ᠭᠠᠳᠠᠨᠠᠬᠢ ᠰᠡᠬᠡᠬᠡᠳᠡᠳ︔ | ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠬᠥᠮᠦᠰ︔ | ︵ᠲᠠᠪᠤ︶ ᠱᠠᠰᠢᠨ ᠰᠤᠷᠲᠠᠬᠤᠨ ᠤ ᠡᠲᠡᠭᠡᠳ ᠤᠨ ᠬᠥᠮᠦᠰ︔ | ︵ᠵᠢᠷᠭᠤᠭ᠎ᠠ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ︔ | ︵ᠲᠤᠯᠤᠭ᠎ᠠ︶ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ︔ | ︵ᠨᠠᠢᠮᠠ︶ ᠭᠠᠳᠠᠭᠠᠳᠤ ᠳᠤ ᠰᠤᠷᠤᠯᠴᠠᠭᠰᠠᠳ ᠪᠠ ᠤᠯᠤᠰ ᠲᠤ ᠪᠠᠨ ᠪᠤᠴᠠᠵᠤ ᠢᠷᠡᠭᠰᠡᠳ︔ | ︵ᠶᠢᠰᠦ︶ ᠰᠢᠶᠠᠩᠭᠠᠩ ᠤᠨ ᠠᠬ᠎ᠠ ᠳᠡᠭᠦᠦ ᠨᠡᠷ᠂ ᠣᠣᠮᠧᠨ ᠤ ᠠᠬ᠎ᠠ ᠳᠡᠭᠦᠦ ᠨᠡᠷ︔ | ︵ᠠᠷᠪᠠ︶ ᠲᠠᠶᠢᠸᠠᠨ ᠤ ᠠᠬ᠎ᠠ ᠳᠡᠭᠦᠦ ᠨᠡᠷ ᠵᠢᠴᠢ ᠲᠡᠲᠡᠨ ᠤ ᠡᠬᠡ ᠬᠠᠭᠤᠷᠠᠢ ᠳᠠᠬᠢ ᠲᠦᠷᠦᠯ ᠰᠠᠳᠤᠨ︔ | ︵ᠠᠷᠪᠠᠨ ᠨᠢᠭᠡ︶ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ ᠪᠤᠴᠠᠵᠤ ᠢᠷᠡᠭᠰᠡᠨ ᠬᠠᠷᠢᠶᠠᠲᠤ ᠨᠠᠷ | ᠪᠠ ᠬᠠᠷᠢᠶᠠᠲᠤ ᠨᠠᠷ ᠤᠨ ᠲᠦᠷᠦᠯ ᠰᠡᠳᠦᠠ︔ | ︵ᠠᠷᠪᠠᠨ ᠬᠤᠶᠠᠷ︶ ᠬᠠᠷᠢᠯᠴᠠᠬᠤ ᠪᠠ ᠪᠦᠯᠬᠦᠮᠳᠡᠬᠦ ᠴᠢᠬᠤᠯᠠᠲᠠᠶ ᠪᠤᠰᠤᠳ ᠬᠥᠮᠦᠰ᠃ | ᠨᠢᠭᠡᠳᠦᠮᠡᠯ ᠹᠷᠣᠨᠲ ᠤᠨ ᠠᠵᠢᠯ ᠤᠨ ᠬᠠᠨᠳᠤᠬᠤ ᠡᠳᠡᠭᠡᠳ ᠪᠣᠯ ᠨᠠᠮ ᠤᠨ ᠭᠠᠳᠠᠨᠠᠬᠢ ᠬᠥᠮᠦᠰ ᠮᠥᠨ᠂ | ᠲᠡᠲᠡᠨ ᠤ ᠳᠣᠲᠣᠷᠠᠬᠢ ᠲᠥᠯᠥᠭᠡᠯᠡᠭᠴᠢ ᠬᠥᠮᠦᠰ ᠢᠶᠠᠷ ᠭᠤᠣᠯᠳᠠᠯᠭ᠎ᠠ ᠪᠣᠯᠭᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠤᠰᠢᠶᠠᠯ ᠬᠠᠷᠢᠭᠤᠴᠠᠯᠭ᠎ᠠ | ᠵᠢᠷᠭᠤᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠨᠢᠭᠡᠳᠦᠮᠡᠯ ᠹᠷᠣᠨᠲ ᠤᠨ ᠠᠵᠢᠯ ᠤᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠨ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ ᠨᠢᠭᠡᠳᠦᠮᠡᠯ ᠹᠷᠣᠨᠲ ᠤᠨ | ᠠᠵᠢᠯ ᠤᠨ ᠢᠮᠠᠭᠲᠠ ᠤᠯᠤᠰ ᠲᠦᠷᠦ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ | ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ | ᠲᠦᠷᠦᠭᠦᠯᠡᠨ ᠵᠣᠬᠢᠴᠠᠭᠤᠯᠤᠭᠰᠠᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠭᠡᠭᠰᠡᠨ ᠲᠤᠮᠤ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠯᠠᠭᠤᠯᠤᠯᠳᠠ ᠶᠢ ᠪᠠᠶᠢᠭᠤᠯᠤᠨ᠎ᠠ᠃ | ᠳᠣᠯᠣᠳᠤᠭᠠᠷ ᠵᠦᠢᠯ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠤᠨ᠎ᠠ᠃ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠨᠢ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠶᠢᠨ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠪᠠ ᠨᠢᠭᠡᠳᠦᠮᠡᠯ ᠹᠷᠣᠨᠲ ᠤᠨ | ᠠᠵᠢᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠭᠤᠰᠢᠯᠠᠭᠤᠯᠵᠤ | ᠨᠠᠶᠢᠳᠠᠪᠤᠷᠢᠵᠢᠭᠤᠯᠬᠤ ᠲᠤᠬᠠᠢ ᠰᠤᠳᠤᠯᠤᠨ ᠪᠠᠶᠢᠷᠢᠯᠠᠭᠤᠯᠵᠤ᠂ ᠵᠣᠬᠢᠴᠠᠭᠤᠯᠤᠨ ᠵᠢᠯᠣᠭᠤᠳᠬᠤ ᠪᠠ ᠰᠢᠪᠠᠳᠠᠨ | ᠪᠠᠶᠢᠴᠠᠭᠠᠵᠤ᠂ ᠨᠢᠭᠡᠳᠦᠮᠡᠯ ᠹᠷᠣᠨᠲ ᠤᠨ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠨᠠᠮ ᠤᠨ ᠲᠥᠪ ᠬᠤᠷᠢᠶ᠎ᠠ ᠳᠤ | ᠰᠠᠨᠠᠭᠤᠯᠭ᠎ᠠ ᠲᠤᠷᠠᠳᠤᠨ᠎ᠠ᠃ | ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠢ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠪᠠᠶᠢᠷᠢᠰᠢᠯᠠᠭᠤᠯᠤᠨᠠ᠃ | ᠨᠠᠢᠮᠠᠳᠤᠭᠠᠷ ᠵᠦᠢᠯ ᠣᠷᠣᠨ ᠨᠤᠲᠤᠭ ᠤᠨ ᠨᠠᠮ ᠤᠨ ᠬᠤᠷᠢᠶ᠎ᠠ ᠨᠢ ᠲᠤᠰ ᠭᠠᠵᠠᠷ ᠣᠷᠣᠨ ᠤ ᠪᠠᠨ | ᠨᠢᠭᠡᠳᠦᠮᠡᠯ ᠹᠷᠣᠨᠲ ᠤᠨ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠂ ᠭᠤᠣᠯ ᠲᠤᠰᠢᠶᠠᠯ | ᠬᠠᠷᠢᠭᠤᠴᠠᠯᠭ᠎ᠠ ᠨᠢ᠄ | ︵ᠨᠢᠭᠡ︶ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠵᠢᠴᠢ ᠳᠡᠭᠡᠳᠦ | ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢ ᠵᠢᠯᠤᠭᠤᠳᠬᠤ ᠪᠠ ᠰᠢᠪᠠᠳᠠᠨ ᠪᠠᠶᠢᠴᠠᠭᠠᠵᠤ᠂ ᠦᠨᠳᠦᠰᠦᠨ | ᠱᠠᠲᠤᠨ ᠤ ᠨᠢᠭᠡᠳᠦᠮᠡᠯ ᠹᠷᠣᠨᠲ ᠤᠨ ᠠᠵᠢᠯ ᠢ ᠴᠢᠬᠤᠯᠠᠴᠢᠯᠠᠨ ᠴᠢᠩᠭᠠᠳᠬᠠᠨ᠎ᠠ︔ | ︵ᠬᠤᠶᠠᠷ︶ ᠨᠢᠭᠡᠳᠦᠮᠡᠯ ᠹᠷᠣᠨᠲ ᠤᠨ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠤᠳᠤᠯᠵᠤ᠂ ᠴᠢᠬᠤᠯᠠ ᠠᠵᠢᠯ ᠢ ᠪᠠᠶᠢᠷᠢᠯᠠᠭᠤᠯᠤᠨ᠂ ᠵᠢᠯ ᠪᠦᠷᠢ ᠨᠠᠮ ᠤᠨ ᠲᠥᠪ ᠬᠤᠷᠢᠶ᠎ᠠ ᠪᠤᠶᠤ ᠳᠡᠭᠡᠷ᠎ᠡ ᠨᠢᠭᠡ | ᠱᠠᠲᠤᠨ ᠤ ᠨᠠᠮ ᠤᠨ ᠬᠤᠷᠢᠶᠠᠨ ᠳᠤ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠢ ᠮᠡᠳᠡᠭᠦᠯᠦᠨ᠎ᠡ︔ | ︵ᠭᠤᠷᠪᠠ︶ ᠡᠷᠬᠡ ᠶᠢᠨ ᠬᠡᠪᠴᠢᠶ᠎ᠡ ᠬᠢᠵᠠᠭᠠᠷ ᠶᠣᠰᠣᠭᠠᠷ ᠨᠢᠭᠡᠳᠦᠮᠡᠯ ᠹᠷᠣᠨᠲ ᠤᠨ ᠠᠵᠢᠯ ᠲᠠᠢ ᠬᠠᠮᠢᠶᠠᠳᠠᠬᠤ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ | ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠳᠠᠯ ᠪᠦᠬᠦᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ | ︵ᠲᠦᠷᠪᠡ︶ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠬᠤ᠂ | ᠰᠤᠳᠤᠯᠬᠤ᠂ ᠤᠬᠠᠭᠤᠯᠬᠤ ᠪᠠ ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠳᠦᠮᠡᠯ | ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠬᠤ ᠠᠭᠤᠯᠭ᠎ᠠ ᠪᠠ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ | ᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠬᠤ | ᠠᠭᠤᠯᠭ᠎ᠠ ᠳᠤ ᠣᠷᠣᠭᠤᠯᠵᠤ᠂ ᠨᠢᠭᠡᠳᠦᠮᠡᠯ ᠹᠷᠣᠨᠲ ᠤᠨ ᠠᠵᠢᠯ ᠢ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠳᠤ | ᠣᠷᠣᠭᠤᠯᠵᠤ᠂ ᠨᠢᠭᠡᠳᠦᠮᠡᠯ ᠹᠷᠣᠨᠲ ᠤᠨ ᠮᠡᠳᠡᠯᠭᠡ ᠶᠢ ᠤᠯᠤᠰ ᠠᠷᠠᠳ ᠤᠨ ᠰᠤᠷᠭᠠᠨ ᠬᠥᠮᠦᠵᠢᠯ ᠤᠨ ᠠᠭᠤᠯᠭ᠎ᠠ ᠳᠤ | ᠣᠷᠣᠭᠤᠯᠤᠨ᠎ᠠ︔ | ︵ᠲᠠᠪᠤ︶ ᠨᠢᠭᠡᠳᠦᠮᠡᠯ ᠹᠷᠣᠨᠲ ᠤᠨ ᠠᠵᠢᠯ ᠤᠨ ᠰᠠᠯᠠᠭ᠎ᠠ ᠮᠥᠴᠢᠷ ᠪᠠ ᠨᠢᠭᠡᠳᠦᠮᠡᠯ ᠹᠷᠣᠨᠲ ᠤᠨ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠨᠢᠭᠡᠳᠦᠮᠡᠯ ᠹᠷᠣᠨᠲ ᠤᠨ ᠰᠢᠰᠲ᠋ᠧᠮ ᠤᠨ ᠤᠳᠤᠷᠢᠳᠬᠤ ᠪᠠᠭ ᠪᠠ ᠭᠤᠣᠯ ᠬᠠᠷᠢᠭᠤᠴᠠᠯᠭᠠᠲᠠᠨ ᠢ ᠰᠢᠯᠢᠳᠡᠭ ᠢ ᠨᠢ | ᠰᠣᠩᠭᠤᠨ ᠲᠣᠬᠢᠷᠠᠭᠤᠯᠵᠤ᠂ ᠨᠢᠭᠡᠳᠦᠮᠡᠯ ᠹᠷᠣᠨᠲ ᠤᠨ ᠺᠠᠳ᠋ᠷ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ︔ | ︵ᠵᠢᠷᠭᠤᠭ᠎ᠠ︶ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ ᠪᠠ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠵᠡᠷᠭᠡ ᠶᠢ ᠤᠳᠤᠷᠢᠳᠴᠤ ᠲᠤᠰ ᠰᠠᠯᠠᠭ᠎ᠠ ᠮᠥᠴᠢᠷ ᠲᠤᠰ ᠨᠢᠭᠡᠴᠢ ᠲᠤᠰ ᠬᠦᠷᠢᠶ᠎ᠡ ᠴᠠᠷᠠᠭᠠᠨ ᠳᠠᠬᠢ ᠨᠢᠭᠡᠳᠦᠮᠡᠯ | ᠹᠷᠣᠨᠲ ᠤᠨ ᠠᠵᠢᠯ ᠢ ᠰᠠᠶᠢᠲᠤᠷ ᠬᠢᠨ᠎ᠡ︔ | ︵ᠲᠤᠯᠤᠭ᠎ᠠ︶ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠵᠦ᠂ ᠬᠥᠮᠦᠵᠢᠭᠦᠯᠵᠦ᠂ ᠬᠡᠷᠡᠭᠯᠡᠵᠦ᠂ | ᠬᠠᠮᠢᠶᠠᠷᠤᠨ᠂ ᠤᠳᠤᠷᠢᠳᠬᠤ ᠺᠠᠳ᠋ᠷ ᠪᠣᠯᠤᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠨᠥᠬᠦᠷᠯᠡᠯ ᠤᠨ | ᠲᠦᠷᠢᠮ ᠢ ᠲᠡᠭᠦᠯᠳᠡᠷᠵᠢᠭᠦᠯᠦᠨ᠎ᠡ᠃ | ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ | ᠨᠢ ᠡᠮᠦᠨᠡᠬᠢ ᠵᠣᠷᠪᠤᠰ ᠤᠳ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠨᠢᠭᠡᠳᠦᠮᠡᠯ ᠹᠷᠣᠨᠲ ᠤᠨ ᠠᠵᠢᠯ ᠲᠠᠢ | ᠬᠠᠷᠠᠭᠠᠯᠵᠠᠬᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠥᠪ ᠤᠨ ᠪᠠ ᠲᠥᠷᠥ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ ᠵᠢᠴᠢ ᠡᠯ᠎ᠡ ᠱᠠᠲᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ ᠨᠢ ᠡᠷᠬᠡ ᠲᠤᠰᠢᠶᠠᠯ ᠤᠨ ᠶᠣᠰᠣᠭᠠᠷ ᠢᠶᠠᠷ ᠢᠶᠠᠨ᠂ ᠨᠠᠮ ᠪᠠ ᠲᠥᠷᠥ ᠶᠢᠨ ᠪᠠᠶᠢᠭᠤᠯᠭ᠎ᠠ ᠶᠢᠨ ᠨᠢᠭᠡᠳᠦᠮᠡᠯ | ᠹᠷᠣᠨᠲ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠪᠣᠯ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠨᠢᠭᠡᠳᠦᠮᠡᠯ ᠹᠷᠣᠨᠲ ᠤᠨ | ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠤᠳᠤᠷᠢᠳᠬᠤ ᠪᠠᠭ ᠤᠨ ᠪᠦᠷᠢᠯᠳᠦᠬᠦᠨ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ ᠰᠤᠷᠤᠯᠴᠠᠵᠤ᠂ ᠤᠬᠠᠭᠤᠯᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠴᠢᠬᠤᠯᠠ ᠠᠵᠢᠯᠯᠠᠭ᠎ᠠ ᠳᠤ ᠲᠦᠷᠦᠭᠦᠯᠡᠨ ᠣᠷᠣᠯᠴᠠᠵᠤ᠂ ᠨᠠᠮ ᠤᠨ | ᠭᠠᠳᠠᠨᠠᠬᠢ ᠨᠠᠶᠢᠵᠠ ᠨᠠᠷ ᠲᠠᠢ ᠥᠷᠭᠡᠨ ᠢᠶᠠᠷ ᠨᠠᠶᠢᠵᠠᠯᠠᠵᠦ ᠬᠦᠨ ᠨᠦᠬᠦᠷᠯᠡᠬᠦ ᠬᠡᠷᠡᠭᠲᠡᠢ᠃ | ᠣᠷᠣᠨ ᠨᠤᠲᠤᠭ ᠤᠨ ᠨᠠᠮ ᠤᠨ ᠬᠤᠷᠢᠶ᠎ᠠ ᠨᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠠᠳᠠᠯᠢ | ᠱᠠᠲᠤᠨ ᠤ ᠨᠠᠮ ᠤᠨ ᠬᠤᠷᠢᠶᠠᠨ ᠤ ᠱᠦᠵᠢ ᠡᠭᠦᠷᠭᠡᠯᠡᠨ᠎ᠡ᠃ | ᠶᠢᠰᠦᠳᠦᠭᠡᠷ ᠵᠦᠢᠯ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶᠠᠨ ᠳᠤ | ᠨᠢᠭᠡᠳᠦᠮᠡᠯ ᠹᠷᠣᠨᠲ ᠤᠨ ᠬᠡᠯᠲᠡᠰ ᠢ ᠪᠠᠶᠢᠭᠤᠯᠤᠨ᠎ᠠ᠃ ᠨᠢᠭᠡᠳᠦᠮᠡᠯ ᠹᠷᠣᠨᠲ ᠤᠨ ᠬᠡᠯᠲᠡᠰ ᠪᠣᠯ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠠᠵᠢᠯ ᠢ ᠭᠤᠤᠯᠯᠠᠨ ᠬᠠᠮᠢᠶᠠᠷᠬᠤ ᠡᠭᠦᠷᠭᠡ ᠲᠤᠰᠢᠶᠠᠯᠳᠤ ᠰᠠᠯᠠᠭ᠎ᠠ ᠮᠥᠴᠢᠷ ᠮᠥᠨ᠂ ᠪᠠᠰᠠ | ᠴᠦ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠲᠠᠯ᠎ᠠ ᠶᠢᠨ ᠵᠦᠪᠯᠡᠭᠴᠢ ᠂ ᠵᠣᠬᠢᠶᠠᠨ ᠪᠠᠶᠢᠭᠤᠯᠤᠨ | ᠵᠣᠬᠢᠴᠠᠭᠤᠯᠤᠭᠴᠢ᠂ ᠪᠣᠳᠠᠲᠠᠢ ᠭᠦᠢᠴᠡᠳᠭᠡᠭᠴᠢ᠂ ᠱᠠᠭᠠᠷᠳᠠᠨ ᠪᠠᠶᠢᠴᠠᠭᠠᠭᠴᠢ ᠪᠠᠶᠢᠭᠤᠯᠤᠮᠵᠢ ᠮᠥᠨ᠂ ᠲᠡᠷᠡ ᠨᠢ | ᠪᠠᠶᠢᠳᠠᠯ ᠢ ᠣᠶᠢᠯᠠᠭᠠᠬᠤ᠂ ᠲᠦᠷᠦ ᠶᠢᠨ ᠪᠤᠳᠤᠯᠭ᠎ᠠ ᠶᠢ ᠡᠵᠡᠮᠰᠢᠬᠦ᠂ ᠬᠠᠷᠢᠴᠠᠭ᠎ᠠ ᠶᠢ ᠵᠣᠬᠢᠴᠠᠭᠤᠯᠬᠤ᠂ ᠠᠵᠢᠯᠲᠠᠨ ᠤ | ᠶᠠᠪᠤᠳᠠᠯ ᠢ ᠲᠤᠬᠢᠷᠠᠭᠤᠯᠬᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠪᠦᠯᠬᠦᠮᠳᠡᠯ ᠢ ᠴᠢᠩᠭᠠᠳᠬᠠᠬᠤ ᠵᠡᠷᠭᠡ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠭᠤᠣᠯᠳᠠᠭᠤ᠄ | ︵ᠨᠢᠭᠡ︶ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ | ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ | ᠹᠷᠣᠨᠲ ᠤᠨ ᠠᠵᠢᠯ ᠤᠨ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠳᠠᠯᠢ | ᠱᠠᠲᠤᠨ ᠤ ᠨᠠᠮ ᠤᠨ ᠬᠤᠷᠢᠶᠠᠨ ᠳᠤ ᠨᠢᠭᠡᠳᠦᠮᠡᠯ ᠹᠷᠣᠨᠲ ᠤᠨ ᠠᠵᠢᠯ ᠢ ᠮᠡᠳᠡᠭᠦᠯᠦᠨ ᠵᠢᠭᠠᠪᠤᠷᠢ ᠠᠪᠬᠤ ᠶᠢᠨ ᠬᠠᠮᠲᠤ | ᠰᠠᠨᠠᠯ ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠬᠤ ᠶᠢ | ᠵᠢᠯᠣᠭᠤᠳᠤᠨ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ | ᠥᠷᠨᠢᠭᠦᠯᠦᠨ᠎ᠡ᠃ | ︵ᠭᠤᠷᠪᠠ︶ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠬᠦ᠂ ᠬᠠᠷᠢᠯᠴᠠᠬᠤ ᠪᠠ | ᠬᠥᠮᠦᠵᠢᠭᠦᠯᠬᠦ ᠶᠢ ᠬᠠᠷᠢᠭᠤᠴᠠᠵᠤ᠂ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ | ᠭᠠᠳᠠᠨᠠᠬᠢ ᠲᠥᠯᠥᠭᠡᠯᠡᠭᠴᠢ ᠬᠥᠮᠦᠰ ᠤᠨ ᠤᠯᠤᠰ ᠲᠦᠷᠦ ᠶᠢᠨ ᠲᠤᠬᠢᠷᠠᠭᠤᠯᠤᠯᠳᠠ ᠶᠢ ᠰᠠᠶᠢᠲᠤᠷ ᠬᠢᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ | ᠵᠠᠰᠠᠭ ᠤᠨ ᠣᠷᠳᠣᠨ ᠪᠠ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠵᠡᠷᠭᠡ ᠶᠢᠨ ᠤᠳᠤᠷᠢᠳᠬᠤ | ᠲᠤᠰᠢᠶᠠᠯ ᠳᠤ ᠲᠤᠬᠢᠷᠠᠭᠤᠯᠬᠤ ᠠᠵᠢᠯ ᠢ ᠰᠠᠶᠢᠲᠤᠷ ᠬᠢᠨ᠎ᠡ᠃ | ︵ᠲᠦᠷᠪᠡ︶ ᠠᠷᠠᠳᠴᠢᠯᠠᠭᠰᠠᠨ ᠨᠠᠮ ᠪᠦᠯᠦᠭ ᠲᠠᠢ ᠬᠠᠷᠢᠯᠴᠠᠵᠤ᠂ ᠨᠠᠮ ᠪᠦᠯᠦᠭ ᠤᠨ ᠪᠤᠰᠤ ᠬᠥᠮᠦᠰ ᠤᠨ | ᠠᠵᠢᠯ ᠢ ᠲᠦᠷᠦᠭᠦᠯᠡᠨ ᠵᠣᠬᠢᠴᠠᠭᠤᠯᠵᠤ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠦᠢᠯᠡᠳᠦᠯ ᠢᠶᠠᠨ ᠪᠠᠳᠠᠷᠠᠭᠤᠯᠬᠤ ᠶᠢ ᠨᠢ ᠲᠡᠮᠵᠢᠵᠦ᠂ | ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠶᠢ ᠲᠡᠮᠵᠢᠵᠤ ᠬᠠᠪᠰᠤᠷᠤᠨ᠎ᠠ᠃ | ︵ᠲᠠᠪᠤ︶ ᠨᠠᠮ ᠤᠨ ᠭᠠᠳᠠᠨᠠᠬᠢ ᠰᠡᠬᠡᠭᠡᠲᠡᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠦᠨᠳᠦᠰᠦᠲᠡᠨ ᠤ ᠠᠵᠢᠯ ᠢ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠵᠤ᠂ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠢ ᠤᠳᠤᠷᠢᠳᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠬᠠᠮᠢᠶᠠᠷᠤᠨ᠎ᠠ᠃ | ︵ᠳᠤᠯᠤᠭ᠎ᠠ︶ ᠱᠠᠰᠢᠨ ᠰᠤᠷᠲᠠᠬᠤᠨ ᠤ ᠠᠵᠢᠯ ᠢ ᠨᠢᠭᠡᠳᠦᠯᠲᠡᠢ ᠬᠠᠮᠢᠶᠠᠷᠴᠤ᠂ ᠱᠠᠰᠢᠨ ᠰᠤᠷᠲᠠᠬᠤᠨ ᠤ | ᠠᠵᠢᠯ ᠤᠨ ᠰᠠᠯᠠᠭ᠎ᠠ ᠮᠥᠴᠢᠷ ᠢ ᠤᠳᠤᠷᠢᠳᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠤᠨ᠎ᠠ᠃ | ︵ᠨᠠᠢᠮᠠ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ | ᠳᠡᠮᠵᠢᠵᠦ᠂ ᠬᠥᠲᠥᠯᠥᠨ ᠵᠢᠯᠣᠭᠤᠳᠬᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ | ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠣᠷᠣᠯᠴᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯᠳᠠᠳ ᠤᠨ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠶ ᠲᠦᠯᠦᠪᠵᠢᠭᠦᠯᠦᠨ ᠥᠷᠨᠢᠭᠦᠯᠦᠨ᠎ᠡ᠃ | ︵ᠶᠢᠰᠦ︶ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ | ᠨᠢᠭᠡᠳᠦᠯᠲᠡᠢ ᠲᠦᠯᠦᠪᠵᠢᠭᠦᠯᠦᠨ ᠥᠷᠨᠢᠭᠦᠯᠦᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠩᠭᠠᠩ ᠣᠣᠮᠧᠨ ᠤ ᠨᠢᠭᠡᠳᠦᠮᠡᠯ | ᠹᠷᠣᠨᠲ ᠤᠨ ᠠᠵᠢᠯ ᠢ ᠥᠷᠨᠢᠭᠦᠯᠵᠦ᠂ ᠲᠠᠶᠢᠸᠠᠨ ᠤ ᠲᠤᠬᠠᠢ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠨ᠎ᠡ᠃ | ︵ᠠᠷᠪᠠᠨ ᠨᠢᠭᠡ︶ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠤᠳᠤᠷᠢᠳᠴᠤ᠂ | ᠬᠠᠷᠢᠶᠠᠲᠤ ᠨᠠᠷ ᠤᠨ ᠲᠤᠬᠠᠢ ᠠᠵᠢᠯ ᠢ ᠨᠢᠭᠡᠳᠦᠯᠲᠡᠢ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠡᠶᠢᠭᠡᠮ ᠤᠨ ᠪᠦᠯᠬᠦᠮ ᠤᠨ ᠬᠠᠷᠢᠶᠠᠲᠤ ᠨᠠᠷ ᠲᠠᠢ ᠬᠤᠯᠪᠣᠭᠳᠠᠬᠤ ᠠᠵᠢᠯ ᠢ ᠨᠢᠭᠡᠳᠦᠯᠲᠡᠢ ᠲᠦᠯᠦᠪᠵᠢᠭᠦᠯᠦᠨ | ᠵᠣᠬᠢᠴᠠᠭᠤᠯᠤᠨ᠎ᠠ᠃ | ︵ᠠᠷᠪᠠᠨ ᠬᠤᠶᠠᠷ︶ ᠨᠢᠭᠡᠳᠦᠮᠡᠯ ᠹᠷᠣᠨᠲ ᠤᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠵᠣᠬᠢᠴᠠᠭᠤᠯᠤᠨ ᠠᠬᠢᠭᠤᠯᠤᠨ᠎ᠠ᠃ | ︵ᠠᠷᠪᠠᠨ ᠭᠤᠷᠪᠠ︶ ᠨᠢᠭᠡᠳᠦᠮᠡᠯ ᠹᠷᠣᠨᠲ ᠤᠨ ᠠᠵᠢᠯ ᠤᠨ ᠳᠤᠮᠳᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠤᠬᠠᠭᠤᠯᠭ᠎ᠠ ᠶᠢᠨ | ᠠᠵᠢᠯ ᠢ ᠬᠠᠷᠢᠭᠤᠴᠠᠨ ᠥᠷᠨᠢᠭᠦᠯᠦᠨ᠎ᠡ᠃ | ︵ᠠᠷᠪᠠᠨ ᠳᠦᠷᠪᠡ︶ ᠲᠤᠤᠷᠠᠳᠤ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠢ | ᠵᠢᠯᠣᠭᠤᠳᠴᠤ᠂ ᠲᠤᠤᠷᠠᠳᠤ ᠨᠢᠭᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠶᠢ ᠬᠠᠪᠰᠤᠷᠤᠨ ᠬᠠᠮᠢᠶᠠᠷᠤᠨ᠎ᠠ︔ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠨᠢᠭᠡᠳᠦᠮᠡᠯ ᠹᠷᠣᠨᠲ ᠤᠨ ᠠᠵᠢᠯ ᠢ ᠵᠣᠬᠢᠴᠠᠭᠤᠯᠵᠤ᠂ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠠᠵᠢᠯ ᠤᠨ | ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠢ ᠲᠠᠨᠢᠯᠴᠠᠭᠤᠯᠬᠤ ᠠᠵᠢᠯ ᠢ ᠰᠠᠶᠢᠲᠤᠷ ᠬᠠᠮᠵᠢᠨ | ᠬᠢᠨ᠎ᠡ︔ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠨ᠎ᠠ︔ ᠵᠥᠪᠳᠡᠭᠴᠢ ᠶᠢᠨ ᠲᠠᠰᠤᠭ᠂ ᠰᠣᠶᠣᠯ ᠲᠡᠦᠬᠡ ᠰᠤᠳᠤᠯᠬᠤ ᠣᠷᠳᠣᠨ ᠳᠠᠬᠢ | ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ︔ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠢ ᠤᠳᠤᠷᠢᠳᠴᠤ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠠᠵᠢᠯ ᠢ | ᠵᠢᠯᠣᠭᠤᠳᠤᠨ᠎ᠠ︔ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢ ᠵᠢᠯᠣᠭᠤᠳᠤᠨ ᠬᠠᠮᠢᠶᠠᠷᠤᠨ᠎ᠠ︔ ᠨᠢᠭᠡᠳᠦᠮᠡᠯ | ᠹᠷᠣᠨᠲ ᠤᠨ ᠬᠤᠯᠪᠣᠭᠳᠠᠯ ᠪᠦᠬᠦᠢ ᠨᠢᠭᠡᠴᠢ ᠪᠠ ᠪᠦᠯᠬᠦᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ | ︵ᠠᠷᠪᠠᠨ ᠲᠠᠪᠤ︶ ᠠᠳᠠᠯᠢ ᠱᠠᠲᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠠᠷᠪᠠᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠨᠠᠮ ᠤᠨ ᠲᠥᠪ | ᠬᠤᠷᠢᠶ᠎ᠠ ᠵᠢᠴᠢ ᠮᠤᠵᠢ᠂ ᠬᠤᠲᠠ ᠬᠤᠶᠠᠷ ᠱᠠᠲᠤᠨ ᠤ ᠨᠠᠮ ᠤᠨ ᠬᠤᠷᠢᠶᠠᠨ ᠠᠴᠠ ᠲᠣᠮᠢᠯᠠᠭᠰᠠᠨ ᠪᠠᠶᠢᠭᠤᠯᠭ᠎ᠠ ᠳᠤ | ᠨᠢᠭᠡᠳᠦᠮᠡᠯ ᠹᠷᠣᠨᠲ ᠤᠨ ᠠᠵᠢᠯ ᠤᠨ ᠪᠠᠶᠢᠭᠤᠯᠤᠮᠵᠢ ᠶᠢ ᠭᠠᠷᠭᠠᠨ᠎ᠠ᠃ ᠰᠢᠶᠠᠩ ︵ᠪᠠᠯᠭᠠᠰᠤ᠂ ᠵᠡᠭᠡᠯᠢ ᠭᠤᠳᠤᠮᠵᠢ︶ | ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠬᠤ ᠠᠵᠢᠯᠲᠠᠨ ᠲᠠᠢ | ᠪᠠᠶᠢᠬᠤ ᠬᠡᠷᠡᠭᠲᠡᠢ᠂ ᠡᠭᠦᠨ ᠳᠤ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠳᠤ ᠨᠢ ᠲᠤᠰᠬᠠᠢ | ᠬᠥᠮᠦᠨ ᠢ ᠲᠤᠬᠳᠠᠭᠠᠵᠤ ᠬᠠᠷᠢᠭᠤᠴᠠᠭᠤᠯᠤᠨ᠎ᠠ᠃ ᠬᠤᠯᠪᠣᠭᠳᠠᠯ ᠪᠦᠬᠦᠢ ᠠᠷᠠᠳ ᠤᠨ ᠪᠦᠯᠬᠦᠮ ᠨᠢ ᠬᠠᠮᠢᠶ᠎ᠠ ᠪᠦᠬᠦᠢ | ᠪᠠᠶᠢᠭᠤᠯᠤᠮᠵᠢ ᠶᠢ ᠲᠤᠳᠤᠷᠬᠠᠢ ᠲᠤᠬᠳᠠᠭᠠᠨ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃ ᠨᠢᠭᠡᠳᠦᠮᠡᠯ | ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠶᠡᠭᠡ ᠲᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠨᠠᠮ ᠤᠨ ᠬᠤᠷᠢᠶ᠎ᠠ ᠳᠤ ᠨᠢᠭᠡᠳᠦᠮᠡᠯ ᠹᠷᠣᠨᠲ ᠤᠨ ᠠᠵᠢᠯ ᠤᠨ | ᠪᠠᠶᠢᠭᠤᠯᠤᠮᠵᠢ ᠶᠢ ᠭᠠᠷᠭᠠᠵᠤ᠂ ᠪᠤᠰᠤᠳ ᠶᠡᠭᠡ ᠲᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠨᠠᠮ ᠤᠨ ᠬᠤᠷᠢᠶ᠎ᠠ ᠨᠢ ᠨᠢᠭᠡᠳᠦᠮᠡᠯ ᠹᠷᠣᠨᠲ ᠲᠠᠢ ᠬᠠᠷᠠᠭᠠᠯᠵᠠᠬᠰᠠᠨ ᠪᠠᠶᠢᠭᠤᠯᠤᠮᠵᠢ ᠶᠢ | ᠲᠤᠳᠤᠷᠬᠠᠢ ᠲᠣᠭᠲᠠᠭᠠᠵᠤ᠂ ᠨᠢᠭᠡᠳᠦᠮᠡᠯ ᠹᠷᠤᠨᠲ ᠤᠨ ᠠᠵᠢᠯ ᠢ ᠬᠠᠷᠢᠭᠤᠴᠠᠭᠤᠯᠬᠤ ᠬᠡᠷᠡᠭᠲᠡᠢ᠃ ᠨᠢᠭᠡᠳᠦᠮᠡᠯ | ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠲᠤᠮᠤ ᠬᠡᠯᠪᠡᠷᠢ ᠶᠢᠨ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠢᠭᠡᠳᠦᠮᠡᠯ ᠹᠷᠤᠨᠲ ᠤᠨ | ᠪᠠᠶᠢᠭᠤᠯᠤᠮᠵᠢ ᠪᠠ ᠠᠵᠢᠯᠲᠠᠨ ᠢ ᠲᠣᠳᠣᠷᠬᠠᠢ ᠲᠣᠭᠲᠠᠭᠠᠵᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃ | ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠪᠤᠰᠤᠳ ᠨᠢᠭᠡᠴᠢ ᠶᠢᠨ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ︶ ᠨᠢ ᠨᠢᠭᠡᠳᠦᠮᠡᠯ ᠹᠷᠤᠨᠲ ᠤᠨ ᠬᠤᠯᠪᠣᠭᠳᠠᠯ ᠪᠦᠬᠦᠢ ᠪᠠᠶᠢᠭᠤᠯᠤᠮᠵᠢ ᠶᠢ | ᠲᠤᠳᠤᠷᠬᠠᠢ ᠲᠤᠬᠳᠠᠭᠠᠵᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃ | ᠠᠷᠪᠠᠨ ᠨᠢᠭᠡᠳᠦᠭᠡᠷ ᠵᠦᠢᠯ ᠮᠤᠵᠢ᠂ ᠬᠤᠳᠠ ᠬᠤᠶᠠᠷ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠶᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠡᠭᠦᠷᠭᠡᠯᠡᠨ᠎ᠡ᠂ ᠰᠢᠶᠠᠨ ᠤ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠢ ᠠᠳᠠᠯᠢ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠡᠭᠦᠷᠭᠡᠯᠡᠬᠦ ᠪᠤᠶᠤ | ᠬᠠᠪᠰᠤᠷᠭᠠᠨ ᠡᠭᠦᠷᠭᠡᠯᠡᠨ᠎ᠡ᠂ ᠡᠳᠦᠷ ᠲᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠡᠯᠲᠡᠰ ᠤᠨ ᠳᠡᠳ᠋ | ᠳᠠᠷᠤᠭ᠎ᠠ ᠶᠢᠨ ᠲᠤᠰᠢᠶᠠᠯ ᠳᠤ ᠠᠳᠠᠯᠢ ᠱᠠᠲᠤᠨ ᠤ ᠨᠠᠮ ᠤᠨ ᠬᠤᠷᠢᠶᠠᠨ ᠤ ᠰᠠᠯᠠᠭ᠎ᠠ ᠮᠥᠴᠢᠷ ᠤᠨ ᠵᠢᠩᠬᠢᠨᠢ | ᠲᠤᠰᠢᠶᠠᠯ ᠲᠠᠢ ᠤᠳᠤᠷᠢᠳᠬᠤ ᠺᠠᠳ᠋ᠷ ᠢ ᠲᠤᠬᠢᠷᠠᠭᠤᠯᠤᠨ᠎ᠠ᠃ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠤᠨ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠨᠦᠭᠦᠴᠡᠯ ᠨᠢ ᠪᠦᠷᠢᠯᠳᠦᠭᠰᠡᠨ ᠪᠠᠶᠢᠪᠠᠯ ᠠᠳᠠᠯᠢ ᠱᠠᠳᠤᠨ ᠤ | ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ | ᠪᠣᠯᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ | ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ | ᠡᠭᠦᠷᠭᠡᠯᠡᠨ᠎ᠡ᠃ ᠶᠡᠭᠡ ᠲᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠶᠢᠨ ᠲᠤᠰᠢᠶᠠᠯ ᠢ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠡᠰᠡᠭᠦᠯ᠎ᠡ ᠪᠠᠶᠢᠩᠭᠤ ᠶᠢᠨ ᠬᠤᠷᠢᠶ᠎ᠠ | ᠪᠠᠶᠢᠭᠤᠯᠤᠬᠰᠠᠨ ᠤᠢᠭᠡᠢ ᠨᠠᠮ ᠤᠨ ᠬᠤᠷᠢᠶ᠎ᠠ ᠨᠢ ᠨᠠᠮ ᠤᠨ ᠬᠤᠷᠢᠶᠠᠨ ᠤ ᠭᠡᠰᠢᠭᠦᠨ ᠢᠶᠠᠷ ᠲᠤᠰᠢᠶᠠᠯ ᠢ | ᠡᠭᠦᠷᠭᠡᠯᠡᠭᠦᠯᠦᠨ᠎ᠡ᠃ | ᠭᠤᠷᠪᠠᠳᠤᠭᠠᠷ ᠪᠦᠯᠦᠭ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠠᠵᠢᠯ | ᠠᠷᠪᠠᠨ ᠬᠤᠶᠠᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ | ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠮᠥᠨ᠂ ᠮᠦᠨ ᠴᠦ | ᠮᠠᠨ ᠤ ᠤᠯᠤᠰ ᠤᠨ ᠤᠯᠤᠰ ᠲᠦᠷᠦ ᠶᠢᠨ ᠨᠢᠭᠡᠨ ᠦᠨᠳᠦᠰᠦᠨ ᠪᠠᠶᠢᠭᠤᠯᠤᠯ ᠮᠥᠨ᠃ ᠲᠡᠷᠡ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ ᠲᠠᠢ ᠤᠷᠳᠤ ᠬᠤᠭᠤᠴᠠᠭ᠎ᠠ ᠪᠠᠷ ᠵᠡᠷᠭᠡᠴᠡᠨ | ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ ᠵᠣᠪᠠᠯ ᠵᠢᠷᠭᠠᠯ ᠢᠶᠠᠨ | ᠬᠠᠮᠲᠤᠳᠬᠠᠬᠤ ᠦᠨᠳᠦᠰᠦᠨ ᠴᠢᠭᠯᠡᠯᠲᠡ ᠶᠢ ᠬᠡᠷᠡᠭᠵᠢᠭᠦᠯᠦᠨ᠎ᠡ᠃ | ᠠᠷᠠᠳᠴᠢᠯᠠᠭᠰᠠᠨ ᠨᠠᠮ ᠪᠦᠯᠦᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠬᠦᠯᠢᠶᠡᠭᠰᠡᠨ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠦᠴᠦ ᠪᠠᠨ ᠬᠠᠮᠲᠤᠳᠬᠠᠨ ᠬᠠᠮᠲᠤᠷᠠᠨ | ᠠᠵᠢᠯᠯᠠᠭᠰᠠᠨ ᠳᠣᠲᠣᠨᠣ ᠨᠥᠬᠦᠷᠰᠡᠭ ᠨᠠᠮ ᠮᠥᠨ᠂ ᠲᠡᠷᠡᠴᠢᠡᠯᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠮᠥᠨ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠤᠯᠴᠠᠭᠴᠢ ᠨᠠᠮ ᠮᠥᠨ᠃ | ᠨᠠᠮ ᠪᠦᠯᠦᠭ ᠤᠨ ᠪᠤᠰᠤ ᠬᠥᠮᠦᠰ ᠭᠡᠳᠡᠭ ᠨᠢ ᠶᠠᠮᠠᠷᠪᠠ ᠲᠦᠷᠦ ᠶᠢᠨ ᠨᠠᠮ ᠳᠤ ᠣᠷᠣᠯᠴᠠᠭᠰᠠᠨ ᠦᠭᠡᠢ᠂ | ᠭᠡᠳᠡᠯ᠎ᠡ ᠲᠦᠷᠦ ᠶᠢᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠬᠦᠰᠡᠯ ᠡᠷᠡᠮᠡᠯᠵᠡᠯ ᠪᠠ | ᠴᠢᠳᠠᠪᠤᠷᠢ ᠲᠠᠢ᠂ ᠨᠡᠶᠢᠭᠡᠮ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠ ᠵᠣᠬᠢᠬᠤ ᠨᠥᠯᠥᠭᠡ ᠲᠠᠢ ᠬᠥᠮᠦᠰ ᠢ | ᠵᠢᠭᠠᠵᠤ ᠪᠠᠶᠢᠨ᠎ᠠ᠂ ᠲᠡᠭᠦᠨ ᠤ ᠭᠤᠣᠯ ᠴᠣᠭᠴᠠ ᠪᠣᠯ ᠰᠡᠬᠡᠬᠡᠳᠡᠳ ᠪᠣᠯᠤᠨ᠎ᠠ᠃ | ᠠᠷᠠᠳᠴᠢᠯᠠᠭᠰᠠᠨ ᠨᠠᠮ ᠪᠦᠯᠦᠭ ᠤᠨ ᠦᠨᠳᠦᠰᠦᠨ ᠡᠭᠦᠷᠭᠡ ᠲᠤᠰᠢᠶᠠᠯ ᠪᠣᠯ ᠲᠦᠷᠦ ᠶᠢᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠥᠪᠯᠡᠯᠭᠡ ᠳᠤ ᠣᠷᠤᠯᠴᠠᠨ᠎ᠠ᠃ ᠨᠠᠮ ᠪᠦᠯᠦᠭ ᠤᠨ | ᠪᠤᠰᠤ ᠬᠥᠮᠦᠰ ᠨᠢ ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠬᠠᠷᠢᠭᠤᠴᠠᠯᠭ᠎ᠠ ᠪᠠᠷ ᠯᠠᠪᠯᠠᠯᠳᠠ ᠪᠤᠯᠭᠠᠨ ᠡᠭᠦᠷᠭᠡ | ᠲᠤᠰᠢᠶᠠᠯ ᠢᠶᠠᠨ ᠭᠦᠢᠴᠡᠳᠭᠡᠨ᠎ᠡ᠃ | ᠠᠷᠪᠠᠨ ᠭᠤᠷᠪᠠᠳᠤᠭᠠᠷ ᠵᠦᠢᠯ ᠲᠦᠷᠦ ᠶᠢᠨ ᠨᠠᠮ ᠤᠨ ᠵᠥᠪᠯᠡᠯᠭᠡ ᠬᠢᠬᠦ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠠᠳᠴᠢᠯᠠᠭᠰᠠᠨ ᠨᠠᠮ ᠪᠦᠯᠦᠭ ᠯᠦᠭᠡ ᠶᠢᠨ ᠤᠯᠤᠰ ᠲᠦᠷᠦ ᠶᠢᠨ ᠵᠥᠪᠯᠡᠯᠭᠡ ᠬᠢᠬᠦ ᠶᠠᠪᠤᠳᠠᠯ | ᠪᠣᠯᠣᠨ᠎ᠠ᠃ ᠨᠠᠮ ᠪᠦᠯᠦᠭ ᠤᠨ ᠪᠤᠰᠤ ᠬᠥᠮᠦᠰ ᠪᠣᠯ ᠤᠯᠤᠰ ᠲᠦᠷᠦ ᠶᠢᠨ ᠵᠥᠪᠯᠡᠯᠭᠡ ᠶᠢᠨ ᠴᠢᠬᠤᠯᠠ ᠪᠦᠷᠢᠯᠳᠦᠬᠦᠨ | ᠬᠡᠰᠡᠭ ᠮᠥᠨ᠂ ᠲᠡᠲᠡ ᠲᠦᠷᠦ ᠶᠢᠨ ᠨᠠᠮ ᠤᠨ ᠵᠥᠪᠯᠡᠯᠭᠡ ᠳᠤ ᠣᠷᠤᠯᠴᠠᠨ᠎ᠠ᠃ ᠲᠦᠷᠦ ᠶᠢᠨ ᠨᠠᠮ ᠤᠨ | ᠵᠦᠪᠯᠡᠯᠭᠡ ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ | ᠤᠯᠤᠰ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠲᠥᠯᠥᠭᠡᠯᠡᠭᠴᠢᠳ ᠤᠨ ᠶᠡᠭᠡ ᠬᠤᠷᠠᠯ᠂ ᠨᠠᠮ ᠤᠨ ᠲᠥᠪ | ᠬᠤᠷᠢᠶ᠎ᠠ ᠪᠠ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠴᠢᠬᠤᠯᠠ ᠪᠢᠴᠢᠭ | ᠮᠠᠲ᠋ᠧᠷᠢᠶᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠤᠷᠤᠭᠤᠯᠬᠤ︔ ᠦᠨᠳᠦᠰᠦᠨ ᠬᠠᠤᠯᠢ ᠳᠤ ᠵᠠᠰᠠᠪᠤᠷᠢ | ᠣᠷᠣᠭᠤᠯᠬᠤ ᠰᠠᠨᠠᠭᠤᠯᠭ᠎ᠠ᠂ ᠬᠤᠯᠪᠣᠭᠳᠠᠯ ᠪᠦᠬᠦᠢ ᠴᠢᠬᠤᠯᠠ ᠬᠠᠤᠯᠢ ᠴᠠᠭᠠᠵᠠ ᠶᠢ ᠲᠣᠭᠲᠠᠭᠠᠬᠤ ᠪᠠ ᠲᠡᠭᠦᠨ ᠳᠤ | ᠵᠠᠰᠠᠪᠤᠷᠢ ᠣᠷᠣᠭᠤᠯᠬᠤ ᠰᠠᠨᠠᠭᠤᠯᠭ᠎ᠠ᠂ ᠣᠷᠣᠨ ᠨᠤᠲᠤᠭ ᠤᠨ ᠴᠢᠨᠠᠷᠲᠠᠢ ᠬᠤᠯᠪᠣᠭᠳᠠᠯ ᠪᠦᠬᠦᠢ ᠴᠢᠬᠤᠯᠠ ᠬᠠᠤᠯᠢ | ᠲᠣᠭᠲᠠᠭᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠰᠠᠨᠠᠭᠤᠯᠭ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠭᠦᠬᠦ | ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ ᠪᠠᠷ ᠵᠢᠱᠢᠭᠳᠡᠭᠰᠡᠳ ᠲᠤ ᠰᠠᠨᠠᠭᠤᠯᠭ᠎ᠠ ᠭᠠᠷᠭᠠᠬᠤ︔ | ᠨᠢᠭᠡᠳᠦᠮᠡᠯ ᠹᠷᠣᠨᠲ ᠪᠠ ᠣᠯᠠᠨ ᠨᠠᠮ ᠬᠠᠮᠲᠤᠷᠠᠨ ᠠᠵᠢᠯᠯᠠᠬᠤ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ | ᠤᠳ ᠲᠤ ᠲᠤᠷᠠᠳᠤᠯᠭ᠎ᠠ ᠭᠠᠷᠭᠠᠬᠤ ᠪᠤᠯᠤᠨ᠎ᠠ᠃ | ᠨᠠᠮ ᠤᠨ ᠲᠥᠪ ᠬᠤᠷᠢᠶ᠎ᠠ ᠵᠢᠴᠢ ᠣᠷᠣᠨ ᠨᠤᠲᠤᠭ ᠤᠨ ᠨᠠᠮ ᠤᠨ ᠬᠤᠷᠢᠶᠠᠨ ᠠᠴᠠ ᠲᠣᠭᠲᠠᠭᠠᠭᠰᠠᠨ | ᠲᠣᠭᠲᠠᠭᠠᠯ ᠵᠢᠷᠤᠮ ᠤᠨ ᠶᠣᠰᠣᠭᠠᠷ ᠲᠦᠷᠦ ᠶᠢᠨ ᠨᠠᠮ ᠲᠠᠢ ᠵᠥᠪᠯᠡᠯᠭᠡ ᠬᠢᠨ᠎ᠡ᠃ | ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ | ᠵᠥᠪᠯᠡᠯᠭᠡᠨ ᠤ ᠵᠥᠪᠯᠡᠯᠭᠡ ᠵᠢᠴᠢ ᠪᠤᠰᠤᠳ ᠲᠠᠯ᠎ᠠ ᠶᠢᠨ ᠵᠥᠪᠯᠡᠯᠭᠡ ᠳᠤ ᠣᠷᠣᠯᠴᠠᠬᠤ ᠶᠢ ᠲᠡᠮᠵᠢᠨ᠎ᠡ᠃ | ᠠᠷᠪᠠᠨ ᠳᠥᠷᠪᠡᠳᠦᠭᠡᠷ ᠵᠦᠢᠯ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ | ᠲᠦᠷᠦ ᠶᠢᠨ ᠶᠠᠪᠤᠳᠠᠯ ᠳᠤ ᠣᠷᠣᠯᠴᠠᠬᠤ ᠶᠢ ᠳᠡᠮᠵᠢᠬᠦ ᠭᠤᠤᠯ ᠠᠭᠤᠯᠭ᠎ᠠ ᠪᠣᠯ᠄ ᠲᠦᠷᠦ ᠶᠢᠨ ᠵᠠᠰᠠᠭ ᠤᠨ ᠡᠷᠭᠡ ᠳᠤ | ᠣᠷᠣᠯᠴᠠᠵᠤ᠂ ᠴᠢᠬᠤᠯᠠ ᠴᠢᠭᠯᠡᠯᠲᠡ ᠲᠦᠷᠦ ᠶᠢᠨ ᠪᠤᠳᠤᠯᠭ᠎ᠠ᠂ ᠴᠢᠬᠤᠯᠠ ᠤᠳᠤᠷᠢᠳᠬᠤ ᠬᠥᠮᠦᠰ ᠤᠨ ᠵᠢᠱᠢᠭᠳᠡᠭᠴᠢ | ᠶᠢ ᠵᠦᠪᠯᠡᠭᠦ ᠪᠠ ᠲᠦᠷᠦ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠨ᠂ ᠤᠯᠤᠰ ᠤᠨ ᠴᠢᠭᠯᠡᠯᠲᠡ | ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠪᠠ ᠬᠡᠷᠡᠭᠵᠢᠭᠦᠯᠬᠦ ᠳᠤ | ᠣᠷᠣᠯᠴᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠬᠤ ᠨᠥᠬᠦᠳ ᠤᠨ ᠤᠯᠤᠰ ᠤᠨ | ᠳᠣᠲᠣᠭᠠᠳᠤ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠪᠠ ᠴᠢᠬᠤᠯᠠ ᠭᠠᠳᠠᠭᠠᠳᠤ ᠶᠠᠪᠤᠳᠠᠯ ᠤᠨ | ᠠᠵᠢᠯᠯᠠᠭ᠎ᠠ ᠶᠢᠨ ᠨᠢᠭᠡᠳᠦᠯᠲᠡᠢ ᠲᠤᠬᠢᠷᠠᠭᠤᠯᠤᠯᠳᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠷᠠᠳᠴᠢᠯᠠᠭᠰᠠᠨ | ᠨᠠᠮ ᠪᠦᠯᠦᠭ ᠤᠨ ᠲᠥᠪ ᠬᠤᠷᠢᠶᠠᠨ ᠤ ᠬᠠᠷᠢᠭᠤᠴᠠᠯᠭᠠᠲᠠᠨ᠂ ᠨᠠᠮ ᠪᠦᠯᠦᠭ ᠤᠨ ᠪᠤᠰᠤ ᠬᠥᠮᠦᠰ ᠢ ᠤᠷᠢᠨ | ᠣᠷᠣᠯᠴᠠᠭᠤᠯᠵᠤ ᠪᠣᠯᠤᠨ᠎ᠠ᠃ | ᠠᠷᠪᠠᠨ ᠲᠠᠪᠤᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠡᠯ᠎ᠡ ᠠᠷᠠᠳᠴᠢᠯᠠᠭᠰᠠᠨ ᠨᠠᠮ | ᠪᠦᠯᠦᠭ ᠨᠢ ᠬᠤᠭᠤᠷᠤᠨᠳᠦ ᠪᠠᠨ ᠬᠠᠷᠢᠯᠴᠠᠨ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ | ᠡᠪ ᠬᠠᠮᠲᠤ ᠨᠠᠮ ᠨᠢ ᠤᠳᠤᠷᠢᠳᠬᠤ ᠪᠠ ᠲᠦᠷᠦ ᠪᠠᠷᠢᠬᠤ ᠪᠠᠶᠢᠷᠢᠨ ᠳᠤ ᠪᠠᠶᠢᠵᠤ᠂ ᠤᠬᠠᠮᠰᠠᠷ ᠠᠴᠠ ᠪᠠᠨ | ᠠᠷᠠᠳᠴᠢᠯᠠᠭᠰᠠᠨ ᠨᠠᠮ ᠪᠦᠯᠦᠭ ᠤᠨ ᠬᠢᠨᠠᠯᠲᠠ ᠶᠢ ᠬᠦᠯᠢᠶᠡᠨ᠎ᠡ᠃ | ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠳᠦᠷᠪᠡᠨ ᠦᠨᠳᠦᠰᠦᠨ | ᠵᠠᠷᠴᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠤᠯᠤᠰ ᠲᠦᠷᠦ ᠶᠢᠨ ᠵᠥᠪᠯᠡᠯᠭᠡ ᠬᠢᠬᠦ᠂ ᠪᠠᠶᠢᠴᠠᠭᠠᠨ ᠰᠤᠳᠤᠯᠵᠤ | ᠰᠢᠨᠵᠢᠯᠡᠨ ᠪᠠᠶᠢᠴᠠᠭᠠᠬᠤ᠂ ᠨᠠᠮ ᠪᠠ ᠤᠯᠤᠰ ᠤᠨ ᠬᠤᠯᠪᠣᠭᠳᠠᠯ ᠪᠦᠬᠦᠢ ᠴᠢᠬᠤᠯᠠ ᠶᠡᠭᠡ ᠴᠢᠭᠯᠡᠯᠲᠡ ᠲᠦᠷᠦ ᠶᠢᠨ | ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠢᠴᠡᠳᠭᠡᠭᠰᠡᠨ ᠪᠠ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠣᠷᠣᠯᠴᠠᠬᠤ᠂ ᠨᠠᠮ ᠤᠨ ᠬᠤᠷᠢᠶᠠᠨ ᠤ ᠨᠠᠶᠢᠳᠠᠯᠭ᠎ᠠ ᠪᠠᠷ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠳᠤ ᠲᠤᠰᠬᠠᠢ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠ | ᠰᠠᠨᠠᠯ᠂ ᠰᠢᠭᠦᠮᠵᠢᠯᠡᠯ᠂ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠳᠤᠮᠳᠠᠳᠤ ᠤᠯᠤᠰ ᠤᠨ | ᠡᠪ ᠬᠠᠮᠲᠤ ᠨᠠᠮ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠳᠡᠮᠵᠢᠨ᠎ᠡ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠨᠢ ᠠᠷᠠᠳᠴᠢᠯᠠᠭᠰᠠᠨ ᠨᠠᠮ | ᠪᠦᠯᠦᠭ ᠤᠨ ᠬᠢᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠴᠣᠬᠴᠠᠯᠠᠯᠲᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ᠂ ᠣᠪᠣᠷ | ᠰᠤᠷᠲᠠᠯ ᠤᠨ ᠪᠠᠶᠢᠭᠤᠯᠤᠯᠳᠠ᠂ ᠳᠦᠷᠢᠮ ᠲᠤᠭᠳᠠᠭᠠᠯ ᠤᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠨᠠᠮ | ᠪᠦᠯᠦᠭ ᠤᠨ ᠪᠤᠰᠤ ᠬᠥᠮᠦᠰ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠶᠢ ᠳᠡᠮᠵᠢᠬᠦ ᠬᠡᠷᠡᠭᠲᠡᠢ | ᠃ | ᠠᠷᠠᠳᠴᠢᠯᠠᠭᠰᠠᠨ ᠨᠠᠮ ᠪᠦᠯᠦᠭ ᠢ ᠬᠠᠪᠰᠤᠷᠴᠤ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ᠂ ᠠᠵᠢᠯᠯᠠᠬᠤ | ᠭᠠᠵᠠᠷ᠂ ᠺᠠᠳ᠋ᠷ ᠰᠣᠯᠢᠯᠴᠠᠬᠤ ᠪᠠ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ ᠲᠠᠯ᠎ᠠ ᠶᠢᠨ | ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠨᠠᠮ ᠪᠦᠯᠦᠭ ᠤᠨ ᠪᠤᠰᠤ ᠬᠥᠮᠦᠰ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠬᠤᠯᠠ ᠪᠦᠬᠦᠢ ᠪᠠᠲᠤᠯᠠᠭ᠎ᠠ ᠬᠠᠩᠭᠠᠨ᠎ᠠ᠃ | ᠳᠥᠷᠪᠡᠳᠦᠭᠡᠷ ᠪᠦᠯᠦᠭ ᠨᠠᠮ ᠤᠨ ᠭᠠᠳᠠᠨᠠᠬᠢ ᠰᠡᠬᠡᠭᠡᠲᠡᠨ ᠤ ᠠᠵᠢᠯ | ᠠᠷᠪᠠᠨ ᠳᠣᠯᠣᠳᠤᠭᠠᠷ ᠵᠦᠢᠯ ᠲᠦᠷᠦ ᠶᠢᠨ ᠪᠠᠶᠢᠭᠤᠯᠭ᠎ᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠤᠨ ᠭᠤᠣᠯᠳᠠᠯᠭ᠎ᠠ ᠲᠠᠢ ᠡᠲᠡᠭᠡᠳ ᠪᠣᠯ᠄ | ᠵᠤᠬᠢᠬᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠨᠠᠮ ᠤᠨ ᠭᠠᠳᠠᠨᠠᠬᠢ ᠰᠡᠬᠡᠭᠡᠲᠡᠨ᠂ ᠡᠷᠳᠡᠮ ᠰᠢᠨᠵᠢᠯᠡᠭᠡᠨ ᠤ | ᠲᠠᠭᠠᠭᠤᠯᠤᠬᠴᠢ ᠪᠤᠶᠤ ᠲᠤᠬᠠᠶᠢᠯᠠᠭᠰᠠᠨ ᠠᠵᠢᠯ ᠤᠨ ᠴᠢᠬᠤᠯᠠ ᠭᠤᠣᠯᠯᠠᠭᠴᠢ ᠬᠦᠴᠦᠨ ᠤ ᠳᠣᠲᠣᠷᠠᠬᠢ ᠨᠠᠮ ᠤᠨ | ᠭᠠᠳᠠᠨᠠᠬᠢ ᠰᠡᠬᠡᠭᠡᠲᠡᠨ᠂ ᠲᠦᠷᠦ ᠶᠢᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ᠂ ᠤᠯᠤᠰ ᠤᠨ ᠦᠮᠴᠢᠯᠡᠯᠲᠦ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ | ᠳᠤᠮᠳᠠ ᠲᠡᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠲᠠᠢ ᠨᠠᠮ ᠤᠨ ᠭᠠᠳᠠᠨᠠᠬᠢ ᠰᠡᠬᠡᠭᠡᠲᠡᠨ᠂ ᠠᠮᠵᠢᠯᠲᠠ ᠲᠠᠢ᠂ | ᠨᠥᠯᠥᠭᠡ ᠲᠠᠢ ᠨᠠᠮ ᠤᠨ ᠭᠠᠳᠠᠨᠠᠬᠢ ᠪᠤᠰᠤᠳ ᠰᠡᠬᠡᠭᠡᠲᠡᠨ ᠪᠣᠯᠣᠨ᠎ᠠ᠃ | ᠲᠦᠷᠦ ᠶᠢᠨ ᠪᠠᠶᠢᠭᠤᠯᠭ᠎ᠠ ᠪᠠ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠲᠤᠰ ᠬᠦᠷᠢᠶ᠎ᠡ ᠴᠠᠷᠠᠭ᠎ᠠ ᠲᠤᠰ | ᠨᠢᠭᠡᠴᠢ ᠶᠢᠨ ᠢᠶᠠᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠢ ᠬᠠᠷᠢᠭᠤᠴᠠᠵᠤ᠂ ᠦᠵᠡᠯ ᠰᠠᠨᠠᠭᠠᠨ ᠤ | ᠵᠢᠯᠤᠭᠤᠳᠤᠯᠭ᠎ᠠ ᠪᠠᠨ ᠴᠢᠩᠭᠠᠳᠬᠠᠨ᠂ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠨᠠᠮ ᠤᠨ ᠭᠠᠳᠠᠨᠠᠬᠢ | ᠰᠡᠬᠡᠬᠡᠳᠡᠳ ᠢ ᠵᠣᠬᠢᠶᠠᠨ ᠪᠠᠶᠢᠭᠤᠯᠵᠤ ᠨᠢᠭᠡᠳᠦᠮᠡᠯ ᠹᠷᠣᠨᠲ ᠤᠨ ᠠᠵᠢᠯ ᠪᠠ ᠠᠵᠢᠯᠯᠠᠭ᠎ᠠ ᠳᠤ ᠣᠷᠣᠯᠴᠠᠭᠤᠯᠤᠨ᠎ᠠ᠃ | ᠠᠷᠪᠠᠨ ᠨᠠᠢᠮᠠᠳᠤᠭᠠᠷ ᠵᠦᠢᠯ ᠥᠷᠭᠡᠨ ᠢᠶᠠᠷ ᠪᠦᠯᠬᠦᠮᠳᠡᠬᠦ᠂ ᠬᠠᠯᠠᠭᠤᠮᠰᠤᠭ ᠢᠶᠠᠷ ᠦᠢᠯᠡᠴᠢᠯᠡᠬᠦ᠂ ᠢᠳᠡᠪᠬᠢᠲᠡᠶ | ᠬᠥᠲᠥᠯᠥᠨ ᠵᠢᠯᠣᠭᠤᠳᠬᠤ᠂ ᠦᠢᠯᠡᠳᠦᠯ ᠢᠶᠠᠨ ᠪᠠᠳᠠᠷᠠᠭᠤᠯᠬᠤ ᠴᠢᠭᠯᠡᠯᠲᠡ ᠶᠢ ᠪᠠᠷᠢᠮᠲᠠᠯᠠᠵᠤ᠂ ᠭᠠᠳᠠᠭᠠᠳᠤ ᠳᠤ | ᠭᠠᠷᠤᠬᠰᠠᠨ ᠪᠠ ᠭᠠᠳᠠᠭᠠᠳᠤ ᠳᠤ ᠰᠤᠷᠤᠯᠴᠠᠭᠠᠳ ᠤᠯᠤᠰ ᠲᠤ ᠪᠠᠨ ᠪᠤᠴᠠᠵᠤ ᠢᠷᠡᠭᠰᠡᠳ ᠤᠨ ᠨᠢᠭᠡᠳᠦᠮᠡᠯ | ᠹᠷᠣᠨᠲ ᠤᠨ ᠠᠵᠢᠯ ᠢ ᠰᠠᠶᠢᠲᠤᠷ ᠬᠢᠨ᠎ᠡ᠃ | ᠧᠦ᠋ᠷᠣᠫᠠ ᠠᠮᠧᠷᠢᠺᠠ ᠶᠢᠨ ᠬᠠᠮᠲᠤ ᠰᠤᠷᠤᠯᠭᠠᠲᠠᠨ ᠤ ᠡᠪᠯᠡᠯ ︵ᠳᠤᠮᠳᠠᠳᠤ ᠤᠯᠤᠰ ᠤᠨ ᠭᠠᠳᠠᠭᠠᠳᠤ ᠳᠤ | ᠰᠤᠷᠤᠯᠴᠠᠭᠰᠠᠳ ᠤᠨ ᠨᠥᠬᠦᠷᠯᠡᠯ ᠤᠨ ᠬᠤᠷᠠᠯ︶ ᠪᠣᠯ ᠨᠠᠮ ᠤᠨ ᠭᠠᠳᠠᠭᠠᠳᠤ ᠳᠤ ᠰᠤᠷᠤᠯᠴᠠᠭᠰᠠᠳ ᠲᠠᠢ ᠬᠠᠷᠢᠯᠴᠠᠬᠤ | ᠬᠥᠭᠦᠷᠭᠡ ᠬᠤᠯᠪᠣᠭᠠᠰᠤ᠂ ᠭᠠᠳᠠᠭᠠᠳᠤ ᠳᠤ ᠰᠤᠷᠤᠯᠴᠠᠭᠰᠠᠳ ᠤᠨ ᠠᠵᠢᠯ ᠢ ᠰᠠᠶᠢᠲᠤᠷ ᠬᠢᠳᠡᠭ ᠬᠠᠪᠰᠤᠷᠤᠭᠴᠢ ᠪᠠ | ᠭᠠᠳᠠᠭᠠᠳᠤ ᠳᠤ ᠰᠤᠷᠤᠯᠴᠠᠭᠰᠠᠳ ᠤᠨ ᠬᠡᠷ ᠪᠦᠯᠢ ᠮᠥᠨ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶᠂ ᠳᠡᠳ᠋ ᠮᠤᠵᠢ ᠶᠢᠨ ᠳᠡᠰ ᠤᠨ ᠬᠤᠳᠠ ᠪᠠ ᠮᠤᠵᠢ ᠶᠢᠨ ᠲᠥᠪ ᠬᠤᠳᠠ ᠳᠤ | ᠭᠠᠳᠠᠭᠠᠳᠤ ᠳᠤ ᠰᠤᠷᠤᠯᠴᠠᠭᠰᠠᠳ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠬᠡᠷᠡᠭᠲᠡᠢ᠃ ᠭᠠᠳᠠᠭᠠᠳᠤ ᠳᠤ | ᠰᠤᠷᠤᠯᠴᠠᠭᠰᠠᠳ ᠨᠡᠯᠢᠶᠡᠳ ᠲᠥᠪᠯᠡᠷᠡᠭᠰᠡᠨ ᠪᠤᠰᠤᠳ ᠬᠤᠳᠠ ᠪᠠ ᠶᠡᠭᠡ ᠳᠡᠭᠡᠲᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠢ ᠨᠦᠭᠦᠳ ᠨᠢ ᠭᠠᠳᠠᠭᠠᠳᠤ ᠳᠤ ᠰᠤᠷᠤᠯᠴᠠᠭᠰᠠᠳ ᠤᠨ | ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠣᠯᠤᠨ᠎ᠠ᠃ | ᠠᠷᠪᠠ ᠶᠢᠰᠦᠳᠦᠭᠡᠷ ᠵᠦᠢᠯ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ | ᠳᠡᠳ᠋ ᠮᠤᠵᠢ ᠶᠢᠨ ᠳᠡᠰ ᠤᠨ ᠬᠤᠲᠠ ᠪᠠ ᠮᠤᠵᠢ ᠶᠢᠨ ᠲᠥᠪ ᠬᠤᠲᠠ ᠳᠤ ᠨᠠᠮ ᠤᠨ ᠭᠠᠳᠠᠨᠠᠬᠢ ᠰᠡᠬᠡᠭᠡᠲᠡᠨ ᠤ | ᠨᠥᠬᠦᠷᠯᠡᠯ ᠤᠨ ᠬᠤᠷᠠᠯ ᠢ ᠪᠠᠶᠢᠭᠤᠯᠵᠤ ᠪᠣᠯᠬᠤ ᠪᠦᠭᠡᠳ ᠨᠠᠮ ᠤᠨ ᠭᠠᠳᠠᠨᠠᠬᠢ ᠰᠡᠬᠡᠭᠡᠲᠡᠨ ᠤ ᠦᠵᠡᠯ ᠰᠠᠨᠠᠭ᠎ᠠ ᠤᠯᠤᠰ | ᠲᠦᠷᠦ ᠶᠢᠨ ᠲᠠᠯ᠎ᠠ ᠪᠠᠷ ᠬᠦᠲᠦᠯᠦᠨ ᠳᠠᠭᠠᠭᠤᠯᠬᠤ ᠠᠵᠢᠯ ᠢ ᠰᠠᠶᠢᠲᠤᠷ ᠬᠢᠨ᠎ᠡ᠃ | ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠨᠠᠮ ᠤᠨ ᠭᠠᠳᠠᠨᠠᠬᠢ ᠰᠡᠬᠡᠭᠡᠲᠡᠨ ᠤ ᠨᠥᠬᠦᠷᠯᠡᠯ ᠤᠨ | ᠬᠤᠷᠠᠯ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ | ᠲᠠᠪᠤᠳᠤᠭᠠᠷ ᠪᠦᠯᠦᠭ ᠦᠨᠳᠦᠰᠦᠲᠡᠨ ᠤ ᠠᠵᠢᠯ | ᠬᠤᠷᠢᠳᠤᠭᠠᠷ ᠵᠦᠢᠯ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠴᠥᠮ ᠡᠷᠬᠡ | ᠲᠡᠭᠰᠢ ᠪᠠᠶᠢᠬᠤ ᠶᠢ ᠪᠠᠷᠢᠮᠲᠠᠯᠠᠨ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠪᠡᠶᠡᠯᠡᠭᠦᠯᠦᠨ᠎ᠡ᠃ | ᠬᠤᠷᠢᠨ ᠨᠢᠭᠡᠳᠦᠭᠡᠷ ᠵᠦᠢᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢᠨ ᠲᠤᠭᠤᠷᠢᠨ ᠳᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ | ᠰᠢᠨ᠎ᠡ ᠶᠢ ᠡᠭᠦᠳᠦᠨ ᠠᠭᠤᠰᠤᠯᠴᠠᠭᠤᠯᠬᠤ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠯ᠎ᠡ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠢᠶᠠᠨ ᠰᠤᠷᠴᠦ ᠬᠡᠷᠡᠭᠯᠡᠬᠦ ᠶᠢ ᠬᠦᠨᠳᠦᠳᠬᠡᠨ ᠳᠡᠮᠵᠢᠨ᠎ᠡ᠃ ᠦᠨᠳᠦᠰᠦᠲᠡᠨ ᠤ ᠭᠠᠵᠠᠷ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠢ ᠶᠡᠭᠡ ᠪᠠᠷ ᠬᠥᠮᠦᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ | ᠶᠡᠭᠡ ᠪᠠᠷ ᠰᠣᠩᠭᠤᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠢᠳᠡᠪᠬᠢᠲᠡᠢ ᠬᠥᠮᠦᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠮᠠᠷᠺᠰ ᠤᠨ ᠦᠵᠡᠯ ᠤᠨ ᠤᠯᠤᠰ ᠤᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠲᠡᠤᠬᠡ ᠶᠢᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ | ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ | ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠦ ᠶᠢᠨ ᠲᠠᠨᠢᠯᠳᠠ ᠶᠢ ᠨᠡᠮᠡᠭᠳᠡᠭᠦᠯᠦᠨ᠎ᠡ᠃ | ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠯ ᠲᠠᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠠᠯᠢᠪᠠ ᠬᠡᠯᠪᠡᠷᠢ ᠶᠢᠨ ᠦᠨᠳᠦᠰᠦᠲᠡᠨ ᠤ | ᠭᠠᠳᠠᠭᠤᠷᠴᠢᠯᠠᠯ ᠢ ᠡᠰᠡᠷᠭᠦᠴᠡᠵᠦ᠂ ᠬᠢᠲᠠᠳ ᠤᠨ ᠳᠡᠭᠡᠷᠡᠩᠭᠦᠢ ᠦᠵᠡᠯ ᠪᠠ ᠣᠷᠣᠨ ᠨᠤᠲᠤᠭ ᠤᠨ ᠦᠨᠳᠦᠰᠦᠲᠡᠨ ᠤ | ᠦᠵᠡᠯ ᠢ ᠡᠰᠡᠷᠭᠦᠴᠡᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠴᠥᠭᠡᠨ | ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠢ | ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ | ᠲᠣᠬᠢᠲᠠᠢ ᠰᠢᠢᠳᠪᠦᠷᠢᠯᠡᠨ᠎ᠡ᠃ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ | ᠡᠯ᠎ᠡ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ | ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠶᠢ | ᠰᠡᠷᠭᠡᠶᠢᠯᠡᠨ ᠴᠣᠬᠢᠯᠲᠠ ᠥᠭᠴᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠵᠢᠷᠭᠤᠳᠤᠭᠠᠷ ᠪᠦᠯᠦᠭ ᠱᠠᠰᠢᠨ ᠰᠤᠷᠲᠠᠬᠤᠨ ᠤ ᠠᠵᠢᠯ | ᠬᠤᠷᠢᠨ ᠭᠤᠷᠪᠠᠳᠤᠭᠠᠷ ᠵᠦᠢᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ | ᠰᠤᠷᠲᠠᠬᠤᠨ ᠤ ᠤᠨᠤᠯ ᠢ ᠪᠠᠷᠢᠮᠲᠠᠯᠠᠨ ᠬᠥᠭᠵᠢᠭᠦᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠨ᠂ ︽ᠵᠢᠯᠣᠭᠤᠳᠬᠤ︾ ᠣᠪᠣᠷ ᠢᠶᠠᠷ ᠱᠠᠰᠢᠨ ᠰᠤᠷᠲᠠᠬᠤᠨ ᠳᠤ ᠬᠠᠨᠳᠤᠬᠤ ᠶᠢ | ᠪᠠᠷᠢᠮᠲᠠᠯᠠᠵᠤ᠂ ᠬᠠᠤᠯᠢ ᠶᠣᠰᠣᠨ ᠤ ᠬᠢ ᠶᠢ ᠬᠠᠮᠠᠭᠠᠯᠠᠨ᠂ ᠬᠠᠤᠯᠢ ᠪᠤᠰᠤ ᠶᠢ ᠨᠢ ᠬᠤᠷᠢᠭᠯᠠᠨ ᠵᠣᠭᠰᠣᠭᠠᠵᠤ᠂ | ᠬᠡᠲᠦᠷᠡᠮᠡᠬᠡᠢ ᠶᠢ ᠬᠤᠷᠢᠭᠯᠠᠨ ᠲᠠᠷᠤᠵᠤ᠂ ᠨᠡᠪᠴᠢᠯᠲᠡ ᠬᠢᠬᠦ ᠶᠢ ᠡᠰᠡᠷᠭᠦᠴᠡᠨ ᠬᠤᠷᠢᠭᠯᠠᠵᠤ᠂ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ᠂ ᠱᠠᠰᠢᠨ ᠰᠤᠷᠲᠠᠬᠤᠨ ᠤ ᠢᠳᠡᠪᠬᠢᠲᠡᠢ ᠪᠥᠭᠡᠳ ᠡᠷᠡᠭᠦᠯ ᠬᠠᠷᠢᠴᠠᠭ᠎ᠠ ᠶᠢ ᠪᠠᠶᠢᠭᠤᠯᠤᠨ᠎ᠠ᠃ | ᠬᠤᠷᠢᠨ ᠳᠥᠷᠪᠡᠳᠦᠭᠡᠷ ᠵᠦᠢᠯ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ | ᠪᠠᠷᠢᠮᠲᠠᠯᠠᠨ᠎ᠠ᠄ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ | ᠪᠡᠶ᠎ᠡ ᠪᠠᠨ ᠳᠠᠭᠠᠭᠠᠨ ᠡᠵᠡᠨ ᠮᠡᠳᠡᠵᠦ ᠥᠪᠡᠰᠦᠪᠡᠨ ᠡᠷᠬᠢᠯᠡᠬᠦ ᠵᠠᠷᠴᠢᠮ ᠢ ᠪᠠᠷᠢᠮᠲᠠᠯᠠᠨ᠂ ᠱᠠᠰᠢᠨ ᠰᠤᠷᠲᠠᠬᠤᠨ ᠢ | ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠤᠬᠢᠴᠠᠭᠤᠯᠤᠨ᠎ᠠ᠃ | ᠠᠷᠠᠳ ᠢᠷᠭᠡᠨ ᠤ ᠱᠠᠰᠢᠨ ᠰᠢᠲᠦᠬᠦ ᠪᠠ ᠱᠠᠰᠢᠨ ᠦᠯᠦ ᠰᠢᠲᠦᠬᠦ ᠡᠷᠬᠡ ᠴᠢᠯᠥᠭᠡ ᠶᠢ ᠬᠦᠨᠳᠦᠳᠬᠡᠨ | ᠬᠠᠮᠠᠭᠠᠯᠠᠨ᠎ᠠ᠃ ᠲᠥᠷᠥ ᠱᠠᠰᠢᠨ ᠢ ᠰᠠᠯᠭᠠᠬᠤ ᠶᠢ ᠪᠠᠷᠢᠮᠲᠠᠯᠠᠨ᠎ᠠ᠃ | ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ | ᠴᠠᠭᠠᠵᠠ ᠬᠠᠤᠯᠢ ᠲᠣᠭᠲᠠᠭᠠᠯ ᠢᠶᠠᠷ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ | ᠱᠠᠰᠢᠨ ᠰᠤᠷᠲᠠᠬᠤᠨ ᠳᠤ ᠬᠤᠯᠪᠣᠭᠳᠠᠬᠤ ᠡᠯ᠎ᠡ ᠵᠦᠢᠯ ᠤᠨ ᠨᠡᠶᠢᠭᠡᠮ ᠤᠨ ᠬᠠᠷᠢᠴᠠᠭ᠎ᠠ ᠶᠢ ᠵᠣᠬᠢᠴᠠᠭᠤᠯᠬᠤ ᠳᠤ ᠪᠠᠨ | ᠴᠢᠳᠠᠮᠠᠭᠠᠢ ᠪᠠᠶᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠨ᠂ | ᠱᠠᠰᠢᠨ ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠱᠠᠰᠢᠨ | ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠢ ᠬᠦᠮᠦᠵᠢᠭᠦᠯᠬᠦ ᠪᠠᠷ ᠬᠦᠳᠦᠯᠦᠨ | ᠵᠢᠯᠣᠭᠤᠳᠴᠤ ᠪᠠᠶᠢᠭᠠᠳ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ | ᠬᠠᠮᠠᠭᠠᠯᠠᠭᠤᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠭᠰᠠᠨ ᠬᠡᠪᠴᠢᠶᠡᠨ ᠳᠤ ᠠᠵᠢᠯᠯᠠᠭ᠎ᠠ ᠶᠢ ᠨᠢ | ᠥᠷᠨᠢᠭᠦᠯᠦᠨ᠎ᠡ᠃ | ᠮᠠᠨ ᠤ ᠤᠯᠤᠰ ᠤᠨ ᠱᠠᠰᠢᠨ ᠰᠤᠷᠲᠠᠬᠤᠨ ᠤ ᠪᠦᠯᠬᠦᠮ ᠪᠠ ᠱᠠᠰᠢᠨ ᠰᠤᠷᠲᠠᠬᠤᠨ ᠤ ᠬᠡᠷᠡᠭ ᠶᠠᠪᠤᠳᠠᠯ ᠳᠤ | ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠵᠠᠬᠢᠷᠬᠤ ᠶᠢ ᠰᠡᠷᠭᠡᠶᠢᠯᠡᠨ᠎ᠡ᠃ ᠬᠢᠯᠢ ᠶᠢᠨ ᠭᠠᠳᠠᠨᠠᠬᠢ ᠶᠢᠨ ᠬᠢᠨ ᠤ | ᠱᠠᠰᠢᠨ ᠰᠤᠷᠲᠠᠬᠤᠨ ᠢ ᠠᠰᠢᠭᠯᠠᠨ ᠨᠡᠪᠴᠢᠯᠲᠡ ᠬᠢᠬᠦ ᠶᠢ ᠰᠡᠷᠭᠡᠶᠢᠯᠡᠨ ᠬᠤᠷᠢᠭᠯᠠᠨ᠎ᠠ᠃ ᠱᠠᠰᠢᠨ ᠰᠤᠷᠲᠠᠬᠤᠨ ᠤ | ᠡᠲᠡᠭᠡᠳ ᠤᠨ ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠡᠷᠬᠡ ᠲᠡᠭᠰᠢ ᠨᠥᠬᠦᠷᠰᠡᠭ ᠪᠠᠶᠢᠬᠤ᠂ ᠬᠠᠷᠢᠯᠴᠠᠨ | ᠬᠦᠨᠳᠦᠳᠬᠡᠬᠦ ᠰᠠᠭᠤᠷᠢᠨ ᠳᠡᠭᠡᠷ᠎ᠡ ᠭᠠᠳᠠᠭᠠᠳᠤ ᠬᠠᠷᠢᠯᠴᠠᠭ᠎ᠠ ᠥᠷᠨᠢᠭᠦᠯᠬᠦ ᠶᠢ ᠲᠡᠮᠵᠢᠨ ᠵᠣᠷᠢᠭᠵᠢᠭᠤᠯᠤᠨ᠎ᠠ᠃ | ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠪᠠᠷ ᠱᠠᠰᠢᠨ ᠰᠤᠷᠲᠠᠬᠤᠨ ᠤ ᠡᠲᠡᠭᠡᠳ ᠤᠨ | ᠬᠥᠮᠦᠰ ᠬᠢᠭᠡᠳ ᠱᠠᠰᠢᠨ ᠰᠢᠲᠦᠳᠡᠭ ᠤᠯᠠᠨ ᠲᠦᠮᠡᠨ ᠢ ᠬᠥᠳᠤᠯᠤᠨ ᠳᠠᠭᠠᠭᠤᠯᠬᠤ ᠪᠠ ᠬᠥᠮᠦᠵᠢᠭᠦᠯᠵᠦ᠂ ᠱᠠᠰᠢᠨ | ᠰᠤᠷᠲᠠᠬᠤᠨ ᠤ ᠡᠲᠡᠭᠡᠳ ᠤᠨ ᠬᠥᠮᠦᠰ ᠤᠨ ᠱᠠᠰᠢᠨ ᠤ ᠨᠣᠮᠯᠠᠯ ᠪᠠ ᠱᠠᠰᠢᠨ ᠤ ᠲᠦᠷᠢᠮ ᠳᠤ ᠤᠳᠤ ᠦᠶ᠎ᠡ ᠶᠢᠨ | ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠳᠤᠮᠳᠠᠳᠤ ᠶᠢᠨ ᠰᠢᠯᠢᠳᠡᠭ | ᠰᠣᠶᠣᠯ ᠳᠤ ᠨᠡᠶᠢᠴᠡᠭᠰᠡᠨ ᠲᠠᠶᠢᠯᠪᠤᠷᠢᠯᠠᠯᠲᠠ ᠬᠢᠬᠦ ᠶᠢ ᠲᠡᠮᠵᠢᠬᠦ ᠪᠠ ᠬᠥᠳᠤᠯᠤᠨ ᠵᠢᠯᠣᠭᠤᠳᠴᠤ᠂ ᠱᠠᠰᠢᠨ | ᠰᠤᠷᠲᠠᠬᠤᠨ ᠤ ᠡᠲᠡᠭᠡᠳ ᠤᠨ ᠬᠥᠮᠦᠰ ᠬᠢᠭᠡᠳ ᠱᠠᠰᠢᠨ ᠰᠢᠲᠦᠳᠡᠭ ᠤᠯᠠᠨ ᠲᠦᠮᠡᠨ ᠤ ᠠᠭᠤᠤ ᠶᠡᠭᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ ᠳᠠᠨᠢᠯᠳᠠ ᠶᠢ ᠠᠬᠢᠭᠤᠯᠤᠨ᠎ᠠ᠃ ᠱᠠᠰᠢᠨ | ᠰᠤᠷᠲᠠᠬᠤᠨ ᠤ ᠢᠳᠡᠪᠬᠢ ᠦᠢᠯᠡᠳᠦᠯ ᠢ ᠪᠠᠳᠠᠷᠠᠭᠤᠯᠵᠤ᠂ ᠱᠠᠰᠢᠨ ᠰᠤᠷᠲᠠᠬᠤᠨ ᠤ ᠨᠠᠵᠠᠭᠠᠢ ᠦᠢᠯᠡᠳᠦᠯ ᠢ | ᠬᠤᠷᠢᠭᠯᠠᠨ᠎ᠠ᠃ | ᠬᠤᠷᠢᠨ ᠲᠠᠪᠤᠳᠤᠭᠠᠷ ᠵᠦᠢᠯ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠲᠤᠷᠠᠯᠴᠠᠬᠤ᠂ ᠢᠲᠡᠭᠡᠯ | ᠪᠢᠰᠢᠷᠡᠯ ᠤᠨ ᠲᠠᠯ᠎ᠠ ᠪᠠᠷ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠱᠠᠰᠢᠨ ᠰᠤᠷᠲᠠᠬᠤᠨ ᠤ ᠪᠦᠯᠬᠦᠮ ᠤᠨ ᠲᠤᠰ | ᠪᠡᠶ᠎ᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠬᠤ ᠶᠢ ᠳᠡᠮᠵᠢᠵᠦ᠂ ᠨᠠᠮ ᠪᠣᠯᠤᠨ | ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ | ᠬᠥᠭᠵᠢᠭᠦᠯᠦᠨ᠎ᠡ᠃ | ᠡᠪ ᠬᠠᠮᠲᠤ ᠨᠠᠮ ᠤᠨ ᠭᠡᠰᠢᠭᠦᠳ ᠱᠠᠰᠢᠨ ᠰᠢᠲᠦᠳᠡᠭ ᠤᠯᠠᠨ ᠲᠦᠮᠡᠨ ᠲᠠᠢ ᠪᠦᠯᠬᠦᠮᠳᠡᠬᠦ ᠬᠡᠷᠡᠭᠲᠡᠢ᠂ ᠭᠡᠪᠡᠴᠦ | ᠱᠠᠰᠢᠨ ᠰᠢᠲᠦᠵᠦ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠴᠢᠩᠭᠠᠳᠬᠠᠵᠤ᠂ | ᠰᠢᠶᠠᠨ ︵ᠬᠤᠳᠠ᠂ ᠲᠣᠭᠤᠷᠢᠭ᠂ ᠬᠤᠰᠢᠭᠤ︶᠂ ᠰᠢᠶᠠᠩ ︵ᠪᠠᠯᠭᠠᠰᠤ᠂ ᠵᠡᠭᠡᠯᠢ ᠭᠤᠳᠤᠮᠵᠢ︶᠂ ᠲᠣᠰᠬᠤᠨ ︵ | ᠨᠡᠶᠢᠭᠡᠮ ᠲᠣᠭᠤᠷᠢᠭ︶ ᠭᠤᠷᠪᠠᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠣᠷ ᠪᠠ ᠰᠢᠶᠠᠩ ︵ᠪᠠᠯᠭᠠᠰᠤ᠂ | ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ ᠢ | ᠪᠠᠶᠢᠭᠤᠯᠤᠨ ᠪᠦᠷᠢᠨᠰᠢᠭᠦᠯᠵᠦ᠂ ᠱᠠᠳᠤ ᠬᠤᠪᠢᠶᠠᠨ ᠬᠠᠷᠢᠭᠤᠴᠠᠬᠤ᠂ ᠬᠠᠷᠢᠶᠠᠯᠠᠭᠳᠠᠬᠤ ᠭᠠᠵᠠᠷ ᠲᠤ ᠨᠢ | ᠬᠠᠮᠢᠶᠠᠷᠤᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠱᠠᠰᠢᠨ | ᠰᠤᠷᠲᠠᠬᠤᠨ ᠤ ᠠᠵᠢᠯ ᠤᠨ ᠡᠭᠦᠷᠭᠡ ᠬᠦᠨᠳᠦ ᠪᠠᠶᠢᠭ᠎ᠠ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠤᠨ ᠨᠠᠮ ᠤᠨ | ᠬᠤᠷᠢᠶ᠎ᠠ ᠳᠤ ᠱᠠᠰᠢᠨ ᠰᠤᠷᠲᠠᠬᠤᠨ ᠤ ᠠᠵᠢᠯ ᠢ ᠬᠤᠪᠢᠳᠠᠨ ᠬᠠᠮᠢᠶᠠᠷᠬᠤ ᠤᠳᠤᠷᠢᠳᠬᠤ ᠺᠠᠳ᠋ᠷ ᠪᠠᠶᠢᠬᠤ ᠬᠡᠷᠡᠭᠲᠡᠢ | ᠪᠥᠭᠡᠳ ᠲᠤᠰᠬᠠᠢ ᠬᠥᠮᠦᠨ ᠢ ᠲᠣᠭᠲᠠᠭᠠᠵᠤ ᠬᠠᠷᠢᠭᠤᠴᠠᠭᠤᠯᠬᠤ ᠬᠡᠷᠡᠭᠲᠡᠢ᠃ | ᠳᠣᠯᠣᠳᠤᠭᠠᠷ ᠪᠦᠯᠦᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠷᠢᠶᠡᠨ ᠳᠠᠬᠢ | ᠨᠢᠭᠡᠳᠦᠮᠡᠯ ᠹᠷᠣᠨᠲ ᠤᠨ ᠠᠵᠢᠯ | ᠬᠤᠷᠢᠨ ᠳᠣᠯᠣᠳᠤᠭᠠᠷ ᠵᠦᠢᠯ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠭᠵᠢᠭᠦᠯᠬᠦ ᠲᠤᠬᠠᠢ | ᠨᠠᠮ ᠤᠨ ᠴᠢᠭᠯᠡᠯᠲᠡ ᠲᠦᠷᠦ ᠶᠢᠨ ᠪᠤᠳᠦᠯᠭ᠎ᠠ ᠶᠢ ᠲᠣᠭᠲᠠᠭᠠᠵᠤ ᠤᠬᠠᠭᠤᠯᠤᠨ ᠲᠤᠭᠤᠰᠢᠯᠠᠭᠤᠯᠤᠨ᠎ᠠ᠃ ᠵᠠᠰᠠᠭ ᠤᠨ | ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠲᠦᠷᠦ ᠶᠢᠨ ᠪᠤᠳᠤᠯᠭ᠎ᠠ ᠂ | ᠬᠠᠤᠯᠢ ᠪᠠᠷ ᠵᠠᠰᠠᠬᠤ᠂ ᠵᠠᠬ᠎ᠠ ᠳᠡᠯᠭᠡᠭᠦᠷ᠂ ᠨᠡᠶᠢᠭᠡᠮ ᠤᠨ ᠣᠷᠴᠢᠨ ᠢ ᠪᠤᠢ ᠪᠣᠯᠭᠠᠨ᠎ᠠ᠃ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠣᠶᠢᠯᠠᠭᠠᠬᠳᠠᠬᠤᠨ ᠢ | ᠦᠢᠯᠡᠳᠦᠯᠭᠡᠵᠢᠭᠦᠯᠦᠨ᠎ᠡ᠃ | ᠬᠤᠷᠢᠨ ᠨᠠᠢᠮᠠᠳᠤᠭᠠᠷ ᠵᠦᠢᠯ ᠢᠲᠡᠭᠡᠬᠦ᠂ ᠪᠦᠯᠬᠦᠮᠳᠡᠬᠦ᠂ ᠦᠢᠯᠡᠴᠢᠯᠡᠬᠦ᠂ ᠬᠥᠲᠥᠯᠥᠨ ᠵᠢᠯᠣᠭᠤᠳᠬᠤ᠂ | ᠬᠥᠮᠦᠵᠢᠭᠦᠯᠬᠦ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠢᠲᠡᠭᠡᠯ ᠬᠦᠰᠡᠯᠡᠩ ᠤᠨ ᠬᠥᠮᠦᠵᠢᠯ ᠢ | ᠭᠦᠨᠵᠡᠭᠡᠶ ᠥᠷᠨᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠤᠯᠤᠰ ᠢᠶᠠᠨ | ᠬᠠᠶᠢᠷᠠᠯᠠᠬᠤ᠂ ᠦᠢᠯᠡᠰ ᠢᠶᠠᠨ ᠳᠡᠭᠡᠳᠦᠯᠡᠬᠦ᠂ ᠰᠢᠨ᠎ᠡ ᠶᠢ ᠡᠭᠦᠳᠬᠦ᠂ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠶ | ᠪᠠᠶᠢᠬᠤ᠂ ᠬᠤᠪᠢ ᠨᠡᠮᠡᠷᠢ ᠦᠵᠡᠭᠦᠯᠬᠦ ᠶᠢ ᠬᠥᠲᠥᠯᠥᠨ ᠵᠢᠯᠣᠭᠤᠳᠴᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠭᠠᠨ᠎ᠠ᠃ | ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠨ ᠵᠥᠪᠳᠡᠯᠴᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠬᠦᠰᠡᠯ ᠱᠠᠭᠠᠷᠳᠠᠯᠭ᠎ᠠ ᠶᠢ ᠤᠶᠢᠯᠠᠭᠠᠨ | ᠲᠤᠰᠬᠠᠵᠤ᠂ ᠲᠡᠳᠡᠨ ᠢ ᠬᠠᠪᠰᠤᠷᠤᠨ ᠬᠠᠤᠯᠢ ᠪᠠᠷ ᠲᠣᠭᠲᠠᠭᠠᠭᠰᠠᠨ ᠡᠮᠬᠢ ᠵᠢᠷᠤᠮ ᠤᠨ ᠶᠣᠰᠣᠭᠠᠷ ᠬᠠᠤᠯᠢ ᠶᠣᠰᠣᠨ ᠤ | ᠡᠷᠬᠡ ᠠᠰᠢᠭ ᠢ ᠨᠢ ᠬᠠᠮᠠᠭᠠᠯᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠤᠯᠤᠰ | ᠲᠥᠷᠥ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠢ ᠨᠢ ᠰᠢᠯᠤᠭᠤᠳᠬᠠᠵᠤ᠂ ᠤᠯᠤᠰ ᠲᠥᠷᠥ ᠳᠤ | ᠣᠷᠣᠯᠴᠠᠬᠤ ᠦᠢᠯᠡ ᠠᠵᠢᠯᠯᠠᠭ᠎ᠠ ᠶᠢ ᠨᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ | ᠳᠤᠮᠳᠠᠳᠤ ᠤᠯᠤᠰ ᠤᠨ ᠣᠨᠴᠠᠯᠢᠭ ᠲᠠᠢ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ | ᠪᠤᠶᠢᠵᠢᠭᠤᠯᠤᠨ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠠᠷᠠᠯᠵᠢᠶᠠᠴᠢᠳ ᠤᠨ ᠡᠪᠯᠡᠯ ᠤᠨ ᠵᠣᠬᠢᠶᠠᠨ | ᠪᠠᠶᠢᠭᠤᠯᠤᠯᠲᠠ ᠲᠡᠶᠢᠰᠢ ᠪᠦᠲᠦᠮᠵᠢᠲᠡᠢ ᠪᠠᠷ ᠲᠦᠭᠡᠮᠡᠯᠵᠢᠭᠦᠯᠬᠦ ᠶᠢ ᠠᠬᠢᠭᠤᠯᠤᠨ᠎ᠠ᠃ | ᠬᠤᠷᠢ ᠶᠢᠰᠦᠳᠦᠭᠡᠷ ᠵᠦᠢᠯ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯ ᠨᠠᠮ ᠤᠨ ᠤᠳᠤᠷᠢᠳᠤᠭᠰᠠᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠮᠦᠰ ᠢᠶᠠᠷ | ᠭᠤᠣᠯ ᠴᠣᠭᠴᠠ ᠪᠣᠯᠭᠠᠭᠰᠠᠨ᠂ ᠨᠢᠭᠡᠳᠦᠮᠡᠯ ᠹᠷᠣᠨᠲ ᠤᠨ ᠴᠢᠨᠠᠷ᠂ ᠠᠵᠤ ᠠᠬᠤᠶᠢᠯᠠᠯ ᠤᠨ ᠴᠢᠨᠠᠷ ᠪᠣᠯᠤᠨ ᠠᠷᠠᠳᠴᠢ | ᠴᠢᠨᠠᠷ ᠢ ᠣᠷᠭᠠᠨᠢᠭ ᠢᠶᠠᠷ ᠨᠢᠭᠡᠳᠬᠡᠭᠰᠡᠨ ᠦᠨᠳᠦᠰᠦᠨ ᠣᠨᠴᠠᠯᠢᠭ ᠲᠠᠢ ᠠᠷᠠᠳ ᠤᠨ ᠪᠦᠯᠬᠦᠮ ᠪᠠ | ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠤᠯᠬᠤ ᠶᠤᠮ᠃ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠭᠤᠣᠯ | ᠰᠡᠳᠦᠪ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠤᠨ᠎ᠠ᠃ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠯᠤᠰ ᠲᠦᠷᠦ ᠶᠢᠨ ᠵᠥᠪᠯᠡᠯᠭᠡ ᠬᠢᠬᠦ᠂ ᠲᠥᠷᠦ ᠶᠢᠨ | ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ | ᠣᠷᠣᠯᠴᠠᠬᠤ ᠪᠣᠳᠠᠲᠠᠢ ᠠᠭᠤᠯᠭ᠎ᠠ ᠪᠠ ᠬᠡᠯᠪᠡᠷᠢ ᠶᠢ ᠲᠤᠰ ᠲᠦᠷᠢᠮ ᠤᠨ ᠭᠤᠷᠪᠠᠳᠤᠭᠠᠷ ᠪᠦᠯᠦᠭ ᠤᠨ ᠬᠤᠯᠪᠣᠭᠳᠠᠯ | ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ ᠬᠠᠷᠢᠶᠠᠯᠠᠭᠳᠠᠬᠤ ᠬᠤᠳᠠᠯᠳᠤᠭᠠᠴᠢᠳ ᠤᠨ ᠡᠪᠯᠡᠯ ᠤᠨ | ᠲᠤᠬᠠᠶᠢᠯᠠᠭᠰᠠᠨ ᠠᠵᠢᠯ ᠢ ᠭᠤᠤᠯᠯᠠᠨ ᠬᠠᠮᠢᠶᠠᠷᠬᠤ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ | ᠡᠪᠯᠡᠯ ᠤᠨ ᠭᠡᠰᠢᠭᠦᠳ ᠲᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠬᠥᠮᠦᠵᠢᠯ ᠪᠣᠯᠪᠠᠰᠤᠷᠠᠯ ᠢ | ᠥᠷᠨᠢᠭᠦᠯᠦᠨ᠂ ᠬᠠᠷᠢᠶᠠᠯᠠᠭᠳᠠᠬᠤ ᠬᠤᠳᠠᠯᠳᠤᠭᠠᠴᠢᠳ ᠤᠨ ᠡᠪᠯᠡᠯ ᠤᠨ ᠭᠤᠣᠯ ᠬᠠᠷᠢᠭᠤᠴᠠᠯᠭᠠᠲᠠᠨ ᠢ ᠰᠢᠯᠭᠠᠨ | ᠪᠠᠶᠢᠴᠠᠭᠠᠵᠤ ᠬᠢᠨᠠᠨ ᠰᠢᠯᠭᠠᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠢᠶᠠᠷ ᠭᠤᠣᠯ ᠴᠣᠭᠴᠠ | ᠪᠣᠯᠭᠠᠭᠰᠠᠨ ᠪᠤᠰᠤᠳ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠬᠠᠷᠢᠯᠴᠠᠭ᠎ᠠ᠂ | ᠵᠢᠯᠤᠭᠤᠳᠤᠯᠭ᠎ᠠ ᠪᠠ ᠤᠶᠢᠯᠡᠴᠢᠯᠡᠭᠡ ᠪᠠᠨ ᠴᠢᠩᠭᠠᠳᠬᠠᠨ᠎ᠠ᠃ | ᠭᠤᠴᠢᠳᠤᠭᠠᠷ ᠵᠦᠢᠯ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ | ᠠᠳᠠᠯᠢ ᠱᠠᠲᠤᠨ ᠤ ᠨᠠᠮ ᠤᠨ ᠬᠤᠷᠢᠶᠠᠨ ᠤ ᠲᠤᠬᠢᠷᠠᠭᠤᠯᠤᠯᠳᠠ ᠶᠣᠰᠣᠭᠠᠷ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠨ᠎ᠠ᠃ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠬᠠᠷᠢᠶᠠᠨ ᠳᠠᠬᠢ ᠭᠡᠰᠢᠭᠦᠨ ᠠᠵᠤ ᠠᠬᠤᠶᠢᠯᠠᠯ ᠤᠨ | ᠨᠠᠮ ᠤᠨ ᠢᠶᠠᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠳᠡᠮᠵᠢᠬᠦ ᠪᠠ | ᠬᠠᠮᠵᠢᠯᠴᠠᠬᠤ ᠬᠡᠷᠡᠭᠲᠡᠢ᠃ | ᠦᠢᠯᠡᠳᠪᠦᠷᠢ ᠬᠤᠳᠠᠯᠳᠤᠭᠠᠴᠢᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠨᠢ | ᠬᠠᠷᠢᠶᠠᠨ ᠳᠠᠬᠢ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠨ᠎ᠡ᠃ | ᠨᠠᠢᠮᠠᠳᠤᠭᠠᠷ ᠪᠦᠯᠦᠭ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ | ᠭᠤᠴᠢᠨ ᠨᠢᠭᠡᠳᠦᠭᠡᠷ ᠵᠦᠢᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠲᠤ ᠭᠤᠣᠯᠳᠠᠭᠤ᠄ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ | ᠠᠵᠤ ᠠᠬᠤᠶᠢᠯᠠᠯ ᠤᠨ ᠬᠠᠮᠢᠶᠠᠷᠤᠯᠲᠠ ᠶᠢᠨ ᠮᠡᠷᠭᠡᠵᠢᠯ ᠤᠨ ᠠᠵᠢᠯᠳᠠᠨ᠂ ᠵᠠᠭᠤᠴᠢᠯᠠᠬᠤ ᠵᠣᠬᠢᠶᠠᠨ ᠪᠠᠶᠢᠭᠤᠯᠤᠯᠲᠠ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠴᠢᠳ᠂ ᠴᠢᠯᠥᠭᠡᠲᠦ ᠠᠵᠢᠯ ᠮᠡᠷᠭᠡᠵᠢᠯ ᠡᠷᠬᠢᠯᠡᠭᠰᠡᠳ᠂ ᠰᠢᠨ᠎ᠡ | ᠵᠠᠭᠤᠴᠢᠯᠠᠭᠤᠷ ᠤᠨ ᠠᠵᠢᠯᠯᠠᠭᠴᠢᠳ ᠵᠡᠷᠭᠡ ᠪᠠᠭᠲᠠᠨ᠎ᠠ᠃ | ᠭᠤᠴᠢᠨ ᠬᠤᠶᠠᠳᠤᠭᠠᠷ ᠵᠦᠢᠯ ᠢᠳᠡᠭᠡᠨ ᠬᠦᠨᠳᠦᠳᠬᠡᠬᠦ᠂ ᠪᠦᠯᠬᠦᠮᠳᠡᠭᠦᠯᠵᠦ ᠬᠦᠲᠦᠯᠦᠨ ᠵᠢᠯᠣᠭᠤᠳᠬᠤ᠂ | ᠵᠣᠬᠢᠶᠠᠨ ᠪᠠᠶᠢᠭᠤᠯᠬᠤ᠂ ᠦᠢᠯᠡᠳᠦᠯ ᠢᠶᠠᠨ ᠪᠠᠳᠠᠷᠠᠭᠤᠯᠬᠤ ᠰᠡᠳᠭᠢᠮᠵᠢ ᠶᠢ ᠪᠠᠷᠢᠮᠲᠠᠯᠠᠵᠤ᠂ ᠨᠡᠶᠢᠭᠡᠮᠴᠢᠯᠡᠭᠰᠡᠨ᠂ | ᠰᠦᠯᠵᠢᠶᠡᠵᠢᠭᠰᠡᠨ ᠠᠷᠭ᠎ᠠ ᠶᠢ ᠬᠡᠷᠡᠭᠯᠡᠨ᠂ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ᠂ | ᠨᠥᠬᠦᠷᠯᠡᠯ ᠤᠨ ᠵᠣᠬᠢᠶᠠᠨ ᠪᠠᠶᠢᠭᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠲᠦᠷᠦᠯ ᠬᠤᠪᠢᠶᠠᠨ᠂ ᠤᠯᠠᠨ ᠠᠴᠠ | ᠢᠯᠭᠠᠭᠳᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠦᠲᠦᠯᠦᠨ ᠳᠠᠭᠠᠭᠤᠯᠬᠤ ᠶᠢ | ᠴᠢᠩᠭᠠᠳᠬᠠᠨ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠪᠦᠲᠦᠭᠡᠨ ᠪᠠᠶᠢᠭᠤᠯᠬᠤ ᠳᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ | ᠬᠥᠮᠦᠰ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ᠭᠤᠴᠢᠨ ᠭᠤᠷᠪᠠᠳᠤᠭᠠᠷ ᠵᠦᠢᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠯᠦᠭᠡ ᠨᠢᠭᠲᠠ | ᠬᠠᠷᠢᠯᠴᠠᠭ᠎ᠠ ᠲᠠᠢ ᠨᠠᠮ ᠵᠠᠰᠠᠭ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠬᠦᠮ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠨᠢ᠂ ᠡᠷᠬᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠦᠨ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ | ᠨᠢᠭᠡᠳᠦᠮᠡᠯ ᠹᠷᠣᠨᠲ ᠤᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠪᠠᠶᠢᠭ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ | ᠬᠦᠷᠢᠶᠡᠯᠡᠩ ᠬᠤᠷᠤᠭᠠᠯᠠᠯ᠂ ᠠᠵᠤ ᠠᠬᠤᠶᠢᠯᠠᠯ ᠵᠡᠷᠭᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ | ᠨᠢᠭᠡᠳᠦᠮᠡᠯ ᠹᠷᠣᠨᠲ ᠤᠨ ᠠᠵᠢᠯ ᠢ ᠴᠢᠬᠤᠯᠠ ᠠᠵᠢᠯ ᠤᠨ ᠲᠤᠰᠢᠶᠠᠯ ᠬᠠᠷᠢᠭᠤᠴᠠᠯᠭ᠎ᠠ ᠳᠤ ᠣᠷᠣᠭᠤᠯᠵᠤ᠂ ᠲᠤᠪᠤᠶᠢᠮ᠎ᠠ | ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ | ᠶᠢᠰᠦᠳᠦᠭᠡᠷ ᠪᠦᠯᠦᠭ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ | ᠭᠤᠴᠢᠨ ᠳᠥᠷᠪᠡᠳᠦᠭᠡᠷ ᠵᠦᠢᠯ ᠰᠢᠶᠠᠩᠭᠠᠩ ᠣᠣᠮᠧᠨ ᠤ ᠨᠢᠭᠡᠳᠦᠮᠡᠯ ᠹᠷᠣᠨᠲ ᠤᠨ ᠠᠵᠢᠯ ᠤᠨ ᠭᠤᠣᠯ | ᠡᠭᠦᠷᠭᠡ ᠪᠣᠯ᠄ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠂ ︽ ᠰᠢᠶᠠᠩᠭᠠᠡᠭᠴᠤᠳ | ᠰᠢᠶᠠᠩᠭᠠᠡᠭ ᠢ ᠵᠠᠰᠠᠬᠤ︾᠂ ︽ᠤᠤᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠲᠦᠷᠢᠮ ᠤᠨ ᠲᠣᠬᠲᠠᠯᠴᠠᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠨ | ᠬᠠᠤᠯᠢ ᠪᠠ ᠭᠤᠤᠯ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠵᠠᠰᠠᠭ ᠵᠠᠬᠢᠷᠭᠠᠨ ᠤ ᠣᠨᠴᠠᠭᠠᠢ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠪᠠ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠨ᠎ᠡ᠂ | ᠰᠢᠶᠠᠩᠭᠠᠩ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠠᠭᠤᠰᠤᠯᠴᠠᠬᠤ ᠶᠢ ᠲᠡᠮᠵᠢᠵᠦ᠂ | ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠵᠤ ᠣᠣᠮᠧᠨ ᠢᠶᠠᠨ ᠬᠠᠶᠢᠷᠠᠯᠠᠬᠤ | ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ ᠤᠨ ᠠᠬ᠎ᠠ ᠳᠡᠭᠦᠦ ᠨᠡᠷ ᠪᠠ ᠣᠣᠮᠧᠨ ᠤ ᠠᠬ᠎ᠠ ᠳᠡᠭᠦᠦ | ᠨᠡᠷ ᠤᠨ ᠤᠯᠤᠰ ᠣᠷᠣᠨ ᠤ ᠤᠬᠠᠮᠰᠠᠷ ᠪᠠ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠴᠢᠩᠭᠠᠷᠠᠭᠤᠯᠤᠨ᠎ᠠ᠂ | ᠤᠯᠤᠰ ᠤᠨ ᠡᠷᠬᠡ ᠮᠡᠳᠡᠯ ᠤᠨ ᠠᠮᠤᠷ ᠲᠦᠪᠰᠢᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ᠂ | ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨ | ᠬᠦ ᠪᠠᠲᠤᠯᠠᠬᠤ ᠶᠠᠪᠤᠳᠠᠯ ᠪᠤᠯᠤᠨ᠎ᠠ᠃ | ᠭᠤᠴᠢᠨ ᠲᠠᠪᠤᠳᠤᠭᠠᠷ ᠵᠦᠢᠯ ᠲᠠᠶᠢᠸᠠᠨ ᠤ ᠲᠤᠬᠠᠢ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ | ᠪᠣᠯ᠄ ᠲᠠᠶᠢᠸᠠᠨ ᠤ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠲᠠᠶᠢᠸᠠᠨ ᠤ ᠠᠬ᠎ᠠ ᠳᠡᠭᠦᠦ ᠨᠡᠷ ᠲᠠᠢ ᠥᠷᠭᠡᠨ ᠢᠶᠠᠷ ᠪᠦᠯᠬᠦᠮᠳᠡᠵᠦ᠂ ᠲᠠᠶᠢᠸᠠᠨ ᠤ | ᠤᠯᠤᠰ ᠢᠶᠠᠨ ᠬᠠᠶᠢᠷᠠᠯᠠᠬᠤ ᠨᠢᠭᠡᠳᠦᠭᠰᠡᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠂ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠰᠡᠷᠭᠦᠴᠡᠨ᠂ ᠡᠭᠡ ᠤᠯᠤᠰ ᠢᠶᠠᠨ ᠨᠠᠶᠢᠷᠠᠮᠳᠠᠯ ᠢᠶᠠᠷ | ᠨᠢᠭᠡᠳᠬᠡᠬᠦ ᠠᠬᠢᠴᠠ ᠶᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠰᠡᠳᠬᠢᠯ ᠨᠢᠭᠡᠲᠡᠢ ᠪᠡᠶᠡᠯᠡᠭᠦᠯᠬᠦ ᠶᠠᠪᠤᠳᠠᠯ ᠪᠣᠯᠤᠨ᠎ᠠ᠃ | ᠭᠤᠴᠢᠨ ᠵᠢᠷᠭᠤᠳᠤᠭᠠᠷ ᠵᠦᠢᠯ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠢ | ᠳᠡᠮᠵᠢᠵᠦ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠪᠠ ᠨᠡᠶᠢᠭᠡᠮ ᠤᠨ ᠪᠦᠯᠬᠦᠮ ᠢ ᠵᠢᠯᠣᠭᠤᠳᠴᠤ᠂ ᠰᠢᠶᠠᠩᠭᠠᠩ | ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ ᠤᠨ ᠲᠤᠮᠳᠠᠬᠢ ᠦᠢᠯᠡᠳᠦᠯ ᠢ ᠨᠢ ᠪᠠᠳᠠᠷᠠᠭᠤᠯᠤᠨ᠎ᠠ᠃ | ᠠᠷᠪᠠᠳᠤᠭᠠᠷ ᠪᠦᠯᠦᠭ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠪᠠ ᠬᠠᠷᠢᠶᠠᠲᠤ ᠨᠠᠷ ᠤᠨ ᠲᠤᠬᠠᠢ | ᠠᠵᠢᠯ | ᠭᠤᠴᠢᠨ ᠳᠣᠯᠣᠳᠤᠭᠠᠷ ᠵᠦᠢᠯ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ ᠪᠣᠯ᠄ | ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠬᠠᠷᠢᠶᠠᠲᠤ ᠪᠠ | ᠭᠠᠳᠠᠭᠠᠳᠤ ᠳᠤ ᠭᠠᠷᠴᠤ ᠰᠤᠷᠤᠯᠴᠠᠭᠰᠠᠳ ᠵᠡᠷᠭᠡ ᠶᠢᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ | ᠤᠶᠢᠯᠠᠭᠠᠯᠳᠠ ᠲᠠᠨᠢᠯᠳᠠ ᠶᠢ ᠨᠡᠮᠡᠭᠳᠡᠭᠦᠯᠦᠨ᠎ᠡ︔ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ | ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ︔ ᠮᠠᠨ ᠤ ᠤᠯᠤᠰ ᠤᠨ ᠥᠭᠡᠷᠡᠴᠢᠯᠡᠯᠲᠡ | ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠳᠤᠮᠳᠠᠳᠤ ᠶᠢᠨ ᠬᠠᠷᠢᠶᠠᠲᠤ | ᠨᠠᠷ ᠤᠨ ᠣᠷᠣᠯᠴᠠᠬᠤ ᠶᠢ ᠵᠣᠷᠢᠭᠵᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠠᠢ | ᠠᠭᠤᠰᠤᠯᠴᠠᠭᠤᠯᠤᠨ᠎ᠠ︔ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠵᠡᠷᠭᠡ ᠬᠠᠭᠠᠴᠠᠭᠤᠯᠬᠤ ᠬᠦᠴᠦᠨ ᠢ | ᠬᠤᠷᠢᠭᠯᠠᠨ ᠲᠠᠷᠤᠵᠤ᠂ ᠤᠯᠤᠰ ᠣᠷᠣᠨ ᠤ ᠭᠤᠣᠯᠯᠠᠬᠤ ᠠᠰᠢᠭ ᠲᠤᠰᠠ ᠶᠢ ᠬᠠᠮᠠᠭᠠᠯᠠᠨ᠎ᠠ︔ ᠳᠤᠮᠳᠠᠳᠤ | ᠭᠠᠳᠠᠭᠠᠳᠤ ᠶᠢᠨ ᠨᠥᠬᠦᠷᠯᠡᠯ ᠢ ᠠᠬᠢᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠤᠯᠠᠨ | ᠤᠯᠤᠰ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠭᠤᠴᠢᠨ ᠨᠠᠢᠮᠠᠳᠤᠭᠠᠷ ᠵᠦᠢᠯ ᠬᠠᠷᠢᠶᠠᠲᠤ ᠨᠠᠷ ᠤᠨ ᠲᠤᠬᠠᠢ ᠠᠵᠢᠯ ᠤᠨ ᠭᠤᠣᠯ ᠡᠭᠦᠷᠭᠡ ᠪᠣᠯ᠄ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠵᠦ ᠬᠠᠮᠲᠤ ᠪᠠᠷ ᠡᠳ᠋ᠯᠡᠬᠦ | ᠭᠤᠣᠯ ᠰᠡᠳᠦᠪ ᠤᠨ ᠲᠤᠭᠤᠷᠢᠨ ᠳᠤ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ ᠪᠤᠴᠠᠵᠤ ᠢᠷᠡᠭᠰᠡᠨ | ᠬᠠᠷᠢᠶᠠᠲᠤ ᠨᠠᠷ᠂ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢ ᠬᠥᠮᠦᠰ ᠤᠨ ᠠᠵᠢᠯ ᠢ ᠴᠢᠩᠭᠠᠳᠬᠠᠵᠤ᠂ | ᠬᠠᠷᠢᠶᠠᠲᠤ ᠨᠠᠷ ᠤᠨ ᠰᠡᠳᠬᠢᠯ ᠢ ᠨᠢᠭᠲᠠᠷᠠᠭᠤᠯᠤᠨ᠂ ᠬᠠᠷᠢᠶᠠᠲᠤ ᠨᠠᠷ ᠤᠨ ᠤᠶᠤᠨ ᠤᠬᠠᠭᠠᠨ ᠢ ᠲᠥᠪᠯᠡᠷᠡᠭᠦᠯᠵᠦ᠂ | ᠬᠠᠷᠢᠶᠠᠲᠤ ᠨᠠᠷ ᠤᠨ ᠬᠦᠴᠦᠨ ᠴᠢᠳᠠᠯ ᠢ ᠪᠠᠳᠠᠷᠠᠭᠤᠯᠤᠨ᠂ ᠬᠠᠷᠢᠶᠠᠲᠤ ᠨᠠᠷ ᠤᠨ ᠠᠰᠢᠭ ᠲᠤᠰᠠ ᠶᠢ ᠬᠠᠮᠠᠭᠠᠯᠠᠵᠤ᠂ | ᠬᠠᠷᠢᠶᠠᠲᠤ ᠨᠠᠷ ᠲᠤ ᠦᠢᠯᠡᠴᠢᠯᠡᠨ᠎ᠡ︔ ᠤᠯᠤᠰ ᠤᠨ ᠳᠣᠲᠣᠭᠠᠳᠤ ᠶᠢᠨ ᠬᠠᠷᠢᠶᠠᠲᠤ ᠨᠠᠷ ᠪᠠ ᠭᠠᠳᠠᠭᠠᠳᠤ ᠳᠤ | ᠰᠠᠭᠤᠭ᠎ᠠ ᠬᠠᠷᠢᠶᠠᠲᠤ ᠨᠠᠷ ᠤᠨ ᠲᠤᠬᠠᠢ ᠠᠵᠢᠯ ᠢ ᠨᠢᠭᠡᠳᠦᠯᠲᠡᠢ ᠲᠥᠯᠦᠪᠵᠢᠭᠦᠯᠵᠦ᠂ ᠬᠠᠷᠢᠶᠠᠲᠤ ᠨᠠᠷ ᠤᠨ | ᠶᠠᠪᠤᠳᠠᠯ ᠤᠨ ᠡᠬᠢ ᠪᠠᠶᠠᠯᠢᠭ ᠢ ᠬᠦᠴᠦᠯᠡᠨ ᠬᠠᠳᠠᠭᠠᠯᠠᠵᠤ᠂ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ | ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠢ ᠬᠦᠲᠦᠯᠦᠨ ᠵᠢᠯᠣᠭᠤᠳᠴᠤ | ᠪᠠᠶᠢᠭᠠᠳ ᠡᠬᠡ ᠤᠯᠤᠰ ᠤᠨ ᠣᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠴᠢᠷᠮᠠᠶᠢᠯᠭᠠᠵᠤ᠂ | ᠳᠤᠮᠳᠠᠳᠤ ᠤᠯᠤᠰ ᠤᠨ ᠨᠢᠭᠡᠳᠦᠯ ᠢ ᠬᠠᠮᠠᠭᠠᠯᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠦᠨ᠎ᠡ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠡᠯᠡᠬᠡᠢ ᠶᠢᠨ ᠠᠷᠠᠳ | ᠲᠦᠮᠡᠨ ᠤ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠎ᠠ ᠰᠣᠯᠢᠯᠴᠠᠭ᠎ᠠ ᠶᠢ ᠨᠡᠮᠡᠭᠳᠡᠭᠦᠯᠬᠦ ᠪᠠᠷ ᠴᠢᠷᠮᠠᠶᠢᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠤᠨ᠎ᠠ᠃ | ᠳᠤᠮᠳᠠᠳᠤ ᠶᠢᠨ ᠬᠠᠷᠢᠶᠠᠲᠤ ᠨᠠᠷ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠤᠮᠳᠠᠳᠤ ᠶᠢᠨ | ᠬᠠᠷᠢᠶᠠᠲᠤ ᠨᠠᠷ ᠤᠨ ᠣᠷᠣᠰᠢᠨ ᠬᠥᠭᠵᠢᠬᠦ ᠶᠢ ᠬᠠᠯᠠᠮᠵᠢᠯᠠᠵᠤ᠂ ᠳᠤᠮᠳᠠᠳᠤ ᠶᠢᠨ ᠬᠠᠷᠢᠶᠠᠲᠤ ᠨᠠᠷ ᠢᠶᠠᠷ ᠪᠦᠷᠢᠯᠳᠦᠭᠰᠡᠨ | ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠂ ᠳᠤᠮᠳᠠᠳᠤ ᠶᠢᠨ | ᠬᠠᠷᠢᠶᠠᠲᠤ ᠨᠠᠷ ᠢ ᠰᠠᠭᠤᠵᠤ ᠪᠠᠶᠢᠭ᠎ᠠ ᠤᠯᠤᠰ ᠤᠨ ᠢᠶᠠᠨ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠲᠤᠬᠠᠢ ᠶᠢᠨ | ᠭᠠᠵᠠᠷ ᠤᠨ ᠰᠣᠶᠣᠯ ᠵᠠᠩ ᠳᠠᠳᠬᠠᠯ ᠢ ᠬᠦᠨᠳᠦᠳᠬᠡᠨ᠂ ᠨᠡᠶᠢᠭᠡᠮ ᠤᠨ ᠭᠤᠣᠯ ᠳᠠᠪᠬᠤᠷᠭ᠎ᠠ ᠲᠠᠢ ᠨᠡᠩ ᠰᠠᠶᠢᠲᠤᠷ | ᠠᠭᠤᠰᠤᠯᠴᠠᠵᠦ᠂ ᠰᠠᠭᠤᠵᠤ ᠪᠠᠶᠢᠭ᠎ᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠵᠦ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ᠂ ᠬᠦᠳᠡᠯᠦᠯ ᠪᠠᠶᠢᠳᠠᠯ ᠨᠢ | ᠪᠣᠯᠪᠠᠰᠤᠨ᠂ ᠨᠡᠶᠢᠭᠡᠮ ᠢ ᠬᠠᠯᠠᠮᠵᠢᠯᠠᠨ ᠬᠠᠶᠢᠷᠠᠯᠠᠳᠠᠭ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠬᠤ ᠲᠤᠮᠤ | ᠤᠯᠤᠰ ᠤᠨ ᠬᠠᠷᠢᠶᠠᠲᠤ ᠠᠷᠠᠳ ᠤᠨ ᠲᠦᠷᠢ ᠲᠥᠷᠬᠦ ᠶᠢ ᠭᠦᠢᠴᠡᠳ ᠢᠯᠡᠷᠡᠭᠦᠯᠬᠦ ᠶᠢ ᠰᠤᠷᠭᠠᠨ ᠬᠥᠮᠦᠵᠢᠭᠦᠯᠵᠦ | ᠬᠦᠲᠦᠯᠦᠨ ᠵᠢᠯᠣᠭᠤᠳᠤᠨ᠎ᠠ᠃ | ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ᠂ ᠭᠠᠳᠠᠭᠠᠳᠤ ᠳᠤ ᠰᠠᠭᠤᠭ᠎ᠠ | ᠳᠤᠮᠳᠠᠳᠤ ᠶᠢᠨ ᠬᠠᠷᠢᠶᠠᠲᠤ ᠨᠠᠷ ᠤᠨ ᠲᠦᠷᠦᠯ ᠰᠡᠳᠦᠠ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ | ᠬᠠᠷᠢᠶᠠᠲᠤ ᠨᠠᠷ ᠤᠨ ᠲᠦᠷᠦᠯ ᠰᠡᠳᠦᠠ ᠤ ᠣᠨᠴᠠᠯᠢᠭ ᠢ ᠵᠣᠬᠢᠰᠲᠠᠢ ᠪᠠᠷ ᠬᠠᠷᠠᠭᠠᠯᠵᠠᠨ᠂ ᠲᠡᠳᠡᠠ ᠤ ᠭᠠᠳᠠᠭᠠᠳᠤ ᠲᠠᠢ | ᠥᠷᠭᠡᠨ ᠳᠡᠯᠭᠡᠷ ᠬᠠᠷᠢᠯᠴᠠᠬᠤ ᠳᠠᠪᠠᠭᠤᠯᠢᠭ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ | ᠠᠷᠪᠠᠨ ᠨᠢᠭᠡᠳᠦᠭᠡᠷ ᠪᠦᠯᠦᠭ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡᠨ ᠤ | ᠪᠠᠶᠢᠭᠤᠯᠤᠯᠲᠠ | ᠭᠤᠴᠢ ᠶᠢᠰᠦᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠭᠡᠳᠡᠭ ᠨᠢ ᠳᠤᠮᠳᠠᠳᠤ | ᠤᠯᠤᠰ ᠤᠨ ᠡᠪ ᠬᠠᠮᠲᠤ ᠨᠠᠮ ᠲᠠᠢ ᠪᠦᠯᠬᠦᠮᠳᠡᠨ ᠬᠠᠮᠲᠤᠷᠠᠯᠴᠠᠵᠤ᠂ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ᠂ | ᠵᠣᠬᠢᠬᠤ ᠨᠡᠶᠢᠭᠡᠮ ᠤᠨ ᠨᠥᠯᠥᠭᠡ ᠲᠠᠢ ᠬᠥᠮᠦᠰ ᠢ ᠵᠢᠭᠠᠵᠤ ᠪᠣᠢ᠂ ᠲᠡᠭᠦᠨ ᠤ ᠪᠠᠷᠢᠮᠵᠢᠶ᠎ᠠ ᠨᠢ ᠤᠯᠤᠰ ᠲᠦᠷᠦ ᠶᠢᠨ | ᠵᠣᠭᠰᠤᠴᠠ ᠪᠠᠷ ᠪᠠᠲᠤ ᠴᠢᠩᠭ᠎ᠠ᠂ ᠠᠮᠵᠢᠯᠲᠠ ᠪᠦᠲᠦᠮᠵᠢ ᠨᠢ ᠲᠤᠪᠤᠶᠢᠮ᠎ᠠ᠂ ᠤᠯᠠᠨ ᠲᠦᠮᠡᠨ ᠳᠤ ᠮᠡᠳᠡᠷᠡᠭᠳᠡᠭᠰᠡᠨ | ᠪᠠᠶᠢᠬᠤ ᠬᠡᠷᠡᠭᠲᠡᠢ᠃ | ᠳᠥᠴᠢᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠵᠦ ᠨᠥᠭᠡᠴᠡᠯᠡᠬᠦ ᠠᠵᠢᠯ ᠢ | ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠬᠥᠮᠦᠵᠢᠭᠦᠯᠬᠦ ᠪᠠ ᠰᠢᠯᠢᠨ ᠳᠡᠪᠰᠢᠭᠦᠯᠬᠦ ᠴᠢᠬᠤᠯᠠ ᠰᠠᠭᠤᠷᠢᠨ | ᠭᠠᠵᠠᠷ ᠤᠨ ᠦᠢᠯᠡᠳᠦᠯ ᠢ ᠪᠠᠳᠠᠷᠠᠭᠤᠯᠵᠤ᠂ ᠲᠦᠷᠦ ᠶᠢᠨ ᠪᠠᠶᠢᠭᠤᠯᠭ᠎ᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠦᠰ᠂ ᠭᠠᠳᠠᠭᠠᠳᠤ ᠳᠤ ᠭᠠᠷᠤᠭᠰᠠᠨ ᠪᠠ ᠤᠯᠤᠰ ᠲᠤ ᠪᠠᠨ ᠪᠤᠴᠠᠵᠤ ᠢᠷᠡᠭᠰᠡᠨ ᠬᠥᠮᠦᠰ ᠤᠨ | ᠳᠣᠲᠣᠷ᠎ᠠ ᠠᠴᠠ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠬᠦ ᠶᠢ ᠠᠩᠬᠠᠷᠤᠨ᠎ᠠ᠃ | ᠳᠥᠴᠢᠨ ᠨᠢᠭᠡᠳᠦᠭᠡᠷ ᠵᠦᠢᠯ ᠤᠯᠤᠰ ᠲᠦᠷᠦ ᠶᠢᠨ ᠪᠣᠯᠪᠠᠰᠤᠷᠠᠯ ᠬᠢᠬᠦ ᠪᠠᠷ ᠭᠤᠣᠯ ᠪᠣᠯᠭᠠᠬᠤ ᠶᠢ | ᠪᠠᠷᠢᠮᠲᠠᠯᠠᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠤ ᠤᠨᠤᠯ ᠤᠨ ᠪᠣᠯᠪᠠᠰᠤᠷᠠᠯ ᠬᠦᠷᠲᠡᠭᠡᠨ᠎ᠡ᠃ ᠨᠡᠶᠢᠭᠡᠮ | ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠴᠢᠳᠠᠪᠤᠷᠢᠲᠠᠨ ᠢ ᠰᠤᠷᠭᠠᠨ ᠬᠦᠮᠦᠵᠢᠭᠦᠯᠬᠦ ᠭᠤᠣᠯ | ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠶᠡᠭᠡ | ᠳᠡᠭᠡᠳᠦ ᠰᠤᠷᠭᠠᠭᠤᠯᠢ ᠵᠡᠷᠭᠡ ᠪᠣᠯᠪᠠᠰᠤᠷᠠᠭᠤᠯᠤᠯ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠎ᠠ᠃ | ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ | ᠨᠠᠮ ᠤᠨ ᠭᠠᠳᠠᠨᠠᠬᠢ ᠺᠠᠳ᠋ᠷ ᠢ ᠨᠠᠮ ᠵᠠᠰᠠᠭ ᠤᠨ ᠤᠳᠤᠷᠢᠳᠬᠤ ᠺᠠᠳ᠋ᠷ ᠢ ᠰᠣᠯᠢᠯᠴᠠᠬᠤ ᠶᠡᠷᠦᠩᠬᠡᠢ ᠲᠤᠬᠢᠷᠠᠭᠤᠯᠤᠯᠳᠠ ᠳᠤ | ᠣᠷᠣᠭᠤᠯᠤᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ | ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠦᠪᠯᠡᠯ ᠤᠨ ᠡᠷᠬᠢᠯᠡᠭᠴᠢ ᠭᠡᠰᠢᠭᠦᠨ᠂ ᠳᠡᠳ᠋ | ᠡᠷᠬᠢᠯᠡᠭᠴᠢ ᠭᠡᠰᠢᠭᠦᠨ ᠵᠢᠴᠢ ᠭᠡᠰᠢᠭᠦᠳ ᠤᠨ ᠲᠤᠳᠤᠷᠠᠬᠢ ᠨᠠᠮ ᠤᠨ ᠭᠠᠳᠠᠨᠠᠬᠢ ᠲᠥᠯᠥᠭᠡᠯᠡᠭᠴᠢ ᠬᠦᠮᠦᠰ ᠢ ᠵᠣᠬᠢᠬᠤ | ᠬᠠᠷᠢᠴᠠᠯ ᠲᠠᠢ ᠪᠠᠶᠢᠯᠭᠠᠬᠤ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠶᠢᠨ ᠳᠣᠲᠣᠷ᠎ᠠ ᠵᠣᠬᠢᠬᠤ ᠲᠣᠭᠠᠨ ᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠪᠠᠶᠢᠬᠤ | ᠬᠡᠷᠡᠭᠲᠡᠢ᠃ | ᠪᠦᠬᠦ ᠤᠯᠤᠰ ᠤᠨ ᠪᠠ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠡᠷᠬᠡᠪᠰᠢ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠪᠤᠶᠤ ᠨᠠᠮ | ᠪᠦᠯᠦᠭ ᠤᠨ ᠪᠤᠰᠤ ᠬᠦᠮᠦᠨ ᠢᠶᠠᠷ ᠲᠤᠰᠬᠠᠢ ᠲᠤᠰᠢᠶᠠᠯᠳᠦ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠦᠯᠦᠭᠰᠡᠨ ᠪᠠᠶᠢᠬᠤ ᠬᠡᠷᠡᠭᠲᠡᠢ᠃ | ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ | ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠳᠣᠲᠣᠷᠠᠬᠢ ᠨᠠᠮ ᠤᠨ | ᠭᠠᠳᠠᠨᠠᠬᠢ ᠵᠢᠱᠢᠭᠳᠡᠭᠰᠡᠳ ᠢ ᠲᠠᠨᠢᠯᠴᠠᠭᠤᠯᠵᠤ ᠨᠡᠷ᠎ᠡ ᠳᠤᠷᠠᠳᠬᠤ ᠠᠵᠢᠯ ᠢ ᠬᠠᠷᠢᠭᠤᠴᠠᠨ᠎ᠠ᠃ | ᠳᠥᠴᠢᠨ ᠭᠤᠷᠪᠠᠳᠤᠭᠠᠷ ᠵᠦᠢᠯ ᠮᠤᠵᠢ᠂ ᠬᠤᠳᠠ ᠬᠤᠶᠠᠷ ᠱᠠᠲᠤᠨ ᠤ ᠵᠠᠰᠠᠭ ᠤᠨ ᠣᠷᠳᠣᠨ ᠤ | ᠤᠳᠤᠷᠢᠳᠬᠤ ᠪᠠᠭ ᠲᠤ ᠨᠠᠮ ᠤᠨ ᠭᠠᠳᠠᠨᠠᠬᠢ ᠺᠠᠳ᠋ᠷ ᠲᠤᠬᠢᠷᠡᠭᠤᠯᠬᠤ ᠬᠡᠷᠡᠭᠲᠡᠢ᠃ ᠰᠢᠶᠠᠨ ᠤ ᠱᠠᠲᠤᠨ ᠤ ᠵᠠᠰᠠᠭ ᠤᠨ | ᠣᠷᠳᠣᠨ ᠤ ᠤᠳᠤᠷᠢᠳᠬᠤ ᠪᠠᠭ ᠨᠢ ᠪᠣᠳᠠᠲᠠᠢ ᠠᠴᠠ ᠡᠭᠦᠰᠴᠦ᠂ ᠨᠠᠮ ᠤᠨ ᠭᠠᠳᠠᠨᠠᠬᠢ ᠺᠠᠳ᠋ᠷ ᠢ ᠢᠳᠡᠪᠬᠢᠲᠡᠢ | ᠲᠤᠬᠢᠷᠠᠭᠤᠯᠬᠤ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠨᠴᠠᠭᠠᠢ ᠱᠠᠭᠠᠷᠳᠠᠯᠭ᠎ᠠ ᠶᠢ ᠭᠠᠷᠭᠠᠪᠠᠯ᠂ | ᠴᠥᠮ ᠨᠠᠮ ᠤᠨ ᠭᠠᠳᠠᠨᠠᠬᠢ ᠺᠠᠳ᠋ᠷ ᠢ ᠢᠳᠡᠪᠬᠢᠲᠡᠢ ᠲᠤᠬᠢᠷᠠᠭᠤᠯᠤᠨ ᠤᠳᠤᠷᠢᠳᠬᠤ ᠲᠤᠰᠢᠶᠠᠯ ᠡᠭᠦᠷᠭᠡᠯᠡᠭᠦᠯᠵᠦ | ᠪᠣᠯᠤᠨ᠎ᠠ᠂ ᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠤᠯᠠᠨ ᠲᠦᠮᠡᠨ ᠤ | ᠠᠰᠢᠭ ᠲᠤᠰᠠ ᠲᠠᠢ ᠨᠢᠭᠲᠠ ᠬᠤᠯᠪᠣᠭᠳᠠᠬᠤ᠂ ᠰᠡᠬᠡᠬᠡᠲᠡᠳ ᠲᠠᠢ ᠨᠢᠬᠳᠠ ᠬᠠᠷᠢᠯᠴᠠᠬᠤ ᠪᠠ ᠲᠤᠰᠬᠠᠢ ᠮᠡᠷᠭᠡᠵᠢᠯ ᠤᠨ | ᠴᠢᠨᠠᠷ ᠢᠶᠠᠷ ᠴᠢᠩᠭ᠎ᠠ ᠰᠠᠯᠠᠭ᠎ᠠ ᠮᠥᠴᠢᠷ ᠲᠤ ᠲᠤᠬᠢᠷᠠᠭᠤᠯᠬᠤ ᠪᠠᠷ ᠭᠤᠤᠯᠳᠠᠯᠭ᠎ᠠ ᠪᠤᠯᠭᠠᠨ᠎ᠠ᠃ | ᠨᠥᠬᠦᠴᠡᠯ ᠳᠤ ᠨᠡᠶᠢᠴᠡᠭᠰᠡᠨ ᠨᠠᠮ ᠤᠨ ᠭᠠᠳᠠᠨᠠᠬᠢ ᠺᠠᠳ᠋ᠷ ᠲᠤ ᠵᠠᠰᠠᠭ ᠤᠨ ᠣᠷᠳᠣᠨ ᠤ ᠰᠠᠯᠠᠭ᠎ᠠ ᠮᠥᠴᠢᠷ ︵ | ᠨᠢᠭᠡᠴᠢ︶ ᠤᠨ ᠵᠠᠰᠠᠭ ᠵᠠᠬᠢᠷᠭᠠᠨ ᠤ ᠵᠢᠩᠬᠢᠨᠢ ᠲᠤᠰᠢᠶᠠᠯ ᠢ ᠡᠭᠦᠷᠭᠡᠯᠡᠭᠦᠯᠵᠦ ᠪᠣᠯᠤᠨ᠎ᠠ᠃ ᠡᠯ᠎ᠡ ᠮᠤᠵᠢ ︵ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ 2 | ᠨᠡᠷᠡᠰ ᠤᠷᠴᠢᠮ ᠨᠠᠮ ᠤᠨ ᠭᠠᠳᠠᠨᠠᠬᠢ ᠺᠠᠳ᠋ᠷ ᠢ ᠵᠢᠩᠬᠢᠨᠢ ᠲᠤᠰᠢᠶᠠᠯ ᠳᠤ ᠲᠣᠬᠢᠷᠠᠭᠤᠯᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠨᠢ ᠡᠯ᠎ᠡ ᠱᠠᠲᠤᠨ ᠤ ᠤᠯᠤᠰ | ᠲᠦᠷᠦ ᠶᠢᠨ ᠵᠥᠪᠯᠡᠯᠭᠡᠨ ᠳᠤ ᠨᠡᠯᠢᠶᠡᠳ ᠶᠡᠭᠡ ᠬᠠᠷᠢᠴᠠᠯ ᠢ ᠡᠵᠡᠯᠡᠭᠰᠡᠨ ᠪᠠᠶᠢᠬᠤ ᠬᠡᠷᠡᠭᠲᠡᠢ᠂ ᠬᠤᠭᠤᠴᠠᠭ᠎ᠠ ᠰᠣᠯᠢᠬᠤ | ᠦᠶ᠎ᠡ ᠶᠢᠨ ᠭᠡᠰᠢᠭᠦᠨ ᠨᠢ 60 % ᠠᠴᠠ ᠲᠣᠷᠤᠭᠰᠢ ᠪᠠᠶᠢᠵᠦ ᠪᠣᠯᠬᠤ ᠦᠭᠡᠢ᠂ ᠪᠠᠶᠢᠩᠭᠤ ᠶᠢᠨ ᠭᠡᠰᠢᠭᠦᠨ ᠨᠢ 65 | % ᠠᠴᠠ ᠲᠤᠷᠤᠭᠰᠢ ᠪᠠᠶᠢᠵᠦ ᠪᠣᠯᠬᠤ ᠦᠭᠡᠢ︔ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ | ᠤᠳᠤᠷᠢᠳᠬᠤ ᠪᠠᠭ ᠤᠨ ᠳᠣᠲᠣᠷ᠎ᠠ ᠳᠡᠳ᠋ ᠲᠡᠷᠢᠭᠦᠯᠡᠭᠴᠢ 50 % ᠠᠴᠠ ᠲᠤᠷᠤᠭᠰᠢ ᠪᠠᠶᠢᠵᠦ ᠪᠣᠯᠬᠤ ᠦᠭᠡᠢ ︵ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠠᠭᠲᠠᠬᠤ ᠦᠭᠡᠢ︶᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠠ ᠮᠤᠵᠢ ᠶᠢᠨ ᠱᠠᠲᠤᠨ ᠤ ᠤᠯᠤᠰ ᠲᠦᠷᠦ ᠶᠢᠨ | ᠵᠥᠪᠯᠡᠯᠭᠡᠨ ᠳᠤ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠪᠤᠶᠤ ᠨᠠᠮ ᠪᠦᠯᠦᠭ ᠤᠨ ᠪᠤᠰᠤ ᠬᠥᠮᠦᠰ ᠢᠶᠠᠷ | ᠲᠤᠰᠬᠠᠢ ᠲᠤᠰᠢᠶᠠᠯᠳᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ ᠬᠡᠷᠡᠭᠲᠡᠢ᠃ | ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ | ᠭᠡᠰᠢᠭᠦᠳ ᠤᠨ ᠲᠤᠳᠤᠷ᠎ᠠ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠨᠢ ᠵᠣᠬᠢᠬᠤ ᠬᠠᠷᠢᠴᠠᠯ ᠢ ᠡᠵᠡᠯᠡᠭᠰᠡᠨ | ᠪᠠᠶᠢᠬᠤ ᠬᠡᠷᠡᠭᠲᠡᠢ᠃ | ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠬᠤ ᠬᠥᠮᠦᠨ ᠢ | ᠲᠠᠨᠢᠯᠴᠠᠭᠤᠯᠬᠤ ᠠᠵᠢᠯ ᠢ ᠥᠷᠭᠡᠨ ᠳᠡᠯᠭᠡᠷᠡᠩᠭᠦᠢ ᠪᠠᠷ ᠵᠥᠪᠳᠡᠯᠴᠡᠬᠦ ᠶᠢ ᠪᠠᠷᠢᠮᠲᠠᠯᠠᠬᠤ ᠬᠡᠷᠡᠭᠲᠡᠢ᠂ ᠨᠠᠮ ᠤᠨ | ᠳᠤᠳᠤᠷᠠᠬᠢ ᠬᠦᠮᠦᠰ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠨᠡᠷ᠎ᠡ ᠳᠤᠷᠠᠳᠴᠤ᠂ ᠨᠠᠮ ᠤᠨ ᠭᠠᠳᠠᠨᠠᠬᠢ | ᠬᠦᠮᠦᠰ ᠢ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠠᠴᠠ ᠨᠡᠷ᠎ᠡ ᠲᠤᠷᠠᠳᠤᠨ᠎ᠠ᠂ ᠡᠭᠦᠨ ᠤ ᠳᠣᠲᠣᠷᠠᠬᠢ | ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠤᠨ | ᠨᠡᠷ᠎ᠡ ᠶᠢ ᠳᠤᠷᠠᠳᠬᠤ ᠠᠴᠠ ᠪᠠᠨ ᠡᠮᠦᠨ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠲᠠᠢ ᠵᠦᠪᠳᠡᠯᠴᠡᠨ᠎ᠡ᠂ ᠦᠷᠭᠦᠯᠵᠢᠯᠡᠨ ᠨᠡᠷ᠎ᠡ ᠲᠤᠷᠠᠳᠬᠤ ᠡᠯ᠎ᠡ ᠡᠲᠡᠭᠡᠳ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠠᠨᠠᠯ ᠢ | ᠰᠣᠨᠣᠰᠬᠤ ᠬᠡᠷᠡᠭᠲᠡᠢ᠃ ᠰᠠᠨᠠᠭᠤᠯᠤᠨ ᠲᠤᠷᠠᠳᠤᠭᠰᠠᠨ ᠨᠡᠷᠡᠰ ᠢ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠠᠴᠠ | ᠬᠤᠷᠢᠶᠠᠩᠭᠤᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠠᠯ᠎ᠠ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠬᠢᠨᠠᠨ | ᠲᠣᠭᠲᠠᠭᠠᠯᠭᠠᠵᠤ᠂ ᠳᠠᠷᠠᠭ᠎ᠠ ᠨᠢ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠲᠦᠷᠢᠮ︾ ᠳᠤ ᠲᠣᠭᠲᠠᠭᠠᠭᠰᠠᠨ ᠡᠮᠬᠢ ᠵᠢᠷᠤᠮ ᠶᠣᠰᠣᠭᠠᠷ ᠭᠦᠢᠴᠡᠳᠬᠡᠨ᠎ᠡ᠃ | ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ | ᠤᠳᠤᠷᠢᠳᠬᠤ ᠪᠠᠭ ᠲᠤ ᠨᠠᠮ ᠤᠨ ᠭᠠᠳᠠᠨᠠᠬᠢ ᠺᠠᠳ᠋ᠷ ᠢ ᠲᠤᠬᠢᠷᠡᠭᠤᠯᠬᠤ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠳᠣᠲᠣᠷ᠎ᠠ ᠡᠩ ᠤᠨ ᠪᠠᠶᠢᠳᠠᠯ ᠳᠤ ᠨᠠᠮ ᠤᠨ | ᠭᠠᠳᠠᠨᠠᠬᠢ ᠺᠠᠳ᠋ᠷ ᠢ ᠲᠤᠬᠢᠷᠡᠭᠤᠯᠬᠤ ᠬᠡᠷᠡᠭᠲᠡᠢ᠂ ᠨᠥᠬᠦᠴᠡᠯ ᠳᠤ ᠨᠡᠶᠢᠴᠡᠭᠰᠡᠨ ᠨᠠᠮ ᠤᠨ ᠭᠠᠳᠠᠨᠠᠬᠢ ᠺᠠᠳ᠋ᠷ ᠵᠠᠰᠠᠭ | ᠵᠠᠬᠢᠷᠭᠠᠨ ᠤ ᠵᠢᠩᠬᠢᠨᠢ ᠲᠤᠰᠢᠶᠠᠯ ᠢ ᠡᠭᠦᠷᠭᠡᠯᠡᠵᠦ ᠪᠣᠯᠤᠨ᠎ᠠ᠃ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠤᠳᠤᠷᠢᠳᠬᠤ ᠪᠠᠭ ᠤᠨ ᠳᠤᠳᠤᠷ᠎ᠠ ᠨᠠᠮ ᠤᠨ ᠭᠠᠳᠠᠨᠠᠬᠢ ᠺᠠᠳ᠋ᠷ ᠢ ᠰᠣᠩᠭᠤᠨ ᠲᠤᠬᠢᠷᠠᠭᠤᠯᠬᠤ | ᠡᠷᠴᠢᠮ ᠢᠶᠠᠨ ᠨᠡᠮᠡᠭᠳᠡᠭᠦᠯᠦᠨ᠎ᠡ᠃ | ᠵᠥᠪᠳᠡᠭᠴᠢ ᠶᠢᠨ ᠲᠠᠰᠤᠭ ᠤᠨ ᠨᠢᠭᠡᠳᠦᠮᠡᠯ ᠹᠷᠣᠨᠲ ᠤᠨ ᠴᠢᠨᠠᠷ᠂ ᠠᠰᠠᠭᠤᠨ ᠯᠠᠪᠯᠠᠬᠤ ᠴᠢᠨᠠᠷ ᠪᠠ ᠰᠣᠶᠣᠯ | ᠲᠡᠤᠬᠡ ᠶᠢᠨ ᠰᠤᠳᠤᠯᠭᠠᠨ ᠤ ᠣᠷᠳᠣᠨ ᠤ ᠨᠢᠭᠡᠳᠦᠮᠡᠯ ᠹᠷᠣᠨᠲ ᠤᠨ ᠴᠢᠨᠠᠷ᠂ ᠢᠷᠠᠭᠤ ᠠᠯᠳᠠᠷ ᠤᠨ ᠴᠢᠨᠠᠷ ᠤᠨ ᠰᠢᠨᠵᠢ | ᠴᠢᠨᠠᠷ ᠢ ᠪᠠᠷᠢᠮᠲᠠᠯᠠᠵᠤ᠂ ᠨᠠᠮ ᠤᠨ ᠭᠠᠳᠠᠨᠠᠬᠢ ᠵᠥᠪᠳᠡᠭᠴᠢ᠂ ᠰᠤᠶᠤᠯ ᠲᠡᠤᠬᠡ ᠶᠢᠨ ᠰᠤᠳᠤᠯᠭᠠᠨ ᠤ ᠤᠷᠳᠤᠨ ᠤ | ᠨᠠᠮ ᠤᠨ ᠭᠠᠳᠠᠨᠠᠬᠢ ᠠᠵᠢᠯᠲᠠᠨ 70 % ᠠᠴᠠ ᠲᠤᠷᠤᠭᠰᠢ ᠪᠠᠶᠢᠵᠦ ᠪᠣᠯᠬᠤ ᠦᠭᠡᠢ᠃ ᠵᠥᠪᠳᠡᠭᠴᠢ ᠶᠢᠨ ᠲᠠᠰᠤᠭ᠂ | ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠤᠳᠤᠷᠢᠳᠬᠤ ᠪᠠᠭ ᠲᠤ ᠨᠠᠮ ᠤᠨ ᠭᠠᠳᠠᠨᠠᠬᠢ ᠲᠥᠯᠥᠭᠡᠯᠡᠭᠴᠢ | ᠬᠥᠮᠦᠰ ᠢ ᠲᠤᠬᠢᠷᠠᠭᠤᠯᠬᠤ ᠬᠡᠷᠡᠭᠲᠡᠢ᠃ | ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠷᠬᠡᠪᠰᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠣᠨᠴᠠ | ᠤᠷᠢᠬᠳᠠᠬᠴᠢ ᠪᠠᠷ ᠤᠷᠢᠬᠤ ᠬᠡᠷᠡᠭᠲᠡᠢ᠃ | ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠬᠤᠯᠪᠣᠭᠳᠠᠯ ᠪᠦᠬᠦᠢ ᠨᠡᠶᠢᠭᠡᠮ ᠤᠨ ᠪᠦᠯᠬᠦᠮ ᠳᠤ | ᠰᠣᠩᠭᠤᠨ ᠲᠠᠨᠢᠯᠴᠠᠭᠤᠯᠵᠤ ᠲᠤᠰᠢᠶᠠᠯ ᠡᠭᠦᠷᠭᠡᠯᠡᠭᠦᠯᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠨᠥᠬᠦᠴᠡᠯ ᠳᠤ ᠨᠡᠶᠢᠴᠡᠭᠰᠡᠨ ᠮᠤᠵᠢ ᠶᠢᠨ ᠱᠠᠲᠤᠨ ᠤ ᠠᠷᠠᠳᠴᠢᠯᠠᠭᠰᠠᠨ ᠨᠠᠮ | ᠪᠦᠯᠦᠭ ᠤᠨ ᠡᠷᠬᠢᠯᠡᠭᠴᠢ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠲᠡᠷᠢᠭᠦᠯᠡᠭᠴᠢ᠂ ᠨᠠᠮ | ᠪᠦᠯᠦᠭ ᠤᠨ ᠪᠤᠰᠤ ᠲᠥᠯᠥᠭᠡᠯᠡᠭᠴᠢ ᠬᠥᠮᠦᠰ ᠢ ᠡᠩ ᠤᠨ ᠪᠠᠶᠢᠳᠠᠯ ᠳᠤ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠪᠠᠭ ᠲᠤ ᠣᠷᠤᠭᠤᠯᠬᠤ ᠬᠡᠷᠡᠭᠲᠡᠢ᠃ | ᠣᠨᠴᠠᠭᠠᠢ ᠪᠠᠶᠢᠳᠠᠯ ᠢ ᠭᠠᠷᠭᠠᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠳᠣᠲᠣᠷᠠᠬᠢ ᠨᠠᠮ ᠤᠨ ᠭᠠᠳᠠᠨᠠᠬᠢ | ᠲᠥᠯᠥᠭᠡᠯᠡᠭᠴᠢ ᠬᠥᠮᠦᠰ ᠲᠤ ᠠᠳᠠᠯᠢ ᠱᠠᠲᠤᠨ ᠤ ᠲᠤᠰᠢᠶᠠᠯ ᠡᠭᠦᠷᠭᠡᠯᠡᠵᠦ ᠪᠠᠶᠢᠭ᠎ᠠ ᠨᠠᠮ ᠤᠨ ᠳᠣᠲᠣᠭᠠᠳᠤ ᠶᠢᠨ | ᠺᠠᠳ᠋ᠷᠴᠤᠳ ᠲᠠᠢ ᠠᠳᠠᠯᠢ ᠲᠡᠭᠰᠢ ᠬᠦᠷᠳᠡᠮᠵᠢ ᠣᠯᠭᠤᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠᠷ ᠵᠢᠱᠢᠭᠳᠡᠭᠰᠡᠳ ᠪᠠ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠣᠲᠣᠷ᠎ᠠ ᠵᠣᠬᠢᠬᠤ ᠲᠣᠭᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ᠂ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠦᠰ ᠪᠠᠶᠢᠬᠤ ᠬᠡᠷᠡᠭᠲᠡᠢ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠤᠣᠯ ᠪᠡᠯᠡ ᠭᠠᠷᠭᠠᠭᠴᠢ ᠪᠥᠭᠡᠳ ᠡᠵᠡᠩᠨᠡᠯᠲᠡ | ᠬᠠᠮᠢᠶᠠᠷᠤᠯᠲᠠ ᠪᠠᠷ ᠭᠤᠣᠯ ᠠᠵᠢᠯ ᠢᠶᠠᠨ ᠪᠣᠯᠭᠠᠭᠰᠠᠨ ᠬᠦᠮᠦᠰ ᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠦᠷᠢᠶ᠎ᠡ ᠬᠡᠪᠴᠢᠶᠡᠨ ᠳᠤ ᠲᠠᠨᠢᠯᠴᠠᠭᠤᠯᠤᠨ ᠲᠣᠬᠢᠷᠠᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠮᠦᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠢᠱᠢᠭᠳᠡᠭᠰᠡᠳ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ ᠠᠷᠠᠳ ᠤᠨ | ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠤᠰᠢᠶᠠᠯ ᠡᠭᠦᠷᠭᠡᠯᠡᠭᠦᠯᠬᠦ ᠪᠠᠷ ᠲᠠᠨᠢᠯᠴᠠᠭᠤᠯᠬᠤ ᠳᠤ ᠪᠠᠨ | ᠶᠡᠷᠤᠩᠬᠡᠶᠢᠯᠡᠨ ᠦᠨᠡᠯᠡᠬᠦ ᠶᠢᠨ ᠬᠠᠮᠲᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠯᠠᠭ᠎ᠠ ᠮᠦᠴᠢᠷ ᠪᠣᠯᠤᠨ ᠣᠷᠣᠨ | ᠨᠤᠲᠤᠭ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠲᠠᠯ᠎ᠠ ᠶᠢᠨ ᠰᠠᠨᠠᠯ ᠢ | ᠬᠤᠷᠢᠶᠠᠨ ᠰᠤᠨᠤᠰᠬᠤ ᠬᠡᠷᠡᠭᠲᠡᠶ᠃ | ᠳᠥᠴᠢᠨ ᠨᠠᠢᠮᠠᠳᠤᠭᠠᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠬᠠᠮᠢᠶᠠᠷᠤᠯᠲᠠ ᠶᠢ | ᠴᠢᠩᠭᠠᠳᠬᠠᠵᠤ᠂ ᠲᠡᠳᠡᠨ ᠤ ᠤᠯᠤᠰ ᠲᠦᠷᠦ ᠶᠢᠨ ᠢᠯᠡᠷᠡᠯ᠂ ᠦᠵᠡᠯ ᠰᠠᠨᠠᠭᠠᠨ ᠤ ᠪᠠᠶᠢᠳᠠᠯ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ ᠪᠠᠶᠢᠭ᠎ᠠ | ᠪᠠᠶᠢᠳᠠᠯ ᠪᠠ ᠬᠤᠪᠢ ᠬᠥᠮᠦᠨ ᠤ ᠴᠢᠬᠤᠯᠠ ᠤᠴᠢᠷ ᠶᠠᠪᠤᠳᠠᠯ ᠤᠨ ᠬᠤᠪᠢᠷᠠᠯᠲᠠ ᠶᠢᠨ ᠪᠠᠶᠢᠳᠠᠯ᠂ ᠢᠯᠠᠩᠭᠤᠶ᠎ᠠ | ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷᠡᠬᠢ ᠤᠯᠤᠰ ᠲᠦᠷᠦ ᠶᠢᠨ ᠵᠣᠭᠰᠣᠯᠲᠠ ᠪᠠ ᠣᠪᠣᠷ ᠢ ᠨᠢ | ᠭᠤᠣᠯᠳᠠᠯᠭ᠎ᠠ ᠲᠠᠢ ᠤᠢᠢᠯᠠᠭᠠᠨ ᠡᠵᠡᠮᠰᠢᠨ᠎ᠡ᠃ | ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ | ᠬᠠᠮᠢᠶᠠᠷᠤᠯᠲᠠ ᠶᠢ ᠵᠣᠬᠢᠴᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠨᠠᠮ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠭᠠᠳᠠᠨᠠᠬᠢ ᠲᠥᠯᠥᠭᠡᠯᠡᠭᠴᠢ | ᠬᠥᠮᠦᠰ ᠤᠨ ᠪᠠᠶᠢᠭ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠲᠤᠰ ᠲᠤᠰ ᠤᠨ ᠢᠶᠠᠨ | ᠬᠠᠷᠢᠭᠤᠴᠠᠯᠭ᠎ᠠ ᠪᠠᠨ ᠭᠦᠢᠴᠡᠳᠬᠡᠵᠦ᠂ ᠡᠳᠦᠷ ᠲᠤᠳᠤᠮ ᠤᠨ ᠬᠠᠮᠢᠶᠠᠷᠤᠯᠲᠠ ᠬᠢᠨᠠᠨ ᠰᠢᠯᠭᠠᠯᠲᠠ ᠶᠢ ᠴᠢᠩᠭᠠᠳᠬᠠᠬᠤ | ᠬᠡᠷᠡᠭᠲᠡᠢ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠪᠠᠶᠢᠭ᠎ᠠ ᠨᠠᠮ ᠪᠦᠯᠦᠭ ᠪᠠ ᠪᠦᠯᠬᠦᠮ ᠤᠨ | ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠤ ᠪᠠᠨ ᠬᠢᠨᠠᠯᠳᠠ ᠲᠠᠯᠪᠢᠬᠤ | ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ | ᠳᠥᠴᠢ ᠶᠢᠰᠦᠳᠦᠭᠡᠷ ᠵᠦᠢᠯ ᠨᠠᠮ ᠪᠠ ᠨᠠᠮ ᠤᠨ ᠭᠠᠳᠠᠨᠠᠬᠢ ᠲᠥᠯᠥᠭᠡᠯᠡᠭᠴᠢ ᠯᠦᠭᠡ ᠶᠢᠨ ᠬᠠᠮᠲᠤᠷᠠᠨ | ᠠᠵᠢᠯᠯᠠᠬᠤ ᠶᠢ ᠰᠠᠶᠢᠳᠤᠷ ᠬᠢᠬᠦ ᠬᠡᠷᠡᠭᠲᠡᠢ᠃ ᠬᠠᠮᠲᠤ ᠶᠢᠨ ᠤᠳᠤᠷᠢᠳᠤᠯᠭ᠎ᠠ ᠪᠠ ᠬᠤᠪᠢ ᠬᠥᠮᠦᠨ ᠠᠵᠢᠯ ᠬᠤᠪᠢᠶᠠᠨ | ᠬᠠᠷᠢᠭᠤᠴᠠᠬᠤ ᠶᠢ ᠤᠶᠠᠯᠳᠤᠭᠤᠯᠤᠨ ᠪᠠᠷᠢᠮᠲᠠᠯᠠᠵᠤ᠂ ᠨᠠᠮ ᠤᠨ ᠭᠠᠳᠠᠨᠠᠬᠢ ᠺᠠᠳ᠋ᠷᠴᠤᠳ ᠤᠨ ᠬᠤᠪᠢᠳᠠᠨ ᠬᠠᠮᠢᠶᠠᠷᠴᠤ | ᠪᠠᠶᠢᠭ᠎ᠠ ᠠᠵᠢᠯ ᠤᠨ ᠬᠢᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠢᠯᠣᠭᠤᠳᠬᠤ ᠡᠷᠬᠡ᠂ ᠠᠰᠠᠭᠤᠳᠠᠯ ᠢ | ᠰᠢᠢᠳᠪᠦᠷᠢᠯᠡᠬᠦ ᠳᠤ ᠰᠢᠢᠳᠪᠦᠷᠢ ᠭᠠᠷᠭᠠᠬᠤ ᠡᠷᠬᠡ᠂ ᠠᠵᠢᠯᠳᠠᠨ ᠢ ᠲᠣᠮᠢᠯᠠᠬᠤ ᠪᠠᠭᠤᠯᠭᠠᠬᠤ ᠳᠤ ᠰᠠᠨᠠᠭᠤᠯᠭ᠎ᠠ | ᠲᠤᠷᠠᠳᠬᠤ ᠡᠷᠬᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠲᠠᠪᠢᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠭᠠᠳᠠᠨᠠᠬᠢ ᠲᠥᠯᠥᠭᠡᠯᠡᠭᠴᠢ | ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠺᠠᠳ᠋ᠷ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠶᠡᠷᠦᠩᠬᠡᠢ | ᠲᠥᠯᠥᠪᠵᠢᠭᠦᠯᠭᠡ ᠳᠤ ᠣᠷᠣᠭᠤᠯᠵᠤ᠂ ᠰᠢᠯᠢᠳᠡᠭ ᠵᠠᠯᠠᠭᠤ ᠺᠠᠳ᠋ᠷ ᠤᠨ ᠡᠩᠨᠡᠭᠡᠨ ᠤ ᠳᠣᠲᠣᠷ᠎ᠠ ᠠᠴᠠ ᠨᠠᠮ ᠤᠨ | ᠭᠠᠳᠠᠨᠠᠬᠢ ᠺᠠᠳ᠋ᠷ ᠢ ᠨᠢᠭᠡᠳᠦᠯᠲᠡᠢ ᠲᠦᠯᠦᠪᠵᠢᠭᠦᠯᠬᠦ ᠶᠢ ᠪᠣᠳᠣᠯᠬᠢᠯᠠᠬᠤ ᠬᠡᠷᠡᠭᠲᠡᠢ᠃ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠠᠮᠵᠢᠯᠴᠠᠨ | ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠠᠮ ᠤᠨ ᠭᠠᠳᠠᠨᠠᠬᠢ ᠺᠠᠳ᠋ᠷ ᠢ ᠲᠣᠮᠢᠯᠠᠬᠤ ᠪᠠᠭᠤᠯᠭᠠᠬᠤ᠂ | ᠰᠢᠯᠵᠢᠭᠦᠯᠬᠦ᠂ ᠰᠣᠯᠢᠯᠴᠠᠬᠤ ᠶᠢ ᠰᠠᠨᠠᠭᠠᠴᠢᠯᠠᠨ ᠶᠠᠷᠢᠯᠴᠠᠵᠤ ᠲᠣᠭᠲᠠᠭᠠᠬᠤ ᠠᠴᠠ ᠡᠮᠦᠨ᠎ᠡ ᠨᠢᠭᠡᠳᠦᠮᠡᠯ ᠹᠷᠣᠨᠲ ᠤᠨ | ᠰᠠᠯᠠᠭ᠎ᠠ ᠮᠥᠴᠢᠷ ᠤᠨ ᠰᠠᠨᠠᠯ ᠢ ᠬᠤᠷᠢᠶᠠᠨ ᠰᠤᠨᠤᠰᠬᠤ ᠬᠡᠷᠡᠭᠲᠡᠢ᠃ | ᠠᠷᠪᠠᠨ ᠬᠤᠶᠠᠳᠤᠭᠠᠷ ᠪᠦᠯᠦᠭ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ | ᠪᠠᠶᠢᠭᠤᠯᠤᠯᠲᠠ | ᠲᠠᠪᠢᠨ ᠨᠢᠭᠡᠳᠦᠭᠡᠷ ᠵᠦᠢᠯ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠨᠢᠭᠡᠳᠦᠮᠡᠯ | ᠹᠷᠣᠨᠲ ᠤᠨ ᠺᠠᠳ᠋ᠷᠴᠤᠳ ᠢ ᠬᠦᠲᠦᠯᠦᠨ ᠵᠢᠯᠤᠭᠤᠳᠴᠤ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ | ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ | ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠬᠴᠢ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠵᠤᠷᠢᠭ ᠰᠠᠨᠠᠭ᠎ᠠ ᠪᠠ | ᠵᠣᠷᠢᠯᠲᠠ ᠶᠢ ᠨᠢᠭᠡᠳᠦᠮᠡᠯ ᠹᠷᠣᠨᠲ ᠤᠨ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ | ᠦᠨᠡᠨ ᠬᠦ ᠪᠠᠳᠤᠯᠠᠬᠤ ᠬᠡᠷᠡᠭᠲᠡᠢ᠃ | ᠲᠠᠪᠢᠨ ᠬᠤᠶᠠᠳᠤᠭᠠᠷ ᠵᠦᠢᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠤᠶᠤᠨ ᠲᠠᠷᠢᠬᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ | ᠲᠠᠪᠢᠨ ᠭᠤᠷᠪᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠠᠷᠠᠳᠴᠢᠯᠠᠯ | ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠬᠥᠮᠦᠨ ᠢ ᠰᠣᠩᠭᠤᠵᠤ ᠬᠥᠮᠦᠨ ᠢ ᠬᠡᠷᠡᠭᠯᠡᠬᠦ ᠵᠥᠪ | ᠣᠨᠣᠪᠴᠢᠲᠠᠢ ᠤᠳᠤᠷᠢᠳᠤᠮᠵᠢ ᠶᠢ ᠪᠤᠢ ᠪᠣᠯᠭᠠᠨ ᠪᠠᠷᠢᠮᠲᠠᠯᠠᠵᠤ᠂ ᠺᠠᠳ᠋ᠷ ᠢ ᠬᠥᠮᠦᠵᠢᠭᠦᠯᠬᠦ᠂ ᠰᠣᠯᠢᠯᠴᠠᠬᠤ ᠪᠠ ᠳᠠᠪᠲᠠᠨ | ᠪᠣᠯᠪᠠᠰᠤᠷᠠᠭᠤᠯᠬᠤ ᠶᠢ ᠴᠢᠩᠭᠠᠳᠬᠠᠵᠤ᠂ ᠤᠯᠤᠰ ᠲᠦᠷᠦ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ | ᠴᠠᠭᠠᠷᠠᠭᠰᠠᠨ᠂ ᠰᠤᠷᠲᠠᠯ ᠰᠢᠯᠢᠳᠡᠭ ᠰᠠᠶᠢᠨ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ | ᠲᠠᠪᠢᠨ ᠳᠥᠷᠪᠡᠳᠦᠭᠡᠷ ᠵᠦᠢᠯ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ | ᠰᠤᠷᠲᠠᠯ︾ ᠢ ᠡᠷᠡᠰ ᠵᠠᠯᠠᠷᠠᠭᠤᠯᠵᠤ᠂ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠨᠢᠭᠡᠳᠦᠮᠡᠯ | ᠹᠷᠣᠨᠲ ᠤᠨ ᠺᠠᠳ᠋ᠷᠴᠤᠳ ᠢ ᠬᠦᠮᠦᠵᠢᠭᠦᠯᠵᠦ ᠵᠢᠯᠤᠭᠤᠳᠤᠨ ᠬᠠᠷᠢᠭᠤᠴᠠᠯᠭ᠎ᠠ ᠡᠭᠦᠷᠭᠡᠯᠡᠭᠦᠯᠦᠨ᠂ ᠨᠠᠮ ᠤᠨ ᠭᠠᠳᠠᠨᠠᠬᠢ | ᠬᠥᠮᠦᠰ ᠯᠦᠭᠡ ᠶᠢᠨ ᠪᠦᠯᠬᠦᠮᠳᠡᠯ ᠬᠠᠷᠢᠯᠴᠠᠭ᠎ᠠ ᠪᠠᠨ ᠴᠢᠩᠭᠠᠳᠬᠠᠵᠤ᠂ ᠨᠠᠮ ᠤᠨ ᠭᠠᠳᠠᠨᠠᠬᠢ ᠬᠥᠮᠦᠰ ᠲᠤ | ᠦᠨᠡᠨᠴᠢ ᠪᠠᠷ ᠬᠠᠨᠳᠤᠵᠤ᠂ ᠰᠡᠳᠬᠢᠯᠭᠡ ᠶᠢ ᠨᠢ ᠦᠨᠡᠨ ᠬᠦ ᠬᠦᠳᠡᠯᠭᠡᠭᠡᠵᠦ᠂ ᠶᠣᠰᠣ ᠤᠴᠢᠷ ᠢ ᠤᠶᠢᠯᠠᠭᠠᠭᠤᠯᠵᠤ᠂ | ᠪᠣᠳᠠᠲᠠᠢ ᠪᠠᠷ ᠬᠠᠪᠰᠤᠷᠴᠤ᠂ ᠴᠢᠩ ᠦᠨᠡᠨᠴᠢ ᠲᠠᠷᠤᠤ ᠡᠶᠡᠯᠰᠡᠭ ᠢᠶᠠᠷ᠂ ᠬᠦᠮᠦᠰ ᠲᠤ ᠡᠷᠬᠡ ᠲᠡᠭᠰᠢ ᠪᠠᠷ ᠬᠠᠨᠳᠤᠵᠤ᠂ | ᠬᠠᠮᠲᠦ ᠨᠡᠶᠢᠳᠡ ᠶᠢᠨ ᠲᠦᠯᠦᠭᠡ ᠠᠷᠢᠭᠤᠨ ᠴᠢᠬᠡᠴᠢ ᠪᠠᠷ ᠵᠢᠳᠬᠦᠬᠦ ᠬᠡᠷᠡᠭᠲᠡᠢ᠃ | ᠲᠠᠪᠢᠨ ᠲᠠᠪᠤᠳᠤᠭᠠᠷ ᠵᠦᠢᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠺᠠᠳ᠋ᠷᠴᠤᠳ ᠲᠤ | ᠬᠢᠨᠠᠯᠳᠠ ᠲᠠᠯᠪᠢᠨ ᠬᠢᠵᠠᠭᠠᠷᠯᠠᠵᠤ ᠤᠯᠤᠰ ᠲᠦᠷᠦ ᠶᠢᠨ ᠰᠠᠬᠢᠯᠭ᠎ᠠ ᠪᠠᠲᠤ ᠬᠢᠭᠡᠳ ᠤᠯᠤᠰ ᠲᠦᠷᠦ ᠶᠢᠨ ᠶᠣᠰᠣ | ᠲᠦᠷᠢᠮ ᠢ ᠴᠢᠩᠭ᠎ᠠ ᠰᠠᠬᠢᠭᠤᠯᠵᠤ᠂ ᠪᠢᠰᠢᠷᠡᠨ ᠵᠢᠷᠦᠬᠡᠰᠢᠶᠡᠬᠦ ᠶᠢ ᠢᠮᠠᠬᠳᠠ ᠴᠡᠭᠡᠵᠢᠯᠡᠵᠦ᠂ ᠬᠢᠴᠢᠶᠡᠨ ᠴᠡᠭᠡᠷᠯᠡᠵᠦ᠂ | ᠬᠤᠷᠢᠭ᠎ᠠ ᠴᠠᠭᠠᠵᠠ ᠶᠢ ᠰᠠᠬᠢᠬᠤ ᠬᠡᠷᠡᠭᠲᠡᠢ᠃ | ᠠᠷᠪᠠᠨ ᠭᠤᠷᠪᠠᠳᠤᠭᠠᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ | ᠲᠠᠪᠢᠨ ᠵᠢᠷᠭᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢ ᠨᠢᠭᠡᠳᠦᠮᠡᠯ | ᠹᠷᠣᠨᠲ ᠤᠨ ᠠᠵᠢᠯ ᠢ ᠳᠠᠮᠵᠢᠵᠦ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠡ᠃ | ᠲᠠᠪᠢᠨ ᠳᠣᠯᠣᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ | ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠲᠠᠪᠢᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠲᠤᠰ | ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠬᠠᠷᠠᠯᠲᠠᠲᠤ ᠬᠠᠮᠢᠶᠠᠷᠤᠯᠲᠠ | ᠪᠣᠯᠤᠨ ᠬᠢᠨᠠᠨ ᠰᠢᠯᠭᠠᠬᠤ ᠲᠣᠬᠲᠠᠯᠴᠠᠭ᠎ᠠ ᠳᠤ ᠣᠷᠣᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ᠂ ᠬᠢᠨᠠᠯᠲᠠ ᠲᠠᠯᠪᠢᠨ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠲᠠᠯ᠎ᠠ ᠪᠠᠷ ᠬᠠᠷᠢᠭᠤᠴᠠᠯᠭ᠎ᠠ | ᠲᠤᠯᠭᠠᠨ ᠠᠰᠠᠭᠤᠬᠤ ᠬᠡᠪᠴᠢᠶᠡᠨ ᠳᠤ ᠣᠷᠤᠭᠤᠯᠤᠨ᠎ᠠ᠃ | ᠲᠠᠪᠢ ᠶᠢᠰᠦᠳᠦᠭᠡᠷ ᠵᠦᠢᠯ ᠲᠣᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ | ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠵᠢᠴᠢ ᠬᠤᠣᠷ ᠬᠥᠨᠥᠭᠡᠯ ᠤᠨ ᠬᠢᠨᠢ ᠬᠡᠮᠵᠢᠶ᠎ᠡ ᠶᠢ ᠦᠨᠳᠦᠰᠦᠯᠡᠨ᠂ | ᠬᠠᠮᠢᠶ᠎ᠠ ᠪᠦᠬᠦᠢ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ | ᠲᠤᠯᠭᠠᠨ ᠠᠰᠠᠭᠤᠨ᠎ᠠ᠃ | ᠠᠷᠪᠠᠨ ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠵᠢᠷᠠᠳᠤᠭᠠᠷ ᠵᠦᠢᠯ ᠲᠤᠰ ᠳᠦᠷᠢᠮ ᠢ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠵᠢᠷᠠᠨ ᠨᠢᠭᠡᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |