7 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠤᠨ ᠠᠩᠭᠢ ᠣᠷᠳᠣᠰ ᠬᠤᠲᠠ ᠳᠤ ᠰᠤᠷᠤᠯᠭ᠎ᠠ ᠡᠬᠢᠯᠡᠪᠡ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ | ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠣᠷᠳᠣᠰ ᠬᠤᠲᠠ ᠶᠢᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠲᠡᠭᠦᠰ | ᠤᠭᠲᠤᠯᠭ᠎ᠠ ᠶᠢᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨᠠᠯᠳᠠ | ᠲᠠᠯᠪᠢᠨ ᠪᠠᠶᠢᠴᠠᠭᠠᠬᠤ ᠭᠠᠵᠠᠷ ᠤᠨ ᠳᠠᠷᠤᠭ᠎ᠠ ᠯᠢ ᡁᠢ ᠲᠢᠶᠠᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠪᠠᠶᠢᠭ᠎ᠠ ᠨᠢ | | ᠶᠦᠨ ᠭᠦᠸᠧ ᠱᠧᠩ ᠳᠠᠶᠢᠴᠢᠯᠠᠯᠲᠠ ᠶᠢᠨ ᠶᠠᠷᠢᠶᠠᠨ ᠳᠤ ᠪᠠᠨ᠂ ᠪᠥᠬᠦ ᠣᠷᠣᠨ ᠤ ᠦᠨᠳᠦᠰᠦᠲᠡᠨ ᠤ | ᠵᠥᠪᠯᠡᠯ ᠤᠨ ᠰᠢᠰᠲ᠋ᠧᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠵᠢᠴᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠤᠨ ᠠᠩᠭᠢ ᠨᠢ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠢᠶᠠᠨ ᠪᠣᠯᠭᠠᠬᠤ ᠶᠢ ᠪᠠᠷᠢᠮᠳᠠᠯᠠᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠭᠦᠨᠵᠡᠭᠡᠶ | ᠲᠤᠭᠤᠰᠢᠯᠠᠭᠤᠯᠤᠨ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠠᠵᠢᠯ ᠤᠨ ᠡᠩᠨᠡᠭᠡᠨ ᠤ | ᠦᠵᠡᠯ ᠰᠠᠨᠠᠭ᠎ᠠ ᠤᠯᠤᠰ ᠲᠥᠷᠥ ᠶᠢᠨ ᠴᠢᠳᠠᠪᠤᠷᠢ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠷᠢ ᠲᠦᠪᠰᠢᠨ | ᠢ ᠦᠨᠡᠨ ᠬᠦ ᠳᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠪᠠ ᠭᠡᠵᠡᠢ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨᠠᠯᠳᠠ ᠲᠠᠯᠪᠢᠨ ᠪᠠᠶᠢᠴᠠᠭᠠᠬᠤ | ᠭᠠᠵᠠᠷ ᠤᠨ ᠳᠠᠷᠤᠭ᠎ᠠ ᠯᠢ ᡁᠢ ᠲᠢᠶᠠᠨ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠵᠦ ᠪᠠᠶᠢᠭ᠎ᠠ ᠨᠢ | | ᠶᠦᠨ ᠭᠦᠸᠧ ᠱᠧᠩ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠶᠡᠭᠡ ᠲᠠᠯ᠎ᠠ ᠪᠠ ᠳᠡᠯᠡᠬᠡᠶ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ | ᠬᠤᠪᠢᠰᠤᠯᠲᠠ ᠳᠤ ᠰᠠᠭᠤᠷᠢᠯᠠᠵᠤ᠂ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ | ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠲᠤᠬᠠᠶ ᠲᠣᠳᠣᠷᠬᠠᠶ ᠱᠠᠭᠠᠷᠳᠠᠯᠭ᠎ᠠ ᠪᠠᠷ | ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠦᠨᠡᠨ ᠬᠦ ᠴᠢᠩᠭ᠎ᠠ ᠪᠥᠭᠡᠳ ᠰᠠᠶᠢᠲᠤᠷ ᠠᠳᠬᠤᠵᠤ᠂ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ ᠲᠤ᠂ ᠭᠤᠤᠯᠳᠠᠯᠭ᠎ᠠ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ | ᠲᠤᠭᠤᠰᠢᠯᠠᠭᠤᠯᠤᠨ ᠬᠡᠷᠡᠭᠵᠢᠭᠦᠯᠬᠦ ᠶᠢ ᠰᠤᠯᠠᠷᠠᠭᠤᠯᠤᠯ ᠥᠬᠡᠶ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠤᠯᠤᠰ ᠲᠥᠷᠥ ᠶᠢᠨ ᠣᠪᠣᠷ ᠢᠶᠠᠷ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠡᠨᠡ ᠬᠦ ᠴᠢᠬᠤᠯᠠ | ᠬᠠᠷᠢᠭᠤᠴᠠᠯᠭ᠎ᠠ ᠶᠢ ᠰᠡᠳᠬᠢᠯ ᠳᠤ ᠪᠠᠨ ᠪᠤᠳᠤᠵᠤ᠂ ᠮᠥᠷᠥᠨ ᠳᠤ ᠪᠠᠨ ᠡᠭᠦᠷᠭᠡᠯᠡᠨ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠬᠤ ᠬᠡᠷᠡᠭᠲᠡᠶ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠪᠥᠬᠦ ᠲᠠᠯ᠎ᠠ ᠪᠠᠷ ᠬᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠶᠢ ᠰᠤᠯᠠᠷᠠᠭᠤᠯᠤᠯ ᠥᠬᠡᠶ ᠪᠠᠷᠢᠮᠲᠠᠯᠠᠵᠤ᠂ | ᠴᠤᠴᠠᠯᠲᠠ ᠥᠬᠡᠶ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ᠨᠢᠭᠲᠠ ᠠᠴᠠ ᠨᠢᠭᠲᠠ ᠪᠠᠶᠢᠬᠤ | ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠭᠦᠳᠦᠨ ᠪᠠᠶᠢᠭᠤᠯᠬᠤ ᠠᠵᠢᠯ ᠢ ᠰᠢᠨᠡᠴᠢᠯᠡᠨ ᠬᠦᠭᠵᠢᠭᠦᠯᠬᠦ᠂ | ᠪᠥᠬᠦ ᠲᠠᠯ᠎ᠠ ᠪᠠᠷ ᠲᠠᠰ ᠲᠡᠪᠰᠢᠭᠦᠯᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠰᠤᠷᠤᠯᠴᠠᠬᠤ ᠲᠣᠬᠢᠶᠠᠯ ᠢᠶᠠᠨ | ᠨᠠᠨᠳᠢᠩᠨᠠᠵᠤ᠂ ᠵᠣᠬᠢᠶᠠᠨ ᠪᠠᠶᠢᠭᠤᠯᠤᠯᠲᠠ ᠶᠢᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ ᠦᠭᠡᠢ ᠪᠠᠷ ᠰᠤᠷᠤᠯᠴᠠᠬᠤ | ᠬᠤᠭᠤᠴᠠᠭᠠᠨ ᠳᠤ ᠪᠠᠨ ᠨᠢᠭᠡ ᠰᠡᠳᠬᠢᠯ ᠨᠢᠭᠡ ᠵᠣᠷᠢᠭ ᠢᠶᠠᠷ ᠰᠤᠷᠤᠯᠴᠠᠬᠤ ᠶᠢ ᠪᠠᠷᠢᠮᠲᠠᠯᠠᠵᠤ᠂ ᠤᠨᠤᠯ ᠢ ᠪᠣᠳᠠᠲᠠᠢ ᠲᠠᠢ | ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠭᠰᠠᠨ ᠮᠡᠳᠡᠯᠭᠡ ᠪᠠᠷ ᠢᠶᠠᠨ ᠠᠵᠢᠯ ᠢᠶᠠᠨ ᠠᠬᠢᠭᠤᠯᠬᠤ | ᠮᠡᠷᠭᠡᠵᠢᠯ ᠴᠢᠳᠠᠪᠤᠷᠢ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠠᠵᠢᠯ ᠢ ᠰᠢᠨᠡᠴᠢᠯᠡᠨ ᠬᠦᠭᠵᠢᠭᠦᠯᠬᠦ ᠶᠢ ᠦᠨᠡᠨ ᠬᠦ | ᠠᠬᠢᠭᠤᠯᠬᠤ ᠬᠡᠷᠡᠭᠲᠡᠢ ᠭᠡᠪᠡ᠃ | | ᠣᠷᠳᠣᠰ ᠬᠤᠲᠠ ᠶᠢᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠲᠡᠭᠦᠰ ᠤᠭᠲᠤᠯᠭ᠎ᠠ ᠶᠢᠨ ᠦᠭᠡ | ᠬᠡᠯᠡᠪᠡ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠬᠠᠮᠢᠶ᠎ᠠ | ᠪᠥᠬᠦᠶ ᠺᠠᠳ᠋ᠷ᠂ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠤᠪᠢᠳᠠᠨ ᠬᠠᠮᠢᠶᠠᠷᠬᠤ | ᠡᠷᠬᠢᠯᠡᠭᠴᠢ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠳᠠᠷᠤᠭ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠦᠡᠳᠦᠰᠦᠲᠡᠨ ᠤ ᠵᠥᠪᠯᠡᠯ ᠤᠨ ᠬᠠᠷᠢᠭᠤᠴᠠᠯᠭᠠᠲᠠᠳ᠂ ᠣᠷᠳᠣᠰ ᠬᠤᠲᠠ ᠶᠢᠨ ᠡᠯ᠎ᠡ ᠬᠤᠰᠢᠭᠤ ᠰᠢᠶᠠᠨ | ᠲᠣᠭᠤᠷᠢᠭ ᠤᠨ ᠦᠨᠳᠦᠰᠦᠲᠡᠨ ᠤ ᠵᠥᠪᠯᠡᠯ ᠤᠨ ᠡᠷᠬᠢᠯᠡᠭᠴᠢᠳ᠂ ᠬᠤᠲᠠ ᠶᠢᠨ ᠦᠡᠳᠦᠰᠦᠲᠡᠨ ᠤ ᠵᠥᠪᠯᠡᠯ ᠤᠨ | ᠭᠡᠰᠢᠭᠦᠨ ᠨᠢᠭᠡᠴᠢ ᠶᠢᠨ ᠬᠠᠮᠢᠶ᠎ᠠ ᠪᠥᠬᠦᠶ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | | ᠪᠣᠯᠪᠠᠰᠤᠷᠠᠯ ᠳᠤ ᠣᠷᠤᠯᠴᠠᠬᠰᠠᠳ ᠤᠨ ᠬᠠᠮᠲᠤ ᠶᠢᠨ ᠰᠡᠭᠦᠳᠡᠷ |