ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/7/14
     7 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ 2021 ᠣᠨ ᠤ 23 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠵᠢᠶᠦ᠋ᠨ ᠱᠦᠵᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ  ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠠᠴᠠ ᠬᠤᠷᠠᠯ ᠡᠷᠬᠢᠯᠡᠵᠤ ᠶᠠᠷᠢᠶ᠎ᠠ ᠲᠠᠯᠪᠢᠵᠤ ᠪᠠᠶᠢᠭ᠎ᠠ ᠨᠢ            ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠱᠠᠭᠠᠷᠳᠠᠯᠭ᠎ᠠ ᠶᠢ ᠦᠨᠡᠨᠴᠢ ᠪᠠᠷ ᠦᠶᠯᠡᠳᠦᠯᠭᠡᠵᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠨᠢ ᠪᠠᠲᠤᠳᠬᠠᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠦᠨᠳᠦᠰᠦᠲᠡᠨ ᠤ ᠵᠥᠪᠯᠡᠯ ᠤᠨ ᠲᠤᠰᠢᠶᠠᠯ ᠬᠠᠷᠢᠭᠤᠴᠠᠯᠭ᠎ᠠ ᠡᠭᠦᠷᠭᠡ ᠳᠤ ᠰᠠᠭᠤᠷᠢᠯᠠᠨ᠂ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠢ ᠲᠠᠯ᠎ᠠ ᠪᠠᠨ ᠡᠮᠬᠢᠯᠡᠨ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠳᠤᠮᠳᠠ ᠣᠷᠣᠰᠢᠵᠤ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ  ᠤᠨ ᠠᠰᠠᠭᠤᠳᠠᠯ ᠢ ᠦᠨᠡᠨ ᠬᠦ ᠵᠠᠯᠠᠷᠠᠭᠤᠯᠤᠨ ᠵᠠᠰᠠᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ  ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃       ᠬᠤᠷᠠᠯ ᠠᠴᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠴᠡᠭᠡ ᠪᠣᠯᠤᠨ ᠬᠡᠷᠡᠭᠯᠡᠭᠡᠨ ᠤ ᠡᠮᠬᠢ ᠲᠢᠭᠯᠢᠮ ᠢ ᠴᠢᠩᠭ᠎ᠠ ᠵᠢᠷᠤᠮᠵᠢᠭᠤᠯᠵᠤ᠂ ᠬᠢᠵᠠᠭᠠᠷ ᠲᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠯ ᠤᠨ ᠠᠵᠢᠯ ᠤᠨ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠭᠦᠢᠴᠡᠳᠬᠡᠬᠦ ᠶᠠᠪᠤᠴᠠ ᠳᠤ᠂ ᠬᠠᠮᠢᠶ᠎ᠠ ᠪᠦᠬᠦᠢ ᠨᠢᠬᠡᠴᠢ᠂ ᠬᠡᠰᠢᠬᠦᠨ ᠤ ᠲᠥᠯᠥᠭᠡᠯᠡᠭᠴᠢᠳ ᠲᠠᠢ ᠣᠶᠢᠯᠠᠭᠠᠯᠴᠠᠨ ᠵᠣᠬᠢᠴᠠᠭᠤᠯᠬᠤ ᠪᠠᠨ ᠴᠢᠩᠭᠠᠳᠬᠠᠵᠤ᠂ ᠰᠠᠨᠠᠯ ᠰᠠᠨᠠᠭᠤᠯᠭ᠎ᠠ ᠶᠢ ᠢᠯᠡᠭᠦᠬᠡᠨ ᠬᠦᠯᠢᠶᠡᠨ ᠠᠪᠴᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠶ ᠬᠡᠵᠤ ᠱᠠᠭᠠᠷᠳᠠᠪᠠ᠃
      ᠬᠤᠷᠠᠯ ᠤᠨ ᠠᠬᠤᠢ ᠲᠠᠯᠠᠪᠠᠢ            ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠵᠠᠢ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ