ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2021/7/16
     7 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠲᠡᠭᠡᠷ᠎ᠡ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠦᠨ ᠭᠦᠸᠧ ᠱᠧᠩ᠂ ᠲᠡᠮᠦᠷ᠎ᠡ᠂ ᠶᠠᠨ ᠡᠾᠦ᠋ᠢ ᠯᠦᠩ ᠵᠢᠴᠢ ᠬᠡᠰᠡᠭ ᠭᠠᠵᠠᠷ ᠠᠯᠪᠠᠨ ᠬᠡᠷ ᠤᠨ ᠬᠠᠷᠢᠭᠤᠴᠠᠯᠭᠠᠲᠠᠳ ᠲᠣᠰ ᠲᠣᠰ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠬᠠᠢ ᠷᠦᠩ ᠬᠤᠷᠠᠯ ᠳᠤ ᠣᠷᠣᠯᠴᠠᠭᠰᠠᠨ ᠪᠥᠭᠡᠳ  ᠵᠢᠭᠠᠨ ᠵᠢᠯᠤᠭᠤᠳᠤᠯᠭ᠎ᠠ ᠪᠠ ᠦᠨᠡᠯᠡᠯᠲᠡ ᠬᠢᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ  ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ          ᠵᠠᠩ ᠬᠠᠢ ᠷᠦᠩ ᠵᠢᠭᠠᠬᠤ ᠳᠤ ᠪᠠᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ ᠲᠤᠰ ᠤᠳᠠᠭ᠎ᠠ ᠶᠢᠨ ᠰᠤᠷᠤᠯᠴᠠᠵᠥ ᠰᠤᠳᠤᠯᠤᠨ ᠶᠠᠷᠢᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠢᠴᠡᠳ ᠪᠡᠯᠡᠳᠬᠡᠯ ᠬᠢᠵᠦ᠂ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠬᠤ  ᠳᠤ ᠪᠠᠨ ᠲᠥᠪ ᠴᠢᠩᠭ᠎ᠠ ᠨᠠᠷᠢᠨ ᠬᠢᠨᠠᠮᠠᠭᠠᠢ᠂ ᠰᠤᠷᠤᠯᠴᠠᠵᠥ ᠰᠡᠳᠬᠢᠭᠰᠡᠨ ᠨᠢ ᠭᠦᠨᠴᠡ ᠲᠠᠢ᠂ ᠰᠠᠨᠠᠭᠠᠴᠢᠯᠠᠭ᠎ᠠ ᠠᠴᠠ  ᠪᠠᠨ ᠦᠪᠡᠷ ᠤᠨ ᠪᠡᠶ᠎ᠡ ᠪᠤᠯᠤᠨ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ᠂ ᠶᠠᠰᠤ ᠴᠢᠨᠠᠷ ᠦᠨᠳᠦᠷ ᠦᠷ᠎ᠡ ᠪᠦᠲᠦᠮᠵᠢ ᠰᠠᠶᠢᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ  ᠲᠤᠭᠤᠰᠢᠲᠠᠢ ᠤᠶᠢᠯᠠᠭᠠᠨ ᠮᠡᠳᠡᠬᠦ ᠪᠠᠷ ᠬᠦᠴᠦᠯᠡᠬᠦ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ ᠪᠠᠶᠢᠭᠠᠳ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠴᠢᠨᠠᠭᠰᠢᠳᠠ ᠰᠠᠶᠢᠲᠤᠷ ᠬᠢᠵᠦ᠂ ᠨᠠᠷᠢᠨ ᠨᠢᠭᠲᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ᠂ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠨ᠂ ᠨᠠᠮ ᠤᠨ ᠭᠡᠰᠢᠭᠦᠨ ᠺᠠᠳ᠋ᠷ ᠤᠨ ᠤᠭ ᠵᠣᠬᠢᠶᠠᠯ ᠢ ᠰᠤᠷᠤᠯᠴᠠᠬᠤ᠂ ᠤᠭ ᠵᠣᠬᠢᠶᠠᠯ ᠢ ᠤᠩᠰᠢᠬᠤ᠂ ᠤᠭ ᠶᠣᠰᠣ ᠶᠢ ᠣᠶᠢᠯᠠᠭᠠᠬᠤ ᠶᠢ ᠠᠬᠢᠭᠤᠯᠵᠤ᠂ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠨᠡᠪᠲᠡᠷᠬᠡᠢ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠡᠵᠡᠮᠳᠡᠬᠦ ᠬᠡᠷᠡᠭᠲᠡᠢ᠃ ᠬᠤᠶᠠᠷ ᠲᠤ ᠰᠤᠷᠤᠯᠴᠠᠬᠤ ᠰᠡᠳᠬᠢᠬᠦ ᠦᠢᠯᠡᠳᠦᠯᠭᠡᠵᠢᠬᠦᠯᠬᠦ ᠰᠡᠭᠡᠭᠡᠷᠡᠬᠦ  ᠪᠠᠷ ᠠᠵᠢᠯ ᠢᠶᠠᠨ ᠠᠬᠢᠭᠤᠯᠬᠤ ᠪᠠᠷ ᠬᠦᠴᠦᠯᠡᠬᠦ ᠬᠡᠷᠡᠭᠲᠡᠶ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠡᠵᠡᠮᠳᠡᠵᠦ᠂ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ᠂ ᠲᠥᠪᠡᠭᠳᠡᠵᠦ ᠪᠠᠶᠢᠭ᠎ᠠ ᠶᠠᠪᠤᠳᠠᠯ ᠢ ᠭᠤᠣᠯᠳᠠᠯᠭ᠎ᠠ ᠪᠤᠯᠭᠠᠨ᠂ ᠭᠡᠯᠪᠡᠷᠢᠴᠢᠯᠡᠬᠦ᠂ ᠳᠥᠭᠦᠮᠴᠢᠯᠡᠬᠦ ᠶᠢ ᠴᠢᠩᠭ᠎ᠠ ᠴᠡᠭᠡᠷᠯᠡᠵᠦ᠂ ᠪᠣᠳᠠᠲᠤ ᠶᠠᠪᠤᠳᠠᠯ ᠬᠢᠵᠦ ᠥᠭᠬᠦ ᠠᠵᠢᠯ ᠤᠨ ᠦᠨᠡᠨ ᠬᠦ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠲᠤᠷᠰᠢᠯᠭ᠎ᠠ ᠪᠠᠨ ᠳ᠋ᠦᠩᠨᠡᠵᠦ ᠬᠦᠷᠦᠯᠴᠡᠬᠦ ᠦᠭᠡᠢ ᠲᠠᠯ᠎ᠠ ᠪᠠᠨ ᠡᠷᠢᠬᠦ ᠳᠡᠭᠡᠷ᠎ᠡ ᠬᠦᠴᠦᠯᠡᠬᠦ ᠬᠡᠷᠡᠭᠲᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠷᠰᠢᠯᠭ᠎ᠠ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠳ᠋ᠦᠩᠨᠡᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠵᠢᠯ ᠢᠶᠠᠨ ᠰᠠᠶᠢᠵᠢᠷᠠᠭᠤᠯᠤᠨ ᠠᠬᠢᠭᠤᠯᠬᠤ ᠬᠡᠷᠡᠭᠳᠡᠢ᠃ ᠳᠥᠷᠪᠡ ᠳᠤ ᠴᠢᠨᠠᠷ ᠰᠠᠶᠢᠲᠠᠶ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠬᠦ ᠳᠡᠭᠡᠷ᠎ᠡ ᠬᠦᠴᠦᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠥᠰᠦᠯ ᠢ ᠬᠢᠨᠠᠮᠠᠭᠠᠶ ᠲᠣᠭᠲᠠᠭᠠᠵᠤ᠂ ᠡᠯ᠎ᠡ ᠭᠤᠭᠴᠣᠭᠠᠨ ᠤ ᠠᠵᠢᠯ ᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠪᠠᠳᠤᠯᠠᠬᠤ ᠬᠡᠷᠡᠭᠳᠡᠢ ᠭᠡᠪᠡ᠃      ᠸᠠᠩ ᠵᠢᠶᠦ᠋ᠨ᠂ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠦᠵᠡᠯ ᠰᠠᠨᠠᠭ᠎ᠠ ᠪᠠᠷ ᠭᠦᠨ ᠭᠦᠨᠵᠡᠭᠡᠶ᠂ ᠠᠭᠤᠯᠭ᠎ᠠ ᠪᠠᠷ ᠪᠠᠶᠠᠯᠢᠭ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠵᠢᠴᠢ ᠲᠡᠭᠦᠨ ᠤ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠢ ᠨᠠᠷᠢᠯᠢᠭ ᠡᠷᠴᠢᠮᠲᠡᠢ ᠳ᠋ᠦᠩᠨᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠠᠩᠬ᠎ᠠ ᠤᠳᠠᠭ᠎ᠠ ᠳᠤᠷᠠᠳᠴᠤ᠂ ᠲᠡᠦᠬᠡ ᠪᠠᠷ ᠲᠣᠯᠢ ᠪᠣᠯᠭᠠᠬᠤ᠂ ᠢᠷᠡᠭᠡᠳᠦᠶ ᠶᠢ ᠨᠡᠭᠡᠭᠡᠬᠦ ︽ᠶᠢᠰᠦᠨ ᠡᠷᠬᠡᠪᠰᠢ︾ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠢᠳᠡᠨ ᠤ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠬᠦᠯᠬᠦ ᠳᠤ ᠥᠯᠢᠭᠡᠷ ᠳᠠᠭᠤᠷᠢᠶᠠᠯ ᠪᠣᠯᠵᠣ᠂ ᠨᠠᠩ ᠴᠤ ᠪᠢᠳᠡᠨ ᠤ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠲᠣᠳᠣᠷᠬᠠᠶ ᠴᠢᠭᠯᠡᠯ ᠢ ᠵᠢᠭᠠᠨ ᠦᠭᠴᠦ᠂ ᠦᠨᠳᠦᠰᠦᠨ ᠵᠢᠷᠤᠮᠯᠠᠯ ᠢ ᠬᠠᠩᠭᠠᠭᠰᠠᠨ ᠪᠠᠶᠢᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠤᠣᠯ ᠰᠡᠳᠦᠪ ᠢ ᠢᠮᠠᠭᠲᠠ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠪ ᠬᠠᠮᠲᠤ ᠶᠣᠰᠣᠨ ᠤ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠠᠴᠢ ᠶᠢ ᠳᠤᠷᠠᠰᠤᠨ᠂ ᠨᠠᠮ ᠤᠨ ᠲᠤᠭ ᠢ ᠮᠠᠨᠳᠤᠭᠤᠯᠵᠤ᠂ ᠨᠠᠮ ᠢᠶᠠᠨ ᠳᠠᠭᠠᠵᠤ᠂ ᠨᠠᠮ ᠤᠨ ᠵᠢᠯᠤᠭᠤᠳᠤᠯᠭ᠎ᠠ ᠶᠢ ᠳᠠᠭᠠᠬᠤ ᠬᠡᠷᠡᠭᠲᠡᠢ᠃ ︽ᠶᠢᠰᠦᠨ ᠡᠷᠬᠡᠪᠰᠢ︾ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠥᠬᠡᠶ ᠴᠢᠩᠭᠠᠳᠬᠠᠵᠤ᠂ ᠨᠢᠭᠡᠳᠦᠮᠡᠯ ᠹᠷᠣᠨᠲ ᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠬᠠᠮᠲᠤᠳᠬᠠᠬᠤ᠂ ᠣᠯᠠᠨ ᠲᠦᠮᠡᠨ ᠢ ᠪᠦᠯᠬᠦᠮᠳᠡᠭᠦᠯᠬᠦ ᠴᠢᠬᠤᠯᠠ ᠡᠷᠳᠡᠨᠢ ᠪᠣᠯᠭᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠳᠤᠤᠷ᠎ᠠ ᠦᠨᠳᠦᠰᠦᠲᠡᠨ ᠤ ᠠᠵᠢᠯ ᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠪᠠᠳᠤᠳᠬᠠᠵᠤ᠂ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠨᠡᠨ ᠬᠦ ᠭᠦᠨᠵᠡᠭᠡᠶ ᠪᠣᠳᠠᠲᠠᠶ ᠨᠠᠷᠢᠯᠢᠭ ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠵᠠᠢ᠃      ᠸᠠᠩ ᠵᠢᠶᠦ᠋ᠨ᠂ ᠨᠢᠭᠡ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢ ᠦᠨᠡᠨ ᠬᠦ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠤᠯᠤᠰ ᠲᠥᠷᠥ ᠶᠢᠨ ᠲᠠᠯ᠎ᠠ ᠠᠴᠠ ᠦᠵᠡᠬᠦ ᠤᠯᠤᠰ ᠲᠥᠷᠥ ᠶᠢᠨ ᠲᠠᠯ᠎ᠠ ᠠᠴᠠ ᠬᠢᠬᠦ ᠶᠢ ᠬᠦᠢᠴᠡᠳᠭᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠠᠷ ᠡᠯ᠎ᠡ ᠵᠦᠢᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ᠃ ᠬᠤᠶᠠᠷ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠵᠢᠱᠢᠶ᠎ᠡ ᠦᠵᠡᠬᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠰᠠᠶᠢᠲᠤᠷ ᠣᠷᠣᠯᠴᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠳᠥᠷᠪᠡᠨ ᠳᠡᠪᠲᠡᠷ ᠨᠣᠮ ᠢ ᠨᠠᠷᠢᠨ ᠬᠢᠨᠠᠮᠠᠭᠠᠶ ᠰᠠᠶᠢᠲᠤᠷ ᠰᠤᠷᠤᠯᠴᠠᠬᠤ ᠬᠡᠷᠡᠭᠳᠡᠢ᠃ ᠤᠯᠤᠰ ᠲᠥᠷᠥ ᠶᠢᠨ ᠡᠭᠦᠳᠡᠨ ᠠᠴᠠ ᠦᠵᠡᠯ ᠰᠠᠨᠠᠭ᠎ᠠ᠂ ᠣᠪᠣᠷ ᠰᠤᠷᠲᠠᠯ ᠤᠨ ᠲᠠᠯ᠎ᠠ ᠪᠠᠷ ᠬᠢ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠬᠢᠵᠦ ᠥᠭᠬᠦ ᠠᠵᠢᠯ ᠪᠣᠳᠠᠲᠤ ᠦᠷ᠎ᠡ ᠪᠦᠲᠦᠮᠵᠢ ᠲᠠᠢ᠂ ᠬᠢᠯᠠᠰ ᠴᠡᠭ ᠲᠠᠢ ᠪᠠᠶᠢᠬᠤ ᠶᠢ ᠠᠬᠢᠭᠤᠯᠬᠤ ᠬᠡᠷᠡᠭᠲᠡᠶ᠃ ᠭᠤᠷᠪᠠ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠤᠤᠷᠠᠳᠤ ᠬᠠᠭᠠᠰ ᠵᠢᠯ ᠤᠨ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠨᠢᠭᠡ ᠬᠤᠪᠢ ᠬᠠᠨᠤᠮᠵᠢᠲᠠᠶ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠬᠦᠴᠦᠷᠬᠡᠭ ᠶᠡᠭᠡ ᠬᠠᠮᠲᠤ ᠶᠢᠨ ᠬᠦᠴᠦᠨ ᠢ ᠨᠢᠭᠲᠠᠷᠠᠭᠤᠯᠬᠤ ᠬᠡᠷᠡᠭᠲᠡᠶ ᠬᠡᠵᠦ ᠱᠠᠭᠠᠷᠳᠠᠬᠰᠠᠨ ᠪᠠᠶᠢᠨ᠎ᠠ᠃
      ᠬᠤᠷᠠᠯ ᠤᠨ ᠲᠠᠯᠠᠪᠠᠢ      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠭᠠᠵᠠᠷ ᠠᠯᠪᠠᠨ ᠬᠡᠷ ᠵᠢᠴᠢ ᠵᠥᠪᠯᠡᠯ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ