ᠨᠠᠶᠢᠷᠠᠭᠤᠯᠤᠭᠴᠢ ᠶᠢᠨ ᠦᠭᠡ᠄ 2019 ᠣᠨ ᠤ 7 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠨᠣᠮ ᠤᠨ ᠰᠠᠩ ᠳᠤ ᠰᠢᠨᠵᠢᠯᠡᠨ ᠪᠠᠶᠢᠴᠠᠭᠠᠬᠤ ᠦᠶ᠎ᠡ ᠳᠤ᠄ ︽ᠮᠣᠩᠭᠤᠯ ᠬᠡᠯᠡᠨ ᠤ ᠰᠤᠳᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ | ᠠᠵᠢᠯ ᠢ ᠴᠢᠩᠭᠠᠳᠬᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ | ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠵᠣᠷᠢᠭᠵᠢᠭᠤᠯᠬᠤ ᠬᠡᠷᠡᠭᠲᠡᠶ︾ ᠬᠡᠵᠤ ᠵᠢᠭᠠᠨ ᠭᠠᠷᠭᠠᠵᠡᠢ᠃ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠳᠤ ᠰᠢᠨ᠎ᠡ ᠴᠠᠭ ᠦᠶ᠎ᠡ ᠶᠢᠨ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠰᠠᠶᠢᠲᠤᠷ ᠬᠢᠬᠦ ᠲᠣᠳᠣᠷᠬᠠᠢ ᠱᠠᠭᠠᠷᠳᠠᠯᠭ᠎ᠠ ᠶᠢ ᠳᠤᠷᠠᠳᠴᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠨ | ᠲᠠᠯᠪᠢᠵᠠᠢ᠃ ᠨᠢᠭᠡ ᠵᠢᠯ ᠤᠨ ᠲᠤᠷᠰᠢ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠯᠪᠣᠭᠳᠠᠯ ᠪᠥᠬᠦᠶ ᠲᠠᠯ᠎ᠠ ᠶᠢᠨ ᠬᠦᠴᠦᠲᠡᠶ ᠳᠡᠮᠵᠢᠯᠭᠡ ᠪᠠᠷ᠂ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ | ᠤᠨ ᠠᠵᠢᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠯ᠎ᠡ | ᠵᠦᠶᠯ ᠤᠨ ᠠᠵᠢᠯ ᠴᠣ ᠰᠢᠨ᠎ᠡ ᠠᠬᠢᠴᠠ ᠲᠠᠢ ᠪᠣᠯᠪᠠ᠃ ᠣᠶᠢᠷ᠎ᠠ ᠳᠤ᠂ ᠲᠤᠰ ᠰᠣᠨᠢᠨ ᠤ ᠰᠤᠷᠪᠤᠯᠵᠢᠯᠠᠭᠴᠢ ᠰᠢᠨ᠎ᠡ ᠴᠠᠭ ᠦᠶ᠎ᠡ ᠶᠢᠨ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠢ ᠡᠮᠬᠢᠳᠬᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠥᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠡᠮᠬᠢᠳᠬᠡᠨ ᠰᠤᠳᠤᠯᠬᠤ ᠲᠠᠰᠤᠭ ᠤᠨ ᠡᠷᠬᠢᠯᠡᠭᠴᠢ ᠵᠠᠩ ᠮᠸᠤ ᠶᠢ ᠲᠤᠰᠬᠠᠶᠢᠯᠠᠨ | ᠰᠤᠷᠪᠤᠯᠵᠢᠯᠠᠪᠠ᠃ | ᠰᠤᠷᠪᠤᠯᠵᠢᠯᠠᠭᠴᠢ᠄ 2019 ᠣᠨ ᠤ 7 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠬᠢᠪᠠ᠃ ᠨᠢᠬᠡ ᠵᠢᠯ ᠤᠨ ᠳᠠᠷᠠᠭ᠎ᠠ᠂ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠳᠠᠬᠢᠨ | ᠡᠷᠭᠢᠴᠡᠭᠦᠯᠪᠡᠯ᠂ ᠲᠠᠨ ᠳᠤ ᠶᠠᠮᠠᠷ ᠶᠠᠮᠠᠷ ᠰᠢᠨ᠎ᠡ ᠣᠶᠢᠯᠠᠭᠠᠯᠲᠠ ᠪᠠ ᠲᠠᠨᠢᠯᠲᠠ ᠲᠠᠢ ᠪᠣᠯᠣᠭᠰᠠᠨ ᠪᠣᠶ︖ | ᠵᠠᠩ ᠮᠸᠤ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠨᠢ ᠨᠠᠮ ᠤᠨ ᠲᠥᠪ ᠬᠤᠷᠢᠶ᠎ᠠ ᠠᠴᠠ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠠᠶᠢᠬᠤ ᠶᠢ ᠭᠦᠢᠴᠡᠳ ᠬᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠤᠨ ᠠᠵᠢᠯᠲᠠᠳ ᠲᠤ ᠯᠤᠲᠤ ᠶᠡᠭᠡ ᠵᠣᠷᠢᠭᠵᠢᠭᠤᠯᠤᠯ ᠪᠠ ᠬᠦᠴᠦᠲᠡᠢ ᠱᠠᠭᠠᠷᠳᠠᠯᠭ᠎ᠠ ᠪᠣᠯᠤᠭᠰᠠᠨ ᠪᠠᠶᠢᠨ᠎ᠠ᠃ ᠶᠡᠷᠦᠩᠬᠡᠢ ᠱᠦᠵᠢ ᠶᠢᠨ ᠴᠢᠬᠤᠯᠠ | ᠥᠭᠦᠯᠡᠯᠲᠡ ᠨᠢ ᠲᠣᠪᠴᠢ ᠠᠪᠰᠠᠷᠬᠠᠨ ᠤᠳᠬ᠎ᠠ ᠲᠡᠭᠦᠯᠳᠡᠷ᠂ ᠯᠣᠬᠢᠭᠴᠢ ᠴᠢᠨᠠᠷ ᠢᠶᠠᠷ ᠨᠢᠭᠲᠠ ᠴᠢᠩᠭ᠎ᠠ᠂ ᠠᠭᠤᠯᠤᠭᠳᠠᠬᠤᠨ ᠲᠠᠯᠠᠢ ᠪᠠᠶᠠᠯᠢᠭ ᠪᠠᠶᠢᠵᠤ᠂ ᠰᠢᠨ᠎ᠡ ᠴᠠᠭ | ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠳᠤ ᠤᠷᠤᠭᠰᠢᠯᠠᠯᠳᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠢᠭᠡ ᠳᠤ | ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠦᠨᠳᠦᠰᠦᠨ ᠡᠭᠦᠷᠭᠡ ᠴᠢᠳᠠᠪᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ | ᠰᠤᠳᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠠᠵᠢᠯ ᠢ ᠴᠢᠩᠭᠠᠳᠬᠠᠵᠤ᠂ ᠭᠦᠨ ᠵᠤᠵᠠᠭᠠᠨ ᠰᠣᠶᠣᠯ ᠤᠨ ᠳᠤᠷᠠᠰᠤᠮᠵᠢ ᠶᠢ ᠠᠴᠢᠶᠠᠯᠠᠵᠤ᠂ ᠳᠠᠬᠢᠨ | ᠡᠭᠦᠰᠴᠦ ᠪᠣᠯᠤᠰᠢ ᠦᠭᠡᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠢ ᠥᠨᠢ ᠤᠳᠠᠭᠠᠨ ᠬᠠᠳᠠᠭᠠᠯᠠᠬᠤ ᠶᠠᠪᠤᠳᠠᠯ ᠪᠣᠯᠤᠨ᠎ᠠ᠃ ᠬᠤᠶᠠᠷ ᠲᠤ ᠴᠥᠭᠡᠨ | ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠵᠠᠩᠭᠢᠯᠠᠭ᠎ᠠ ᠶᠢᠨ ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠲᠡᠭᠦᠨ ᠳᠤ | ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠪᠠᠳᠠᠷᠠᠭᠤᠯᠵᠤ᠂ | ︽ᠬᠠᠭᠤᠴᠢᠨ ᠢ ᠤᠭᠤᠷᠴᠤ ᠰᠢᠨ᠎ᠡ ᠶᠢ ᠡᠭᠦᠳᠬᠦ︾ ᠳᠤᠮᠳᠠ ︽ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ︾ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ | ᠤᠨ ᠶᠡᠭᠡ ᠲᠠᠯ᠎ᠠ ᠳᠤ ᠦᠢᠯᠡᠴᠢᠯᠡᠬᠦᠯᠬᠦ ᠶᠠᠪᠤᠳᠠᠯ ᠪᠤᠯᠤᠨ᠎ᠠ᠃ ᠭᠤᠷᠪᠠ ᠳᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠦᠷᠳᠡᠭ ᠤᠨ | ᠤᠳᠤᠷᠢᠳᠤᠮᠵᠢ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ | ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠬᠦᠢ ᠪᠠ | ᠢᠲᠡᠭᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠪᠡᠶᠡᠯᠡᠬᠦᠯᠬᠦ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠪᠣᠯ ᠮᠠᠨ ᠤ ᠠᠵᠢᠯ | ᠢᠶᠠᠨ ᠰᠠᠶᠢᠲᠤᠷ ᠬᠢᠬᠦ ᠶᠢᠨ ᠠᠵᠢᠯᠯᠠᠭᠠᠨ ᠤ ᠵᠦᠭᠯᠡᠭᠦᠷ ᠮᠥᠨ᠂ ᠪᠢᠳᠡ ᠳᠠᠬᠢᠨ ᠳᠠᠪᠲᠠᠨ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ | ᠰᠤᠷᠪᠤᠯᠵᠢᠯᠠᠭᠴᠢ᠄ ᠨᠢᠭᠡ ᠵᠢᠯ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠢᠯᠣᠭᠤᠳᠣᠯᠭ᠎ᠠ ᠳᠣᠤᠷ᠎ᠠ᠂ ᠴᠥᠭᠡᠨ | ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠳᠤ ᠶᠠᠮᠠᠷ ᠶᠠᠮᠠᠷ ᠰᠢᠨ᠎ᠡ ᠠᠬᠢᠯᠲᠠ ᠲᠠᠢ ᠪᠣᠯᠤᠭᠰᠠᠨ ᠪᠣᠶ︖ | ᠵᠠᠩ ᠮᠸᠤ᠄ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠭᠠᠷᠭᠠᠭᠰᠠᠨ ᠤ ᠳᠠᠷᠠᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠤᠨ ᠨᠠᠮ ᠤᠨ ᠤᠳᠤᠷᠢᠳᠬᠤ ᠳᠤᠭᠤᠶᠢᠯᠠᠩ ᠳᠠᠷᠤᠶᠢᠬᠠᠨ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ | ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠤᠬᠢᠷᠠᠭᠤᠯᠤᠨ ᠪᠠᠶᠢᠷᠢᠯᠠᠭᠤᠯᠪᠠ᠃ ᠨᠢᠭᠡ ᠵᠢᠯ ᠤᠨ ᠲᠤᠷᠰᠢ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠤᠨ ᠠᠵᠢᠯᠲᠠᠳ ᠤᠨ ᠣᠮᠤᠭ ᠵᠤᠷᠢᠭ ᠪᠠᠳᠠᠷᠠᠨ ᠲᠡᠯᠬᠡᠷᠡᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠢ ᠣᠯᠠᠨ ᠰᠢᠨ᠎ᠡ ᠠᠮᠵᠢᠯᠲᠠ ᠣᠯᠵᠠᠢ᠃ | ᠵᠢᠱᠢᠶᠡᠯᠡᠪᠡᠯ᠂ ︽ᠴᠥᠭᠡᠨ ᠲᠣᠭᠠᠲᠤ ᠦᠨᠳᠦᠰᠦᠲᠡᠨ ᠤ ᠳᠥᠷᠪᠡᠨ ᠬᠥᠮᠥᠷᠭᠡ ᠶᠢᠨ ᠪᠦᠷᠢᠨ ᠪᠢᠴᠢᠭ︾ ᠬᠡᠮᠡᠭᠳᠡᠭᠰᠡᠨ ︽ᠳᠤᠮᠳᠠᠳᠤ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠡᠷᠲᠡᠨ ᠤ ᠨᠣᠮ ᠪᠢᠴᠢᠭ ᠤᠨ ᠶᠡᠷᠦᠩᠬᠡᠶ ᠭᠠᠷᠴᠠᠭ ᠤᠨ ᠲᠣᠪᠴᠢ︾ ᠶᠢ ᠨᠠᠶᠢᠷᠠᠭᠤᠯᠤᠨ ᠪᠢᠴᠢᠵᠤ ᠬᠡᠪᠯᠡᠭᠦᠯᠬᠦ ᠠᠵᠢᠯ ᠤᠨ ᠠᠬᠢᠴᠠ ᠨᠢ ᠴᠢᠬᠤᠯᠠ | ᠶᠡᠭᠡ ᠰᠢᠪᠲᠤᠯᠤᠯᠲᠠ ᠲᠠᠢ ᠪᠣᠯᠪᠠ᠃ ᠲᠤᠰ ᠴᠤᠪᠤᠷᠠᠯ ᠪᠢᠴᠢᠭ ᠢ 1997 ᠣᠨ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠰᠡᠳᠦᠪ | ᠲᠣᠭᠲᠠᠭᠠᠵᠤ᠂ 60 ᠭᠠᠷᠤᠢ ᠪᠣᠲᠢ᠂ ᠪᠠᠷᠤᠭ 110 ᠳᠡᠪᠲᠡᠷ ᠬᠡᠪᠯᠡᠭᠦᠯᠵᠦ᠂ ᠮᠠᠨ ᠤ ᠤᠯᠤᠰ ᠤᠨ 55 ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ | ᠭᠠᠷᠴᠠᠭ ᠢ ᠣᠷᠣᠭᠤᠯᠬᠤ ᠪᠠᠷ ᠲᠥᠯᠥᠪᠯᠡᠵᠡᠢ᠃ ᠨᠢᠭᠡ ᠵᠢᠯ ᠤᠨ ᠲᠤᠷᠰᠢ ᠨᠡᠶᠢᠲᠡ 13 ᠦᠨᠳᠦᠰᠦᠲᠡᠨ ᠤ ᠪᠣᠳᠢ ᠶᠢ ᠬᠡᠪᠯᠡᠭᠦᠯᠵᠦ᠂ ᠲᠡᠦᠬᠡᠨ ᠳᠡᠭᠡᠷ᠎ᠡ ᠬᠠᠮᠤᠭ ᠤᠨ | ᠢᠯᠡᠭᠦᠦ ᠬᠡᠪᠯᠡᠭᠦᠯᠦᠭᠰᠡᠨ ᠵᠢᠯ ᠪᠣᠯᠵᠠᠢ᠃ ᠣᠳᠣᠬᠠᠨ ᠪᠣᠯᠲᠠᠯ᠎ᠠ᠂ ᠨᠢᠭᠡᠨᠲᠡ 51 ᠦᠨᠳᠦᠰᠦᠲᠡᠨ ᠤ ᠪᠤᠳᠢ ᠶᠢ ᠬᠡᠪᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠤᠨ 10 ᠭᠠᠷᠤᠢ ᠲᠦᠮᠡᠨ ᠭᠠᠷᠴᠠᠭ ᠢ ᠣᠷᠣᠭᠤᠯᠵᠠᠢ︔ ᠣᠳᠣ ᠪᠠᠰᠠ 3 ᠦᠨᠳᠦᠰᠦᠲᠡᠨ ᠤ ᠪᠤᠳᠢ ᠶᠢ ᠨᠠᠶᠢᠷᠠᠭᠤᠯᠤᠨ ᠪᠢᠴᠢᠵᠦ ᠪᠠᠷᠠᠭᠠᠳ᠂ | ᠬᠡᠪᠯᠡᠯ ᠤᠨ ᠬᠤᠷᠢᠶᠠᠨ ᠳᠤ ᠲᠤᠰᠢᠶᠠᠵᠤ ᠬᠢᠨᠠᠭᠤᠯᠵᠤ ᠪᠠᠶᠢᠨ᠎ᠠ︔ ᠪᠤᠰᠤᠳ ᠦᠨᠳᠦᠰᠦᠲᠡᠨ ᠤ ᠪᠤᠳᠢ ᠶᠢ ᠴᠤ ᠡᠮᠬᠢ ᠵᠢᠷᠤᠮ ᠲᠠᠢ ᠪᠠᠷ ᠨᠠᠶᠢᠷᠠᠭᠤᠯᠤᠨ ᠪᠢᠴᠢᠵᠤ | ᠪᠠᠶᠢᠨ᠎ᠠ᠃ ᠵᠢᠱᠢᠶᠡᠯᠡᠪᠡᠯ᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠤᠨ ᠰᠤᠳᠤᠷ ᠪᠢᠴᠢᠭ ᠤᠨ ᠲᠠᠰ ᠲᠣᠭᠲᠠᠭᠠᠯᠲᠠ︾ ᠶᠢᠨ | ᠤᠯᠤᠰ ᠤᠨ ᠪᠠᠷᠢᠮᠵᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠳᠤᠳᠡᠢ ᠠᠬᠢᠭᠤᠯᠵᠠᠢ᠃ ︽ᠳᠤᠮᠳᠠᠳᠤ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠤᠨ ᠳᠡᠰ ᠲᠣᠭᠲᠠᠭᠠᠯᠲᠠ︾ ︵GB / T 36748—2018︶ ᠪᠣᠯ ᠮᠠᠨ ᠤ ᠠᠯᠪᠠᠨ ᠭᠡᠷ ᠤᠨ | ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠠᠷᠪᠠᠨ ᠵᠢᠯ ᠤᠨ ᠰᠢᠷᠭᠠᠭᠤ ᠠᠵᠢᠯᠯᠠᠭᠰᠠᠨ ᠤ ᠦᠷ᠎ᠡ ᠪᠦᠲᠦᠭᠡᠯ ᠮᠥᠨ ᠪᠥᠭᠡᠳ ᠡᠨᠡ ᠬᠦ ᠬᠦᠷᠢᠶᠡᠨ | ᠳᠠᠬᠢ ᠬᠤᠭᠤᠰᠣᠨ ᠢ ᠨᠥᠬᠦᠪᠥᠷᠢᠯᠡᠵᠦ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠳᠡᠰ ᠬᠤᠪᠢᠶᠠᠨ ᠬᠠᠮᠠᠭᠠᠯᠠᠬᠤ ᠪᠠ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ ᠪᠠᠷᠢᠮᠵᠢᠶ᠎ᠠ ᠶᠢ ᠨᠢᠳᠤᠨᠤᠨ ᠠᠴᠠ ᠡᠬᠢᠯᠡᠨ ᠬᠡᠷᠡᠭᠵᠢᠬᠦᠯᠦᠭᠰᠡᠨ ᠤ | ᠳᠠᠷᠠᠭ᠎ᠠ᠂ ᠪᠢᠳᠡ ᠴᠠᠭ ᠲᠤᠬᠠᠶ ᠳᠤ ᠨᠢ ᠤᠬᠠᠭᠤᠯᠤᠨ ᠳᠡᠯᠭᠡᠷᠡᠭᠦᠯᠪᠡ᠃ ᠡᠯ᠎ᠡ ᠭᠠᠵᠠᠷ ᠤᠨ ᠬᠢᠨ ᠲᠣᠰ ᠪᠠᠷᠢᠮᠵᠢᠶ᠎ᠠ ᠶᠢᠨ ᠵᠢᠯᠣᠭᠤᠳᠣᠯᠭ᠎ᠠ ᠳᠣᠤᠷ᠎ᠠ᠂ ᠴᠥᠭᠡᠨ ᠲᠣᠭᠠᠲᠤ | ᠦᠨᠳᠦᠰᠦᠲᠡᠨ ᠤ ᠥᠰᠥᠭ ᠪᠢᠴᠢᠭ ᠤᠨ ᠰᠤᠳᠤᠷ ᠪᠢᠴᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠯᠡᠬᠦ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠪᠡ᠃ | ᠰᠣᠶᠣᠯ ᠵᠢᠭᠤᠯᠴᠢᠯᠠᠯ ᠤᠨ ᠶᠠᠮᠤᠨ ᠤ ᠡᠨᠡ ᠵᠢᠯ ᠤᠨ 6 ᠳ᠋ᠤᠭᠠᠷ ᠰᠠᠷ᠎ᠠ ᠳᠤ ᠵᠢᠩᠬᠢᠨᠢ ᠪᠠᠷ ᠨᠡᠶᠢᠲᠡᠯᠡᠭᠰᠡᠨ ᠵᠢᠷᠭᠤᠳᠤᠭᠠᠷ ᠪᠦᠯᠦᠭ ᠤᠨ ︽ᠤᠯᠤᠰ ᠤᠨ ᠬᠤᠪᠣᠷ | ᠨᠠᠨᠳᠢᠨ ᠰᠤᠳᠤᠷ ᠪᠢᠴᠢᠭ ᠤᠨ ᠨᠡᠷᠡᠰ ᠤᠨ ᠵᠢᠭᠰᠠᠭᠠᠯᠲᠠ︾ ᠶᠢᠨ ᠲᠠᠨᠢᠯᠴᠠᠭᠤᠯᠭ᠎ᠠ ᠶᠢᠨ ᠨᠡᠷᠡᠰ ᠤᠨ ᠵᠠᠷᠯᠠᠯ ᠳᠤ᠂ ᠴᠥᠭᠡᠨ ᠲᠣᠭᠠᠲᠤ ᠦᠨᠳᠦᠰᠦᠲᠡᠨ ᠤ ᠥᠰᠥᠭ | ᠪᠢᠴᠢᠭ ᠤᠨ ᠰᠤᠳᠤᠷ ᠨᠡᠶᠢᠲᠡ 94 ᠰᠣᠩᠭᠤᠭᠳᠠᠵᠠᠶ᠃ | ᠡᠭᠦᠨ ᠠᠴᠠ ᠭᠠᠳᠠᠨ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ | ᠬᠠᠮᠠᠭᠠᠯᠠᠯᠲᠠ ᠪᠠ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠤᠨ ᠭᠤᠣᠯᠳᠠᠯᠭ᠎ᠠ ᠲᠠᠢ ᠲᠦᠷᠦᠯ ᠵᠦᠢᠯ ᠢᠶᠠᠷ ᠬᠡᠪᠯᠡᠭᠦᠯᠦᠭᠰᠡᠨ ︽ᠳᠤᠮᠳᠠᠳᠤ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠬᠤᠪᠣᠷ ᠴᠤᠬᠠᠭ ᠰᠤᠳᠤᠷ ᠪᠢᠴᠢᠭ ᠤᠨ ᠡᠮᠬᠢᠳᠬᠡᠯ︾ ᠨᠢ ᠳᠣᠯᠣᠳᠤᠭᠠᠷ ᠬᠤᠭᠤᠴᠠᠭᠠᠨ ᠤ ᠳᠤᠮᠳᠠᠳᠤ ᠶᠢᠨ | ᠰᠢᠯᠢᠳᠡᠭ ᠬᠡᠪᠯᠡᠭᠳᠡᠬᠦᠨ ︵ᠨᠣᠮ ᠪᠢᠴᠢᠭ︶ ᠤ ᠱᠠᠩᠨᠠᠯ ᠢ ᠬᠦᠷᠲᠡᠪᠡ︔ ︽︿ᠭᠡᠰᠡᠷ ᠸᠠᠩ ᠤᠨ ᠨᠠᠮᠲᠠᠷ﹀ ᠤᠨ ᠪᠦᠷᠢᠨ ᠪᠢᠴᠢᠭ︾᠂ ︽ᠶᠦᠨᠨᠠᠨ ᠤ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠤᠨ ᠬᠤᠪᠤᠷ ᠲᠡᠪᠳᠡᠷ ᠤᠨ ᠡᠮᠬᠢᠳᠬᠡᠯ︾ ︵71—80 ᠪᠤᠳᠢ︶ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ | ᠤᠨ ᠬᠡᠪᠯᠡᠯ ᠤᠨ ᠰᠣᠳᠣᠨ ᠪᠦᠲᠦᠭᠡᠯ ᠴᠤ ᠨᠢᠳᠤᠨᠤᠨ ᠵᠠᠯᠭᠠᠭ᠎ᠠ ᠪᠠᠷ ᠤᠩᠰᠢᠭᠴᠢᠳ ᠲᠠᠢ ᠵᠣᠯᠭᠠᠪᠠ᠃ | ᠰᠤᠷᠪᠤᠯᠵᠢᠯᠠᠭᠴᠢ᠄ ᠶᠡᠷᠦᠩᠬᠡᠶ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠠᠭᠤᠯᠤᠭᠳᠠᠵᠤ ᠪᠠᠶᠢᠭ᠎ᠠ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠲᠠᠨ ᠤ ᠦᠵᠡᠬᠦ ᠪᠠᠷ | ᠡᠨᠡ ᠬᠦ ᠦᠵᠡᠯ ᠰᠠᠨᠠᠭᠠᠨ ᠤ ᠠᠭᠤᠯᠤᠭᠳᠠᠬᠤᠨ ᠨᠢ ᠠᠯᠢ ᠠᠯᠢ ᠲᠠᠯ᠎ᠠ ᠪᠠᠷ ᠢᠯᠡᠷᠡᠵᠤ ᠪᠠᠶᠢᠬᠤ ᠪᠤᠢ︖ | ᠵᠠᠩ ᠮᠸᠤ᠄ ᠬᠡᠳᠦᠨ ᠮᠢᠩᠭᠠᠨ ᠵᠢᠯ ᠤᠨ ᠲᠤᠷᠰᠢ᠂ ᠳᠤᠮᠳᠠᠳᠤ ᠶᠢᠨ ᠦᠨᠳᠦᠰᠦᠲᠡᠨ ᠢᠮᠠᠭᠲᠠ ᠪᠦᠯᠬᠦᠮᠳᠡᠯ ᠨᠢᠭᠡᠳᠦᠯ ᠢ ᠬᠥᠭᠡᠭᠡᠴᠡᠯᠳᠦᠭᠰᠡᠭᠡᠷ ᠢᠷᠡᠪᠡ᠃ | ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯᠪᠡᠭ ᠪᠠᠶᠠᠯᠢᠭ ᠦᠵᠡᠯ ᠰᠠᠨᠠᠭ᠎ᠠ ᠠᠭᠤᠯᠤᠭᠳᠠᠵᠤ | ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠡᠬᠢ ᠪᠠᠶᠠᠯᠢᠭ ᠪᠣᠯᠤᠨ᠎ᠠ᠃ ᠮᠢᠨᠦ ᠦᠵᠡᠬᠦ | ᠪᠠᠷ ᠡᠶᠢᠮᠦ ᠭᠤᠷᠪᠠᠨ ᠲᠤᠪᠤᠶᠢᠮ᠎ᠠ ᠢᠯᠡᠷᠡᠯ ᠪᠠᠶᠢᠨ᠎ᠠ᠃ | ᠨᠢᠭᠡ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠴᠣᠭᠴᠠᠯᠠᠨ ᠪᠠᠶᠢᠭᠤᠯᠤᠭᠰᠠᠨ ᠲᠡᠦᠬᠡᠨ | ᠠᠬᠢᠴᠠ ᠶᠢ ᠲᠡᠮᠳᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠬᠦᠴᠦᠲᠡᠢ ᠭᠡᠷᠡᠴᠢ ᠬᠠᠩᠭᠠᠪᠠ᠃ | ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠲᠡᠦᠬᠡ ᠪᠣᠯ ᠦᠨᠳᠦᠰᠦᠲᠡᠨ ᠨᠦᠭᠦᠳ ᠠᠭᠤᠰᠤᠯᠴᠠᠨ ᠨᠢᠭᠳᠠᠷᠠᠭᠰᠠᠨ ᠤᠯᠠᠨ ᠡᠰᠢᠲᠦ ᠨᠢᠭᠡ | ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ | ᠪᠠᠬᠢᠵᠢᠬᠦᠯᠦᠨ ᠨᠢᠭᠡᠳᠦᠭᠦᠯᠦᠭᠰᠡᠨ ᠠᠭᠤᠤ ᠶᠡᠭᠡ ᠡᠬᠡ ᠤᠯᠤᠰ ᠤᠨ ᠲᠡᠦᠬᠡ ᠮᠥᠨ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠡᠨᠡ ᠬᠦ ᠲᠡᠦᠬᠡ ᠨᠢ | ︽ᠬᠤᠷᠢᠨ ᠳᠦᠷᠪᠡᠨ ᠲᠡᠦᠬᠡ︾ ᠵᠡᠷᠭᠡ ᠬᠢᠲᠠᠳ ᠬᠡᠯᠡᠨ ᠤ ᠰᠤᠳᠤᠷ ᠪᠢᠴᠢᠭ ᠲᠤ ᠲᠡᠮᠳᠡᠭᠯᠡᠭᠳᠡᠵᠦ ᠪᠠᠶᠢᠬᠤ ᠪᠠᠷ ᠪᠠᠷᠠᠬᠤ ᠦᠭᠡᠢ᠂ ︽ᠪᠠᠷᠠᠭᠤᠨ ᠡᠮᠦᠨᠡᠲᠦ ᠶᠢᠨ ᠢ | ᠦᠨᠳᠦᠰᠦᠳᠡᠨ ᠤ ᠤᠶᠢᠯᠠᠯᠭ᠎ᠠ︾᠂ ᠮᠠᠨᠵᠤ ᠬᠡᠯᠡᠨ ᠤ ᠬᠠᠭᠤᠴᠢᠨ ᠳᠠᠩᠰᠠ ᠡᠪᠬᠡᠮᠡᠯ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠳ ᠲᠤ | ᠲᠡᠮᠳᠡᠭᠯᠡᠭᠳᠡᠵᠦ ᠪᠠᠶᠢᠳᠠᠭ᠃ ᠡᠷᠲᠡᠨ ᠠᠴᠠ ᠠᠪᠤᠭᠠᠳ᠂ ᠦᠨᠳᠦᠰᠦᠲᠡᠨ ᠨᠦᠭᠦᠳ ᠤᠨ ᠳᠡᠭᠡᠳᠦᠰ ᠬᠠᠷᠰᠢ ᠰᠠᠭᠠᠳ ᠢ ᠢᠯᠠᠨ ᠳᠠᠪᠠᠵᠤ᠂ ᠡᠬᠡ ᠤᠯᠤᠰ ᠤᠨ | ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠬᠠᠮᠲᠤ ᠪᠠᠷ ᠨᠡᠭᠡᠭᠡᠨ ᠬᠥᠭᠵᠢᠭᠦᠯᠪᠡ᠃ ᠡᠨᠡ ᠨᠢ ᠳ᠋ᠦᠩᠪᠠ ᠬᠡᠯᠡᠨ ᠤ ︽ᠭᠠᠯᠪᠠ ᠶᠢ ᠨᠡᠭᠡᠭᠡᠭᠰᠡᠨ ᠨᠢ︾᠂ ᠪᠦᠶ᠋ᠢ | ᠬᠡᠯᠡᠨ ᠤ ︽ᠰᠠᠷᠬᠤᠳ ᠲᠡᠪᠰᠢᠬᠦᠯᠬᠦ︾ ᠵᠡᠷᠭᠡ ᠥᠰᠥᠭ ᠪᠢᠴᠢᠭ ᠤᠨ ᠰᠤᠳᠤᠷ ᠪᠢᠴᠢᠭ᠂ ︽ᠮᠢᠶᠣᠣ ᠦᠨᠳᠦᠰᠦᠲᠡᠨ ᠤ ᠡᠷᠲᠡᠨ ᠤ ᠳᠠᠭᠤᠤ︾᠂ ︽ᠴᠢᠶᠠᠩ | ᠦᠨᠳᠦᠰᠦᠲᠡᠨ ᠤ ᠰᠡᠷᠡᠩ︾᠂ ︽ᠶᠣᠣ ᠦᠨᠳᠦᠰᠦᠲᠡᠨ ᠤ ᠰᠢᠳᠢᠳᠦ ᠦᠯᠢᠬᠡᠷ︾᠂ ︽ᠳ᠋ᠦᠩ ᠦᠨᠳᠦᠰᠦᠲᠡᠨ ᠤ ᠬᠠᠮᠳᠤ ᠶᠢᠨ ᠳᠠᠭᠤᠤ︾ ᠵᠡᠷᠭᠡ ᠠᠮᠠᠨ ᠤᠯᠠᠮᠵᠢᠯᠠᠯ ᠳᠤ | ᠴᠦᠮ ᠨᠡᠶᠢᠳᠡᠮ ᠲᠡᠮᠲᠡᠭᠯᠡᠭᠳᠡᠵᠦ ᠪᠠᠶᠢᠳᠠᠭ᠃ ᠢᠯᠠᠩᠭᠤᠶ᠎ᠠ ᠴᠢᠨ ᠬᠠᠨ ᠤᠯᠤᠰ ᠠᠴᠠ ᠨᠠᠭᠠᠰᠢ᠂ ᠦᠨᠳᠦᠰᠦᠲᠡᠨ ᠨᠦᠭᠦᠳ ᠬᠠᠷᠢᠯᠴᠠᠨ ᠶᠠᠪᠤᠯᠴᠠᠵᠤ᠂ ᠭᠠᠷ ᠬᠤᠯᠪᠣᠨ | ᠮᠥᠷᠥ ᠵᠡᠷᠭᠡᠴᠡᠵᠦ᠂ ᠬᠠᠮᠲᠤ ᠪᠠᠷ ᠬᠢᠯᠢ ᠬᠢᠵᠠᠭᠠᠷ ᠢ ᠨᠡᠭᠡᠭᠡᠵᠦ ᠨᠤᠲᠤᠭ ᠳᠡᠪᠢᠰᠬᠡᠷ ᠢᠶᠠᠨ ᠥᠷᠭᠡᠳᠬᠡᠪᠡ᠃ ᠶᠤᠸᠠᠨ᠂ ᠮᠢᠩ᠂ ᠴᠢᠩ ᠤᠯᠤᠰ ᠵᠢᠴᠢ ᠢᠷᠭᠡᠨ ᠤᠯᠤᠰ ᠤᠨ | ᠲᠥᠪ ᠵᠠᠰᠠᠭ ᠤᠨ ᠣᠷᠳᠣᠨ ᠠᠴᠠ ᠲᠥᠪᠡᠳ ᠤᠨ ᠣᠷᠣᠨ ᠨᠤᠲᠤᠭ ᠤᠨ ᠵᠠᠰᠠᠭ ᠤᠨ ᠣᠷᠳᠣᠨ ᠳᠤ ᠡᠷᠭᠦᠮᠵᠢᠯᠡᠭᠰᠡᠨ ᠫᠠᠭᠪᠠ ᠦᠰᠦᠭ᠂ ᠮᠠᠨᠵᠤ ᠦᠰᠦᠭ᠂ ᠲᠥᠪᠡᠳ | ᠦᠰᠦᠭ᠂ ᠮᠣᠩᠭᠤᠯ ᠦᠰᠦᠭ᠂ ᠬᠢᠲᠠᠳ ᠦᠰᠦᠭ ᠵᠡᠷᠭᠡ ᠪᠠᠷ ᠪᠢᠴᠢᠭᠳᠡᠭᠰᠡᠨ ᠲᠠᠮᠠᠭᠠᠲᠤ ᠪᠢᠴᠢᠭ ᠬᠠᠷ᠎ᠠ ᠳᠤ ᠲᠥᠪᠡᠳ ᠪᠣᠯ ᠡᠷᠲᠡᠨ ᠠᠴᠠ ᠮᠠᠨ ᠤ ᠤᠯᠤᠰ ᠤᠨ | ᠨᠤᠲᠤᠭ ᠳᠡᠪᠢᠰᠬᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠭᠡᠳᠡᠭ ᠢ ᠬᠦᠴᠦᠲᠡᠶ ᠭᠡᠷᠡᠴᠢᠯᠡᠪᠡ᠃ ᠮᠠᠨᠵᠤ᠂ ᠮᠣᠩᠭᠤᠯ᠂ ᠬᠢᠲᠠᠳ ᠭᠤᠷᠪᠠᠨ ᠬᠡᠯᠡᠨ ᠤ | ︽ᠵᠠᠷᠯᠢᠭ ᠢᠶᠠᠷ ᠲᠣᠭᠲᠠᠭᠠᠭᠰᠠᠨ ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠤ ᠬᠠᠤᠯᠢ ᠵᠦᠢᠯ ᠤᠨ ᠪᠢᠴᠢᠭ︾ ᠪᠣᠯ ᠴᠢᠩ ᠤᠯᠤᠰ ᠤᠨ | ᠵᠠᠰᠠᠭ ᠤᠨ ᠭᠠᠵᠠᠷ ᠠᠴᠠ ᠲᠤᠬᠠᠶ ᠶᠢᠨ ᠦᠶ᠎ᠡ ᠶᠢᠨ ᠮᠣᠩᠭᠤᠯ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠢ ᠵᠠᠰᠠᠬᠤ ᠬᠠᠤᠯᠢ ᠴᠠᠭᠠᠵᠠ ᠲᠦᠷᠢᠮ ᠲᠣᠭᠲᠠᠭᠠᠯ | ᠪᠣᠯᠤᠨ᠎ᠠ᠃ ᠡᠷᠲᠡᠨ ᠤ ᠵᠤᠸᠠᠩ ᠬᠡᠯᠡᠨ ᠤ ᠠᠷᠠᠳ ᠤᠨ ᠳᠠᠭᠤᠤ ᠶᠢᠨ ᠬᠠᠭᠤᠯᠤᠮᠠᠯ ᠳᠡᠪᠲᠡᠷ ︽ᠸᠠ ᠣᠪᠣᠭᠲᠤ ᠬᠠᠲᠤᠨ︾᠂ ᠵᠤᠸᠠᠩ` ᠤᠨ ᠰᠢ ᠵᠦᠴᠦᠭᠡ ᠶᠢᠨ ᠳᠡᠪᠲᠡᠷ | ︽ᠲᠠᠷᠢᠶᠠᠴᠢᠨ ᠦᠳᠡᠬᠦᠰ︾ ᠨᠢ ᠵᠤᠸᠠᠩ ᠦᠨᠳᠦᠰᠦᠲᠡᠨ ᠤ ᠠᠷᠠᠳ ᠤᠨ ᠲᠤᠮᠳᠠᠬᠢ ᠲᠡᠤᠬᠡᠳᠦ ᠬᠥᠮᠦᠰ ᠤᠨ ᠲᠥᠪ ᠵᠠᠰᠠᠭ ᠢᠶᠠᠨ ᠲᠠᠭᠠᠵᠤ᠂ ᠭᠠᠳᠠᠭᠠᠳᠤ ᠶᠢᠨ | ᠳᠣᠷᠣᠮᠵᠢᠯᠠᠯ ᠢ ᠬᠠᠮᠲᠤ ᠪᠠᠷ ᠡᠰᠡᠷᠭᠦᠴᠡᠭᠰᠡᠨ ᠲᠡᠤᠬᠡᠳᠦ ᠳᠠᠭᠤᠷᠢᠰᠬᠠᠯ ᠲᠠᠢ ᠶᠠᠷᠢᠶ᠎ᠠ ᠶᠢ ᠲᠡᠮᠳᠡᠭᠯᠡᠭᠰᠡᠨ ᠪᠠᠶᠢᠨ᠎ᠠ᠃ ᠰᠠᠶ᠋ᠢᠬᠠᠨ ᠵᠠᠰᠠᠵᠤ ᠰᠡᠷᠭᠦᠭᠡᠭᠰᠡᠨ ᠤᠯᠤᠰ ᠤᠨ | ᠨᠣᠮ ᠤᠨ ᠰᠠᠩ ᠤᠨ ᠪᠠᠷᠠᠭᠤᠨ ᠰᠢᠶᠠ ᠤᠯᠤᠰ ᠤᠨ ᠡᠷᠲᠡᠨ ᠤ ᠨᠤᠮ ᠪᠢᠴᠢᠭ ᠲᠤ᠂ ᠯᠢᠶᠠᠩᠵᠸᠤ ᠶᠢᠨ ᠴᠢᠭᠤᠯᠭᠠᠨ ᠭᠡᠬᠦ ᠡᠨᠡ ᠬᠦ ᠴᠢᠬᠤᠯᠠ ᠶᠡᠭᠡ ᠲᠡᠦᠬᠡᠨ ᠬᠡᠷᠡᠭ | ᠶᠠᠪᠤᠳᠠᠯ ᠤᠨ ᠲᠤᠬᠠᠶ ᠲᠡᠮᠳᠡᠭᠯᠡᠯ ᠪᠠᠶᠢᠬᠤ ᠶᠢ ᠣᠯᠵᠤ ᠮᠡᠳᠡᠪᠡ᠃ ᠠᠭᠤᠤ ᠶᠡᠭᠡ ᠡᠬᠡ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ | ᠨᠦᠭᠦᠳ ᠬᠠᠮᠲᠤ ᠪᠠᠷ ᠨᠡᠭᠡᠭᠡᠭᠰᠡᠨ ᠶᠤᠮ᠂ ᠠᠭᠤᠤ ᠶᠡᠭᠡ ᠡᠬᠡ ᠤᠯᠤᠰ ᠤᠨ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ | ᠬᠡᠳᠡᠭ ᠢ ᠴᠦᠬᠡᠨ ᠲᠤᠭᠠᠳᠤ ᠦᠨᠳᠦᠰᠦᠳᠡᠨ ᠤ ᠮᠠᠰᠢ ᠤᠯᠠᠨ ᠰᠤᠳᠤᠷ ᠪᠢᠴᠢᠭ ᠪᠢᠳᠡᠨ ᠳᠤ ᠬᠡᠯᠡᠵᠤ ᠬᠦᠤᠷᠨᠢᠵᠤ ᠪᠠᠶᠢᠨ᠎ᠠ᠃ | ᠬᠤᠶᠠᠷ ᠲᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠪᠣᠳᠠᠲᠤ ᠶᠠᠪᠤᠳᠠᠯ ᠢ ᠢᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠪᠠᠲᠤ ᠪᠠᠬᠢ ᠦᠨᠳᠦᠰᠦ ᠪᠠᠷᠢᠮᠲᠠ ᠬᠠᠩᠭᠠᠪᠠ᠃ ᠰᠤᠳᠤᠷ ᠨᠤᠮ ᠲᠠᠯᠠᠢ ᠪᠠᠶᠠᠯᠢᠭ᠂ | ᠶᠠᠩᠵᠤ ᠪᠦᠷᠢ ᠶᠢᠨ ᠬᠡᠯᠪᠡᠷᠢ ᠲᠦᠷᠰᠦ ᠲᠠᠢ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠡᠯ᠎ᠡ ᠦᠨᠳᠦᠰᠦᠲᠡᠨ ᠤ ᠲᠡᠦᠬᠡᠨ ᠪᠠᠶᠢᠳᠠᠯ ᠢ ᠠᠳᠠᠯᠢ | ᠪᠤᠰᠤ ᠲᠠᠯ᠎ᠠ ᠠᠴᠠ ᠨᠢ ᠲᠡᠮᠳᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠪᠠᠬᠢᠵᠢᠭ᠍ᠰᠡᠨ ᠲᠡᠦᠬᠡ ᠶᠢᠨ ᠶᠡᠭᠡ ᠬᠠᠨᠳᠤᠰᠢ ᠶᠢ | ᠲᠤᠰᠬᠠᠭᠰᠠᠨ ᠪᠠᠶᠢᠨ᠎ᠠ᠃ ᠶᠡᠷᠦᠩᠬᠡᠶ ᠳᠤ ᠨᠢ ᠠᠪᠴᠤ ᠦᠵᠡᠪᠡᠯ᠂ ᠬᠢᠲᠠᠳ ᠰᠣᠶᠣᠯ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠳᠤ ᠦᠵᠡᠭᠦᠯᠦᠭᠰᠡᠨ ᠨᠥᠯᠥᠭᠡ | ᠨᠢ ᠨᠡᠯᠢᠶᠡᠳ ᠶᠡᠭᠡ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠮᠠᠰᠢ ᠣᠯᠠᠨ ᠰᠤᠳᠤᠷ ᠪᠢᠴᠢᠭ ᠨᠢ ᠴᠦᠮ ᠬᠢᠲᠠᠳ ᠬᠡᠯᠡᠨ ᠠᠴᠠ ᠣᠷᠴᠢᠭᠤᠯᠤᠭᠳᠠᠵᠠᠢ᠃ | ᠵᠢᠱᠢᠶᠡᠯᠡᠪᠡᠯ᠂ ᠲᠥᠪᠡᠳ ᠬᠡᠯᠡᠨ ᠤ ︽ᠪᠠᠶᠢᠯᠳᠤᠭᠠᠨᠲᠤ ᠤᠯᠤᠰ ᠤᠨ ᠪᠣᠳᠣᠯᠭ᠎ᠠ︾᠂ ︽ᠶᠡᠭᠡ ᠲᠠᠩ ᠤᠯᠤᠰ ᠤᠨ ᠪᠠᠷᠠᠭᠤᠨ ᠣᠷᠣᠨ ᠤ ᠲᠡᠮᠳᠡᠭᠯᠡᠯ︾ ᠤᠨ ᠣᠷᠴᠢᠭᠤᠯᠭ᠎ᠠ | ᠶᠢᠨ ᠳᠡᠪᠲᠡᠷ᠂ ᠮᠣᠩᠭᠤᠯ ᠬᠡᠯᠡᠨ ᠤ ︽ᠠᠴᠢᠯᠠᠯᠲᠤ ᠨᠣᠮ︾ ᠤᠨ ᠣᠷᠴᠢᠭᠤᠯᠭ᠎ᠠ ᠶᠢᠨ ᠳᠡᠪᠲᠡᠷ᠂ ᠳ᠋ᠠᠶ ᠬᠡᠯᠡᠨ ᠤ ︽ᠪᠠᠷᠠᠭᠤᠨᠰᠢ ᠵᠣᠷᠴᠢᠭᠰᠠᠨ ᠲᠡᠮᠳᠡᠭᠯᠡᠯ︾᠂ ︽ᠪᠢᠴᠢᠭ ᠤᠨ | ᠮᠡᠷᠭᠡᠳ ᠤᠨ ᠰᠤᠯᠠ ᠱᠠᠰᠲᠢᠷ︾ ᠵᠡᠷᠭᠡ ᠥᠭᠦᠯᠡᠯᠭᠡ ᠶᠢᠨ ᠣᠷᠴᠢᠭᠤᠯᠭ᠎ᠠ ᠪᠠᠶᠢᠳᠠᠭ᠂ ᠮᠠᠨᠵᠤ ᠬᠡᠯᠡᠨ ᠳᠤ ᠬᠢ ᠬᠢᠲᠠᠳ ᠬᠡᠯᠡᠨ ᠠᠴᠠ ᠣᠷᠴᠢᠭᠤᠯᠤᠭᠳᠠᠭᠰᠠᠨ ᠰᠤᠳᠤᠷ | ᠪᠢᠴᠢᠭ ᠨᠢ ᠨᠡᠩ ᠴᠤ ᠨᠣᠮ ᠰᠤᠳᠤᠷ ᠵᠤᠬᠢᠶᠠᠯ ᠲᠡᠭᠦᠪᠦᠷᠢ ᠪᠦᠬᠦᠨ ᠳᠤ ᠲᠦᠭᠡᠵᠦ᠂ ᠲᠤᠭ᠎ᠠ ᠲᠤᠮᠰᠢ ᠦᠭᠡᠢ ᠣᠯᠠᠨ ᠪᠠᠶᠢᠳᠠᠭ᠃ ᠡᠭᠦᠨ ᠤ ᠬᠠᠮᠲᠤ᠂ ᠬᠢᠲᠠᠳ | ᠦᠨᠳᠦᠰᠦᠲᠡᠨ ᠴᠦ ᠴᠥᠭᠡᠨ ᠲᠣᠭᠠᠲᠤ ᠦᠨᠳᠦᠰᠦᠲᠡᠨ ᠤ ᠰᠣᠶᠣᠯ ᠠᠴᠠ ᠲᠠᠰᠤᠷᠠᠯᠲᠠ ᠦᠭᠡᠢ ᠰᠢᠮ᠎ᠡ ᠲᠡᠵᠢᠭᠡᠯ ᠬᠦᠷᠲᠡᠭᠰᠡᠭᠡᠷ ᠢᠷᠡᠵᠡᠢ᠃ ᠵᠢᠱᠢᠶᠡᠯᠡᠪᠡᠯ᠂ ᠤᠳᠬ᠎ᠠ | ᠵᠣᠬᠢᠶᠠᠯ ᠤᠨ ᠬᠦᠷᠢᠶᠡᠨ ᠳᠤ ᠰᠢᠯᠦᠭᠯᠡᠯᠲᠦ ᠨᠣᠮ᠂ ᠴᠥ᠋ ᠤᠯᠤᠰ ᠤᠨ ᠤᠶᠠᠩᠭ᠎ᠠ᠂ ᠲᠠᠩ ᠤᠯᠤᠰ ᠤᠨ ᠰᠢᠯᠦᠭ᠂ ᠰᠦᠩ ᠤᠯᠤᠰ ᠤᠨ ᠳᠠᠭᠤᠯᠠᠯ᠂ ᠶᠤᠸᠠᠨ ᠤᠯᠤᠰ ᠤᠨ | ᠳᠠᠭᠤᠷᠢᠯᠢᠭ ᠲᠤ ᠴᠦᠮ ᠮᠠᠰᠢ ᠣᠯᠠᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠪᠦᠷᠢᠯᠳᠦᠬᠦᠨ ᠲᠠᠢ ᠶᠤᠮ︔ ᠲᠡᠦᠬᠡ ᠶᠢᠨ ᠤᠬᠠᠭᠠᠨ ᠤ | ᠬᠦᠷᠢᠶᠡᠨ ᠳᠤ᠂ ᠮᠣᠩᠭᠤᠯ ᠬᠡᠯᠡᠨ ᠤ ︽ᠮᠣᠩᠭᠤᠯ ᠤᠨ ᠨᠢᠭᠤᠴᠠ ᠲᠣᠪᠴᠢᠶᠠᠨ︾᠂ ︽ᠡᠷᠳᠡᠨᠢ ᠶᠢᠨ ᠲᠣᠪᠴᠢ︾ ᠪᠣᠯᠤᠨ ︽ᠠᠯᠲᠠᠨ ᠲᠣᠪᠴᠢ︾ ᠭᠡᠬᠦ ᠭᠤᠷᠪᠠᠨ ᠲᠣᠮᠣ | ᠲᠡᠦᠬᠡᠨ ᠪᠦᠲᠦᠭᠡᠯ ᠢ ᠤᠷᠢᠳ ᠬᠤᠵᠢᠳ ᠮᠢᠩ ᠴᠢᠩ ᠤᠯᠤᠰ ᠤᠨ ᠦᠶ᠎ᠡ ᠳᠤ ᠬᠢᠲᠠᠳ ᠬᠡᠯᠡ ᠪᠠᠷ ᠣᠷᠴᠢᠭᠤᠯᠵᠤ᠂ ᠬᠢᠲᠠᠳ ᠬᠡᠯᠡᠨ ᠤ ᠲᠡᠤᠬᠡ ᠰᠤᠳᠤᠷ ᠤᠨ | ᠲᠡᠮᠳᠡᠭᠯᠡᠯ ᠤᠨ ᠭᠦᠢᠴᠡᠳ ᠦᠭᠡᠶ ᠲᠠᠯ᠎ᠠ ᠶᠢ ᠨᠥᠬᠦᠪᠥᠷᠢᠯᠡᠪᠡ᠃ ᠡᠭᠦᠨ ᠠᠴᠠ ᠭᠠᠳᠠᠨ᠎ᠠ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠨᠢ ᠪᠠᠰᠠ ᠡᠯ᠎ᠡ | ᠴᠥᠭᠡᠨ ᠲᠣᠭᠠᠲᠤ ᠦᠨᠳᠦᠰᠦᠲᠡᠨ ᠤ ᠬᠤᠭᠤᠷᠣᠨᠳᠣᠬᠢ ᠬᠠᠷᠢᠯᠴᠠᠨ ᠰᠤᠷᠤᠯᠴᠠᠵᠤ᠂ ᠨᠥᠯᠥᠭᠡᠯᠡᠭᠰᠡᠨ ᠥᠩᠭᠡᠷᠡᠯᠲᠡ ᠶᠢ ᠲᠤᠰᠬᠠᠭᠰᠠᠨ ᠪᠠᠶᠢᠳᠠᠭ᠃ ᠵᠢᠱᠢᠶᠡᠯᠡᠪᠡᠯ᠂ | ᠮᠣᠩᠭᠤᠯ ᠦᠨᠳᠦᠰᠦᠲᠡᠨ ᠤ ᠫᠠᠭᠪᠠ ᠦᠰᠦᠭ ᠢ ᠲᠥᠰᠦᠪᠯᠡᠬᠦ ᠳᠤ ᠪᠠᠨ ᠲᠥᠪᠡᠳ ᠦᠰᠦᠭ ᠢᠶᠠᠷ ᠯᠠᠪᠯᠠᠯᠲᠠ ᠪᠣᠯᠭᠠᠭᠰᠠᠨ ᠪᠠᠶᠢᠵᠠᠢ᠃ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠲᠤ ᠶᠡᠭᠡ ᠬᠡᠮᠵᠢᠶᠡᠨ ᠤ ᠬᠤᠶᠠᠷ ᠬᠡᠯᠡ ᠬᠠᠪᠰᠤᠷᠭᠠᠭᠰᠠᠨ᠂ ᠭᠤᠷᠪᠠᠨ ᠬᠡᠯᠡ ᠬᠠᠪᠰᠤᠷᠭᠠᠭᠰᠠᠨ᠂ ᠲᠦᠷᠪᠡᠨ ᠬᠡᠯᠡ | ᠬᠠᠪᠰᠤᠷᠭᠠᠭᠰᠠᠨ᠂ ᠴᠠᠭᠠᠰᠢᠯᠠᠪᠠᠯ ᠲᠠᠪᠤᠨ ᠬᠡᠯᠡ ᠬᠠᠪᠰᠤᠷᠭᠠᠭᠰᠠᠨ ᠨᠣᠮ ᠰᠤᠳᠤᠷ ᠪᠤᠢ᠃ ᠵᠢᠱᠢᠶᠡᠯᠡᠪᠡᠯ ᠴᠢᠩ ᠤᠯᠤᠰ ᠤᠨ ᠦᠶ᠎ᠡ ᠶᠢᠨ ᠮᠠᠨᠵᠤ ᠮᠣᠩᠭᠤᠯ | ᠬᠠᠪᠰᠤᠷᠭᠠᠭᠰᠠᠨ ᠮᠣᠩᠭᠤᠯ ᠰᠤᠷᠭᠠᠭᠤᠯᠢ ᠶᠢᠨ ᠤᠩᠰᠢᠬᠤ ᠪᠢᠴᠢᠭ ︽ᠭᠤᠷᠪᠠᠨ ᠦᠰᠦᠭᠲᠦ ᠨᠣᠮ︾᠂ ᠮᠠᠨᠵᠤ ᠲᠥᠪᠡᠳ ᠮᠣᠩᠭᠤᠯ ᠤᠶᠢᠭᠤᠷ ᠬᠢᠲᠠᠳ ᠬᠠᠪᠰᠤᠷᠭᠠᠭᠰᠠᠨ | ᠲᠤᠯᠢ ᠪᠢᠴᠢᠭ ︽ᠬᠠᠭᠠᠨ ᠤ ᠵᠣᠬᠢᠶᠠᠭᠰᠠᠨ ᠲᠠᠪᠤᠨ ᠬᠡᠯᠡᠨ ᠤ ᠮᠠᠨᠵᠤ ᠦᠬᠡᠨ ᠤ ᠲᠤᠯᠢ ᠪᠢᠴᠢᠭ︾ ᠵᠡᠷᠭᠡ ᠪᠤᠢ᠃ ᠶᠡᠭᠡ ᠬᠡᠮᠵᠢᠶᠡᠨ ᠤ ᠴᠥᠭᠡᠨ ᠲᠣᠭᠠᠲᠤ | ᠦᠨᠳᠦᠰᠦᠲᠡᠨ ᠤ ᠠᠷᠠᠳ ᠤᠨ ᠭᠡᠷ᠎ᠡ ᠪᠠ ᠠᠯᠪᠠᠨ ᠪᠢᠴᠢᠭ ᠨᠢ ᠪᠠᠰᠠ ᠲᠡᠦᠬᠡᠨ ᠳᠡᠭᠡᠷᠡᠬᠢ ᠡᠯ᠎ᠡ ᠦᠨᠳᠦᠰᠦᠲᠡᠨ ᠤ ᠠᠵᠤ ᠠᠬᠤᠢ ᠪᠠ ᠰᠣᠶᠣᠯ ᠤᠨ ᠶᠠᠪᠤᠯᠴᠠᠭᠠᠨ ᠤ | ᠨᠢᠭᠲᠠ ᠬᠠᠷᠢᠴᠠᠭ᠎ᠠ ᠶᠢ ᠭᠦᠢᠴᠡᠳ ᠲᠤᠰᠬᠠᠭᠰᠠᠨ ᠪᠠᠶᠢᠨ᠎ᠠ᠃ ᠳᠡᠭᠡᠷᠡᠬᠢ ᠪᠣᠳᠠᠲᠤ ᠶᠠᠪᠤᠳᠠᠯ ᠨᠢ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ | ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ | ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠬᠦᠴᠦᠲᠡᠢ ᠭᠡᠷᠡᠴᠢᠯᠡᠪᠡ᠃ | ᠭᠤᠷᠪᠠ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠡᠷᠡᠯ ᠰᠠᠴᠤᠷᠠᠩᠭᠤᠢ ᠡᠷᠳᠡᠨᠢᠰ ᠤᠨ ᠰᠠᠩ ᠢ ᠪᠠᠶᠠᠯᠢᠭᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠬᠤ ᠳᠤ ᠰᠣᠶᠣᠯ ᠤᠨ ᠰᠢᠮ᠎ᠡ ᠲᠡᠵᠢᠭᠡᠯ ᠬᠠᠩᠭᠠᠪᠠ᠃ ᠴᠥᠭᠡᠨ ᠲᠣᠭᠠᠲᠤ ᠦᠨᠳᠦᠰᠦᠲᠡᠨ ᠤ | ᠰᠤᠳᠤᠷ ᠪᠢᠴᠢᠭ ᠲᠤ ᠠᠵᠤ ᠠᠬᠤᠢ᠂ ᠤᠯᠤᠰ ᠲᠦᠷᠦ᠂ ᠭᠦᠨ ᠤᠬᠠᠭᠠᠨ᠂ ᠬᠠᠤᠯᠢ ᠴᠠᠭᠠᠵᠠ᠂ ᠲᠡᠦᠬᠡ᠂ ᠱᠠᠰᠢᠨ ᠰᠤᠷᠲᠠᠬᠤᠨ᠂ ᠴᠡᠷᠢᠭ ᠤᠨ ᠶᠠᠪᠤᠳᠠᠯ᠂ ᠤᠳᠬ᠎ᠠ | ᠵᠣᠬᠢᠶᠠᠯ᠂ ᠤᠷᠠᠯᠢᠭ᠂ ᠦᠭᠡ ᠬᠡᠯᠡ᠂ ᠦᠰᠦᠭ ᠪᠢᠴᠢᠭ᠂ ᠭᠠᠵᠠᠷ ᠵᠦᠢ᠂ ᠤᠳᠤᠨ ᠣᠷᠣᠨ᠂ ᠵᠢᠷᠤᠬᠠᠢ᠂ ᠠᠨᠠᠭᠠᠬᠤ ᠤᠬᠠᠭᠠᠨ ᠵᠡᠷᠭᠡ ᠠᠭᠤᠯᠭ᠎ᠠ ᠶᠢ ᠬᠠᠮᠤᠷᠴᠦ᠂ ᠮᠠᠰᠢ | ᠤᠯᠠᠨ ᠰᠣᠶᠣᠯ ᠤᠨ ᠬᠤᠪᠣᠷ ᠡᠷᠳᠡᠨᠢ ᠶᠢ ᠪᠠᠭᠲᠠᠭᠠᠵᠤ ᠪᠠᠶᠢᠳᠠᠭ᠃ ᠵᠢᠱᠢᠶᠡᠯᠡᠪᠡᠯ᠂ ︽ᠭᠤᠷᠪᠠᠨ ᠲᠤᠮᠤ ᠲᠤᠤᠯᠢ︾ — ︽ᠭᠡᠰᠡᠷ︾᠂ ︽ᠵᠢᠩᠭᠠᠷ︾᠂ ︽ᠮᠠᠨᠠᠰ︾ ᠨᠢ ᠬᠥᠮᠦᠰ | ᠤᠨ ᠰᠡᠳᠬᠢᠯ ᠢ ᠳᠣᠩᠰᠣᠯᠭᠠᠵᠤ᠂ ᠴᠦᠮ ᠳᠡᠯᠡᠬᠡᠢ ᠳ᠋ᠠᠬᠢᠨ ᠳᠤ ᠠᠯᠳᠠᠷᠰᠢᠭᠰᠠᠨ ᠬᠡᠳᠦᠨ ᠠᠷᠪᠠᠨ ᠲᠦᠮᠡᠨ ᠰᠢᠯᠦᠭ ᠤᠨ ᠠᠪᠤᠷᠭᠤ ᠪᠦᠲᠦᠭᠡᠯ ᠪᠠᠶᠢᠭᠰᠠᠨ ᠢᠶᠠᠷ ᠨᠡᠷ᠎ᠡ | ᠨᠢᠳᠡᠷ ᠲᠤ ᠪᠠᠨ ᠨᠡᠶᠢᠴᠡᠭᠰᠡᠨ ᠬᠥᠮᠦᠨ ᠲᠥᠷᠥᠯᠬᠢᠲᠡᠨ ᠤ ᠬᠠᠮᠤᠭ ᠤᠨ ᠠᠭᠤᠤ ᠶᠡᠭᠡ ᠪᠠᠭᠠᠲᠤᠷᠯᠢᠭ ᠲᠤᠤᠯᠢᠰ ᠤᠨ ᠡᠩᠨᠡᠭᠡᠨ ᠳᠤ ᠵᠢᠭᠰᠠᠭᠠᠭᠳᠠᠭᠰᠠᠨ ᠪᠠᠶᠢᠨ᠎ᠠ᠃ ᠳ᠋ᠠᠶ | ᠥᠰᠥᠭ᠂ ᠲᠥᠪᠡᠳ ᠥᠰᠥᠭ᠂ ᠮᠠᠨᠵᠤ ᠥᠰᠥᠭ᠂ ᠮᠣᠩᠭᠤᠯ ᠥᠰᠥᠭ᠂ ᠪᠠᠷᠠᠭᠤᠨ ᠰᠢᠶᠠ ᠥᠰᠥᠭ ᠤᠨ ︽ᠭᠠᠨᠵᠤᠤᠷ ᠳ᠋ᠠᠨᠵᠤᠤᠷ︾ ᠨᠢ ᠬᠢᠲᠠᠳ ᠥᠰᠥᠭ ᠤᠨ | ︽ᠭᠠᠨᠵᠤᠤᠷ ᠳ᠋ᠠᠨᠵᠤᠤᠷ︾ ᠲᠠᠢ ᠬᠠᠮᠲᠤ᠂ ᠵᠢᠷᠭᠤᠭᠠᠨ ᠵᠦᠶᠯ ᠤᠨ ᠥᠰᠥᠭ ᠪᠢᠴᠢᠭ ᠤᠨ ᠰᠢᠰᠲ᠋ᠧᠮ ᠢᠶᠠᠷ ᠥᠩᠭᠡ ᠢᠯᠭᠠᠷᠠᠨ ᠮᠢᠷᠠᠯᠵᠠᠵᠤ᠂ ᠦᠨᠢᠷ ᠪᠠᠶᠠᠨ ᠠᠤᠭ᠎ᠠ | ᠰᠦᠷ ᠢᠶᠠᠷ ᠢᠶᠠᠨ ᠳᠡᠯᠡᠬᠡᠶ ᠳᠡᠭᠡᠷᠡᠬᠢ ᠬᠠᠮᠤᠭ ᠤᠨ ᠪᠦᠷᠢᠨ ᠲᠦᠬᠦᠷ ᠭᠠᠨᠵᠤᠤᠷ ᠳ᠋ᠠᠨᠵᠤᠤᠷ ᠤᠨ ᠰᠢᠰᠲ᠋ᠧᠮ ᠢ ᠪᠦᠷᠢᠯᠳᠦᠭᠦᠯᠵᠦ᠂ ᠡᠷᠲᠡᠨ ᠤ ᠬᠥᠮᠦᠨ ᠲᠥᠷᠥᠯᠬᠢᠲᠡᠨ ᠤ | ᠰᠣᠶᠣᠯ ᠤᠨ ᠲᠡᠦᠬᠡᠨ ᠳᠡᠭᠡᠷ᠎ᠡ ᠥᠪᠡᠷᠮᠢᠴᠡ ᠣᠨᠴᠠᠯᠢᠭ ᠢᠶᠠᠨ ᠢᠯᠡᠷᠡᠭᠦᠯᠵᠡᠢ᠃ ᠮᠢᠶᠣᠣ ᠦᠨᠳᠦᠰᠦᠲᠡᠨ᠂ ᠳ᠋ᠦᠩ ᠦᠨᠳᠦᠰᠦᠲᠡᠨ᠂ ᠮᠦᠯᠤᠤ ᠦᠨᠳᠦᠰᠦᠲᠡᠨ ᠳᠤ | ᠡᠳᠦᠭᠡ ᠪᠣᠯᠲᠠᠯ᠎ᠠ ᠤᠯᠠᠮᠵᠢᠯᠠᠭᠳᠠᠭᠰᠠᠨ ᠲᠤᠰᠬᠤᠨ ᠤ ᠵᠠᠩ ᠲᠠᠳᠬᠠᠯ ᠤᠨ ᠬᠥᠰᠢᠶᠡᠨ ᠤ ᠰᠡᠶᠢᠯᠦᠮᠡᠯ ᠨᠢ ᠴᠥᠭᠡᠨ ᠲᠣᠭᠠᠲᠤ ᠦᠨᠳᠦᠰᠦᠲᠡᠨ ᠤ ᠰᠣᠶᠣᠯ ᠳᠠᠬᠢ | ᠪᠠᠶᠢᠭᠠᠯᠢ ᠶᠢ ᠡᠷᠬᠢᠮᠯᠡᠬᠦ᠂ ᠵᠣᠴᠢᠨᠰᠠᠭ ᠵᠠᠩ ᠠᠭᠠᠯᠢ ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠰᠢᠯᠢᠳᠡᠭ ᠤᠯᠠᠮᠵᠢᠯᠠᠯ ᠢ ᠲᠡᠮᠳᠡᠭᠯᠡᠵᠦ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠤᠯᠤᠰ ᠤᠨ | ᠤᠢᠢᠷ᠎ᠠ ᠦᠶ᠎ᠡ ᠶᠢᠨ ᠰᠣᠶᠣᠯ ᠡᠷᠳᠡᠮ ᠰᠢᠨᠵᠢᠯᠡᠭᠡᠨ ᠤ ᠲᠡᠦᠬᠡ ᠶᠢᠨ ᠲᠦᠷᠪᠡᠨ ᠶᠡᠭᠡ ᠢᠯᠡᠷᠡᠭᠦᠯᠦᠯᠲᠡ ᠶᠢᠨ ᠨᠢᠭᠡ ᠪᠣᠯᠬᠤ ᠳ᠋ᠦᠨᠬᠤᠸᠠᠩ ᠤᠨ ᠦᠯᠡᠳᠡᠭᠳᠡᠯ ᠨᠣᠮ | ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠴᠦ ᠨᠡᠯᠢᠶᠡᠳ ᠶᠡᠭᠡ ᠬᠤᠪᠢ ᠶᠢ ᠡᠵᠡᠯᠡᠵᠦ᠂ ᠮᠠᠰᠢ ᠶᠡᠭᠡ ᠲᠡᠦᠬᠡ ᠶᠢᠨ | ᠳᠤᠷᠠᠰᠬᠠᠯᠲᠤ ᠵᠦᠢᠯ ᠤᠨ ᠴᠢᠨᠠᠷ ᠲᠠᠢ᠂ ᠡᠷᠳᠡᠮ ᠰᠢᠨᠵᠢᠯᠡᠭᠡᠨ ᠤ ᠮᠠᠲ᠋ᠧᠷᠢᠶᠠᠯ ᠤᠨ ᠴᠢᠨᠠᠷ ᠲᠠᠢ᠂ ᠤᠷᠠᠯᠢᠭ ᠤᠨ ᠲᠥᠯᠥᠭᠡᠯᠡᠬᠦ ᠴᠢᠨᠠᠷ ᠲᠠᠢ ᠪᠠᠶᠢᠳᠠᠭ᠃ ᠳᠤᠮᠳᠠᠳᠤ ᠶᠢᠨ | ᠰᠣᠶᠣᠯ ᠳᠤ ᠡᠯ᠎ᠡ ᠦᠨᠳᠦᠰᠦᠲᠡᠨ ᠤ ᠰᠣᠶᠣᠯ ᠢ ᠶᠡᠭᠡ ᠪᠠᠷ ᠬᠤᠷᠠᠮᠳᠤᠭᠤᠯᠤᠭᠰᠠᠨ ᠵᠢᠱᠢᠶ᠎ᠡ ᠶᠢ ᠲᠣᠭᠠᠴᠢᠭᠠᠳ ᠪᠠᠷᠠᠬᠤ ᠦᠭᠡᠢ ᠶᠤᠮ᠃ ᠦᠨᠳᠦᠰᠦᠲᠡᠨ ᠨᠦᠭᠦᠳ ᠤᠨ | ᠰᠣᠶᠣᠯ ᠰᠣᠯᠪᠢᠴᠠᠨ ᠭᠡᠷᠡᠯᠲᠦᠵᠦ᠂ ᠳᠤᠮᠳᠠᠳᠤ ᠶᠢᠨ ᠰᠣᠶᠣᠯ ᠶᠠᠪᠤᠬᠤ ᠲᠤᠳᠤᠮ ᠰᠢᠨᠡᠳᠴᠦ᠂ ᠮᠠᠨ ᠤ ᠰᠣᠶᠣᠯ ᠤᠨ ᠢᠲᠡᠭᠡᠯ ᠳᠤ ᠠᠪᠤᠭᠠᠳ ᠪᠠᠷᠠᠰᠢ ᠦᠭᠡᠢ᠂ | ᠬᠡᠷᠡᠭᠯᠡᠭᠡᠳ ᠳᠠᠭᠤᠰᠤᠰᠢ ᠦᠭᠡᠢ ᠤᠷᠤᠰᠬᠠᠯ ᠤᠰᠤ ᠮᠡᠲᠦ ᠡᠬᠢ ᠰᠤᠷᠪᠤᠯᠵᠢ ᠶᠢ ᠬᠠᠩᠭᠠᠪᠠ᠃ | ᠰᠤᠷᠪᠤᠯᠵᠢᠯᠠᠭᠴᠢ᠄ ᠳᠠᠷᠠᠭᠠᠴᠢ ᠶᠢᠨ ᠠᠯᠬᠤᠮ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠨᠢ ᠬᠡᠷᠬᠢᠨ ᠶᠡᠷᠦᠩᠬᠡᠢ ᠱᠦᠵᠢ ᠰᠢ | ᠶᠢᠨ ᠫᠢᠩ ᠤᠨ ᠴᠢᠬᠤᠯᠠ ᠥᠭᠦᠯᠡᠯᠲᠡ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠳᠤ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠬᠤ | ᠪᠤᠢ︖ | ᠵᠠᠩ ᠮᠸᠤ᠄ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠪᠠᠲᠤ | ᠡᠵᠡᠮᠳᠡᠵᠦ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠠᠴᠠ ᠭᠠᠷᠳᠠᠨ ᠠᠵᠢᠯ ᠢᠶᠠᠨ ᠰᠠᠶᠢᠲᠤᠷ ᠬᠢᠨ᠎ᠡ᠃ | ᠨᠢᠭᠡ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠴᠤᠭᠯᠠᠭᠤᠯᠬᠤ᠂ ᠬᠠᠮᠠᠭᠠᠯᠠᠬᠤ ᠠᠵᠢᠯ ᠢ ᠠᠬᠢᠭᠤᠯᠵᠤ᠂ ᠤᠯᠠᠨ ᠵᠠᠭᠤᠨ ᠵᠢᠯ ᠤᠨ | ᠡᠭᠦᠳᠦᠨ ᠪᠦᠳᠦᠬᠡᠵᠤ ᠤᠯᠠᠮᠵᠢᠯᠠᠭᠳᠠᠵᠤ ᠢᠷᠡᠭᠰᠡᠨ ᠬᠤᠪᠣᠷ ᠨᠠᠨᠳᠢᠨ ᠰᠣᠶᠣᠯ ᠤᠨ ᠥᠪ ᠢ ︽ᠦᠯᠡᠳᠡᠭᠡᠵᠦ ᠳᠡᠶᠢᠯᠬᠦ︾ ᠪᠣᠯᠭᠠᠨ᠎ᠠ᠃ ᠪᠠᠶᠢᠳᠠᠯ ᠢ ᠲᠣᠳᠣᠷᠬᠠᠶ | ᠣᠶᠢᠯᠠᠭᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠠᠳᠠᠭᠠᠯᠠᠯᠲᠠ ᠯᠤᠲᠤ ᠶᠡᠭᠡ᠂ ᠬᠠᠳᠠᠭᠠᠯᠠᠯᠳᠠ ᠲᠠᠷᠠᠬᠠᠶ ᠪᠤᠲᠠᠷᠬᠠᠶ ᠪᠠᠶᠢᠬᠤ ᠣᠨᠴᠠᠯᠢᠭ ᠲᠤ | ᠴᠢᠭᠯᠡᠭᠦᠯᠦᠨ᠂ ᠠᠷᠠᠳ ᠤᠨ ᠲᠤᠮᠳᠠ ᠭᠦᠨᠵᠡᠭᠡᠶᠢᠷᠡᠨ ᠰᠤᠷᠠᠭ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠲᠥᠷᠥᠯ ᠬᠤᠪᠢᠶᠠᠨ ᠪᠦᠷᠢᠳᠬᠡᠬᠦ᠂ ᠰᠢᠰᠲ᠋ᠧᠮ ᠲᠠᠢ ᠬᠤᠷᠢᠶᠠᠨ ᠴᠤᠭᠯᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠡᠭᠦᠨ ᠢᠶᠠᠷ ︽ᠳᠤᠮᠳᠠᠳᠤ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠶᠡᠷᠦᠩᠬᠡᠶ ᠭᠠᠷᠴᠠᠭ ᠤᠨ ᠲᠣᠪᠴᠢ︾ ᠶᠢ ᠨᠠᠶᠢᠷᠠᠭᠤᠯᠤᠨ ᠪᠢᠴᠢᠵᠦ ᠬᠡᠪᠯᠡᠭᠦᠯᠬᠦ ᠠᠬᠢᠴᠠ ᠶᠢ | ᠲᠦᠷᠭᠡᠳᠬᠡᠬᠦ ᠬᠡᠷᠡᠭᠳᠡᠢ᠃ ᠱᠠᠲᠤ ᠲᠡᠰ ᠬᠤᠪᠢᠶᠠᠨ ᠬᠠᠮᠠᠭᠠᠯᠠᠵᠤ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠶᠣᠰᠣᠭᠠᠷ ᠴᠥᠭᠡᠨ | ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠲᠥᠷᠥᠯ ᠬᠤᠪᠢᠶᠠᠨ ᠲᠣᠭᠠᠯᠠᠨ ᠪᠦᠷᠢᠳᠬᠡᠬᠦ ᠠᠵᠢᠯ ᠢ ᠰᠠᠶᠢᠲᠤᠷ ᠬᠢᠵᠦ᠂ ︽ᠳᠤᠮᠳᠠᠳᠤ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠤᠨ ᠳᠡᠰ ᠲᠤᠭᠳᠠᠭᠠᠯᠳᠠ︾ ᠶᠢᠨ ᠤᠯᠤᠰ ᠤᠨ ᠪᠠᠷᠢᠮᠵᠢᠶ᠎ᠠ ᠶᠢ ᠳᠡᠯᠭᠡᠷᠡᠭᠦᠯᠬᠦ ᠲᠠᠢ | ᠤᠶᠠᠯᠳᠤᠭᠤᠯᠤᠨ᠂ ᠲᠡᠦᠬᠡ᠂ ᠦᠵᠡᠯ ᠰᠠᠨᠠᠭ᠎ᠠ ᠪᠣᠯᠤᠨ ᠰᠣᠶᠣᠯ ᠤᠨ ᠴᠢᠬᠤᠯᠠ ᠦᠨ᠎ᠡ ᠥᠷᠲᠡᠭ ᠲᠠᠢ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ | ᠬᠢᠨᠠᠮᠠᠭᠠᠶ ᠰᠣᠩᠭᠤᠨ ︽ᠤᠯᠤᠰ ᠤᠨ ᠬᠤᠪᠣᠷ ᠨᠠᠨᠳᠢᠨ ᠰᠤᠳᠤᠷ ᠪᠢᠴᠢᠭ ᠤᠨ ᠨᠡᠷᠡᠰ ᠤᠨ ᠲᠡᠭᠦᠪᠦᠷᠢ︾ ᠳᠤ ᠮᠡᠳᠡᠭᠦᠯᠦᠨ᠎ᠡ᠃ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠪᠦᠬᠦ ᠤᠯᠤᠰ ᠤᠨ ᠡᠯ᠎ᠡ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠤᠳᠤᠯᠭᠠᠨ᠂ | ᠬᠠᠳᠠᠭᠠᠯᠠᠯᠲᠠ᠂ ᠬᠡᠪᠯᠡᠯ ᠤᠨ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠤᠯᠠᠨ ᠵᠦᠢᠯ ᠤᠨ ᠦᠰᠦᠭ ᠪᠢᠴᠢᠭ ᠤᠯᠠᠨ ᠲᠦᠷᠦᠯ ᠤᠨ ᠰᠢᠨᠵᠢᠯᠡᠭᠡᠨ ᠤ | ᠰᠠᠯᠠᠭ᠎ᠠ ᠰᠣᠯᠪᠢᠴᠠᠵᠤ ᠪᠠᠶᠢᠭ᠎ᠠ ᠬᠦᠴᠢᠷ ᠠᠰᠠᠭᠤᠳᠠᠯ ᠢ ᠢᠯᠠᠨ ᠳᠠᠪᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠲᠣᠭᠠᠴᠢᠯᠠᠭᠰᠠᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠲᠣᠭᠠᠴᠢᠯᠠᠭᠰᠠᠨ ᠪᠠᠷᠢᠮᠵᠢᠶ᠎ᠠ ᠲᠣᠭᠲᠠᠭᠠᠬᠤ ᠶᠢ ᠠᠬᠢᠭᠤᠯᠵᠤ᠂ ᠲᠣᠭᠠᠴᠢᠯᠠᠭᠰᠠᠨ ᠡᠬᠢ ᠪᠠᠶᠠᠯᠢᠭ | ᠤᠨ ᠨᠡᠭᠡᠭᠡᠯᠳᠠ ᠶᠢ ᠥᠷᠭᠡᠳᠬᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠬᠤᠶᠠᠷ ᠲᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠰᠤᠳᠤᠯᠭᠠᠨ᠂ ᠲᠠᠶᠢᠯᠪᠤᠷᠢᠯᠠᠯᠲᠠ ᠬᠢᠬᠦ ᠠᠵᠢᠯ ᠢ ᠠᠬᠢᠭᠤᠯᠵᠤ᠂ ᠡᠷᠲᠡᠨ ᠤ ᠰᠤᠳᠤᠷ | ᠪᠢᠴᠢᠭ ᠲᠤᠯᠭᠤᠷ ᠪᠢᠴᠢᠭ ᠢᠶᠠᠷ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢ ᠪᠠᠬᠢᠵᠢᠭᠦᠯᠬᠦ ᠳᠤ ︽ᠰᠠᠶᠢᠲᠤᠷ ᠬᠦᠴᠦ ᠨᠡᠮᠡᠷᠢᠯᠡᠨ᠎ᠡ︾᠃ ᠰᠣᠳᠣᠨ ᠪᠦᠲᠦᠭᠡᠯ | ᠤᠨ ᠤᠬᠠᠮᠰᠠᠷ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ᠂ ᠡᠷᠲᠡᠨ ᠤ | ᠳᠤᠮᠳᠠᠳᠤ ᠤᠯᠤᠰ ᠤᠨ ᠤᠯᠤᠰ ᠤᠷᠤᠨ ᠤ ᠨᠢᠭᠡᠳᠦᠯ ᠢ ᠬᠠᠮᠠᠭᠠᠯᠠᠭᠰᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠨᠡᠮᠡᠭᠳᠡᠬᠦᠯᠦᠭᠰᠡᠨ ᠬᠠᠮᠢᠶ᠎ᠠ ᠪᠦᠬᠦᠢ ᠬᠦᠮᠦᠰ ᠪᠤᠶᠤ ᠦᠢᠯᠡ ᠶᠠᠪᠤᠳᠠᠯ ᠢ ᠲᠡᠮᠳᠡᠭᠯᠡᠭᠰᠡᠨ ᠨᠢᠭᠡ ᠪᠦᠯᠦᠭ ᠡᠷᠲᠡᠨ ᠤ ᠰᠤᠳᠤᠷ ᠪᠢᠴᠢᠭ ᠲᠤᠯᠭᠤᠷ ᠪᠢᠴᠢᠭ ᠢ ᠰᠢᠰᠲ᠋ᠧᠮ | ᠲᠠᠢ ᠡᠮᠬᠢᠯᠡᠵᠦ᠂ ᠨᠢᠭᠡ ᠪᠦᠯᠦᠭ ᠰᠢᠯᠢᠳᠡᠭ ᠦᠷ᠎ᠡ ᠪᠦᠲᠦᠭᠡᠯ ᠢ ᠨᠠᠶᠢᠷᠠᠭᠤᠯᠤᠨ ᠬᠡᠪᠯᠡᠭᠦᠯᠦᠨ᠎ᠡ᠃ ᠡᠯ᠎ᠡ ᠲᠠᠯ᠎ᠠ ᠶᠢᠨ ᠨᠡᠶᠢᠯᠡᠭ ᠬᠦᠴᠦᠨ ᠢ ᠨᠢᠭᠲᠠᠷᠠᠭᠤᠯᠵᠤ᠂ ᠪᠦᠬᠦ | ᠤᠯᠤᠰ ᠤᠨ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠲᠤᠰᠬᠠᠶ ᠮᠡᠷᠭᠡᠵᠢᠯᠲᠡᠨ ᠡᠷᠳᠡᠮᠲᠡᠨ ᠢ ᠳᠠᠶᠢᠴᠢᠯᠠᠨ ᠳᠡᠮᠵᠢᠵᠦ᠂ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠪᠠ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠥᠭᠦᠯᠡᠯ ᠤᠨ ᠲᠤᠰᠬᠠᠶ ᠬᠡᠪᠯᠡᠯ ᠵᠢᠴᠢ ᠡᠷᠳᠡᠮ ᠰᠢᠨᠵᠢᠯᠡᠭᠡᠨ ᠤ ᠲᠤᠰᠬᠠᠶ ᠵᠣᠬᠢᠶᠠᠯ ᠬᠡᠪᠯᠡᠭᠦᠯᠬᠦ | ᠵᠡᠷᠭᠡ ᠬᠡᠯᠪᠡᠷᠢ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠳᠤ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠴᠥᠭᠡᠨ ᠲᠣᠭᠠᠲᠤ ᠦᠨᠳᠦᠰᠦᠲᠡᠨ ᠤ ᠲᠡᠦᠬᠡ ᠰᠣᠶᠣᠯ ᠤᠨ | ᠰᠤᠳᠤᠯᠭᠠᠨ ᠢ ᠠᠬᠢᠭᠤᠯᠤᠨ᠎ᠠ᠃ ᠴᠢᠳᠠᠪᠤᠷᠢᠲᠠᠨ ᠤ ᠱᠠᠳᠤᠯᠠᠭᠰᠠᠨ ᠡᠩᠨᠡᠭᠡ ᠶᠢ ᠪᠠᠶᠢᠭᠤᠯᠵᠤ᠂ ︽ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ | ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠠᠮᠠᠭᠠᠯᠠᠯᠲᠠ ᠪᠠ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ︾᠂ ︽ᠤᠯᠤᠰ ᠤᠨ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤᠯᠭᠤᠷ ᠪᠢᠴᠢᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢᠨ ᠭᠠᠵᠠᠷ︾ ᠵᠡᠷᠭᠡ ᠲᠠᠪᠴᠠᠩ ᠳᠤ ᠲᠦᠰᠢᠭᠯᠡᠨ᠂ ᠴᠢᠳᠠᠪᠤᠷᠢᠲᠠᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠲᠤᠰᠬᠠᠶᠢᠵᠢᠭᠰᠠᠨ᠂ ᠵᠠᠯᠠᠭᠤᠵᠢᠭᠰᠠᠨ᠂ ᠬᠦᠴᠢᠷ ᠵᠦᠳᠡᠷᠡᠯ ᠢ ᠲᠡᠰᠪᠦᠷᠢᠯᠡᠵᠤ᠂ ᠰᠢᠯᠵᠢᠰᠢ ᠦᠬᠡᠢ ᠪᠠᠳᠤ ᠵᠣᠷᠢᠭ ᠲᠠᠢ | ᠬᠡᠪ ᠪᠤᠯᠪᠠᠰᠤᠷᠠᠯ ᠥᠨᠳᠥᠷ ᠪᠥᠬᠦᠶ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠠᠷᠠᠳ ᠤᠨ ᠠᠮᠠᠨ ᠤᠯᠠᠮᠵᠢᠯᠠᠯ ᠤᠨ | ᠰᠤᠳᠤᠷ ᠪᠢᠴᠢᠭ ᠤᠨ ᠤᠯᠠᠮᠵᠢᠯᠠᠭᠴᠢ ᠶᠢ ᠬᠠᠮᠠᠭᠠᠯᠠᠨ ᠠᠪᠤᠷᠬᠠᠤ ᠡᠷᠴᠢᠮ ᠢ ᠴᠢᠩᠭᠠᠷᠠᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ | ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠪᠠᠲᠤᠯᠠᠨ᠎ᠠ᠃ | ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠤᠬᠠᠭᠤᠯᠬᠤ᠂ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠰᠤᠳᠤᠷ ᠪᠢᠴᠢᠭ ᠲᠤ | ᠪᠢᠴᠢᠭᠳᠡᠭᠰᠡᠨ ᠦᠰᠦᠭ ᠪᠢᠴᠢᠭ ᠢ ︽ᠠᠮᠢᠳᠤᠯᠢᠭ︾ ᠪᠣᠯᠭᠠᠨ᠎ᠠ᠃ ᠴᠠᠭ ᠦᠶ᠎ᠡ ᠶᠢᠨ ᠰᠤᠳᠠᠰᠤ ᠲᠠᠢ ᠨᠢᠭᠲᠠ ᠤᠶᠠᠯᠳᠤᠭᠤᠯᠤᠨ᠂ ︽ᠤᠬᠢ ᠰᠣᠳᠣ ᠶᠢ ᠨᠢ ᠠᠪᠴᠤ | ᠰᠢᠭᠠᠷᠤ ᠶᠢ ᠨᠢ ᠬᠠᠶᠠᠬᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠭᠤᠷᠴᠤ ᠰᠢᠨ᠎ᠡ ᠶᠢ ᠭᠠᠷᠭᠠᠬᠤ︾ ᠰᠤᠳᠤᠷ ᠪᠢᠴᠢᠭ ᠤᠨ ᠠᠵᠢᠯ ᠤᠨ | ᠵᠠᠷᠴᠢᠮ ᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠰᠣᠶᠣᠯ ᠤᠨ ᠡᠬᠢ ᠪᠠᠶᠠᠯᠢᠭ ᠢ ᠤᠳᠤ ᠦᠶ᠎ᠡ ᠶᠢᠨ ᠰᠣᠶᠣᠯ ᠤᠨ ᠰᠣᠳᠣᠨ | ᠪᠦᠲᠦᠭᠡᠯ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠳᠣᠪᠣᠶᠢᠯᠭᠠᠨ᠎ᠠ᠃ ᠤᠬᠠᠭᠤᠯᠭ᠎ᠠ ᠶᠢᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠲᠧᠯᠸᠢᠰ ᠫᠷᠤᠭ᠍ᠷᠠᠮ ᠦᠢᠯᠡᠳᠬᠦ᠂ | ᠰᠦᠯᠵᠢᠶᠡᠨ ᠤ ᠸᠢᠳᠢᠣ᠋ ᠦᠢᠯᠡᠳᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠲᠤᠰᠬᠠᠶ ᠰᠡᠳᠦᠪᠲᠦ ᠦᠵᠡᠭᠦᠯᠭᠡ ᠥᠷᠨᠢᠭᠦᠯᠬᠦ᠂ ᠰᠤᠳᠤᠷ ᠪᠢᠴᠢᠭ ᠢ | ᠰᠡᠷᠭᠦᠭᠡᠨ ᠵᠠᠰᠠᠬᠤ ᠤᠷ᠎ᠠ ᠮᠡᠷᠭᠡᠵᠢᠯ ᠤᠨ ᠦᠵᠡᠭᠦᠯᠭᠡ ᠭᠠᠷᠭᠠᠬᠤ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠦᠨᠳᠦᠰᠦᠨ ᠱᠠᠲᠤᠨ ᠳᠤ ᠪᠠᠭᠤᠯᠭᠠᠬᠤ︾ | ᠬᠦᠳᠡᠯᠬᠡᠬᠡᠨ ᠵᠡᠷᠭᠡ ᠬᠡᠯᠪᠡᠷᠢ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠮᠡᠳᠡᠯᠭᠡ ᠶᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃ | ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠪᠣᠯᠤᠨ ᠰᠣᠶᠣᠯ ᠤᠨ ᠡᠭᠦᠳᠦᠯᠲᠡ᠂ ᠵᠢᠭᠤᠯᠴᠢᠯᠠᠯ ᠵᠡᠷᠭᠡ ᠠᠵᠤ ᠦᠢᠯᠡᠰ ᠤᠨ ᠰᠢᠨ᠎ᠡ ᠶᠢ ᠡᠬᠦᠳᠦᠨ ᠠᠭᠤᠰᠤᠯᠴᠠᠬᠤ ᠢ | ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ | ᠴᠢᠨᠠᠷᠲᠠᠢ ᠬᠦᠭᠵᠢᠯᠳᠡ ᠶᠢ ᠪᠡᠶᠡᠯᠡᠬᠦᠯᠬᠦ ᠶᠢ ᠠᠬᠢᠭᠤᠯᠤᠨ᠎ᠠ᠃ |