6 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ | ᠪᠥᠬᠦ ᠨᠠᠮ ᠤᠨ ᠭᠡᠰᠢᠭᠦᠨ ᠺᠠᠳ᠋ᠷ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ | ᠨᠠᠮ ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠬᠤᠷᠠᠯ | ᠡᠷᠬᠢᠯᠡᠪᠡ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ | ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠪᠦᠬᠦ ᠨᠠᠮ ᠤᠨ ᠭᠡᠰᠢᠭᠦᠨ ᠺᠠᠳ᠋ᠷ ᠲᠤ ᠨᠠᠮ ᠤᠨ ᠲᠡᠦᠬᠡ | ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠤ ᠪᠤᠢ | | ᠸᠠᠩ ᠵᠢᠶᠦ᠋ᠨ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠡᠷᠡᠮᠡᠬᠡᠶᠢᠯᠡᠨ ᠤᠷᠤᠭᠰᠢᠯᠠᠬᠤ | ᠬᠦᠴᠦᠨ ᠢ ᠰᠢᠩᠭᠡᠭᠡᠨ ᠠᠪᠴᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠤᠶ᠎ᠠ︾ ᠭᠡᠬᠦ ᠰᠡᠳᠦᠪ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ | ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠨᠠᠮ ᠤᠨ ᠦᠨᠳᠦᠰᠦᠲᠡᠨ ᠤ ᠠᠵᠢᠯ ᠤᠨ ᠲᠡᠦᠬᠡ ᠶᠢ ᠪᠦᠬᠦ ᠲᠠᠯ᠎ᠠ ᠪᠠᠷ᠂ | ᠵᠥᠪ ᠣᠨᠣᠪᠴᠢᠲᠠᠢ᠂ ᠪᠦᠷᠢᠨ ᠪᠦᠲᠦᠨ ᠤᠢᠢᠯᠠᠭᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠲᠠᠢ ᠨᠢᠭᠳᠠ ᠤᠶᠠᠯᠳᠤᠭᠤᠯᠵᠤ ᠰᠢᠨ᠎ᠡ ᠴᠠᠭ ᠦᠶ᠎ᠡ ᠶᠢᠨ ᠦᠨᠳᠦᠰᠦᠲᠡᠨ | ᠤ ᠠᠵᠢᠯ ᠢ ᠰᠠᠶᠢᠲᠤᠷ ᠬᠢᠬᠦ ᠵᠡᠷᠬᠡ ᠭᠤᠷᠪᠠᠨ ᠲᠠᠯ᠎ᠠ ᠪᠠᠷ ᠲᠤᠰᠬᠠᠢ ᠰᠡᠳᠦᠪᠲᠦ ᠬᠢᠴᠢᠶᠡᠯ ᠣᠷᠣᠪᠠ᠃ | ᠸᠠᠩ ᠵᠢᠶᠦ᠋ᠨ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ | ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠡᠦᠬᠡ ᠶᠢ ᠰᠤᠷᠤᠯᠴᠠᠵᠤ ᠶᠣᠰᠣ ᠤᠴᠢᠷ ᠢ | ᠤᠶᠢᠯᠠᠭᠠᠵᠤ᠂ ᠲᠡᠦᠬᠡ ᠶᠢ ᠰᠤᠷᠤᠯᠴᠠᠵᠤ ᠢᠳᠡᠬᠡᠯ ᠵᠤᠷᠢᠭ ᠢᠶᠠᠨ ᠨᠡᠮᠡᠭᠳᠡᠬᠦᠯᠵᠦ᠂ ᠲᠡᠦᠬᠡ ᠶᠢ ᠰᠤᠷᠤᠯᠴᠠᠵᠤ ᠶᠤᠰᠤ | ᠰᠤᠷᠲᠠᠬᠤᠨ ᠢ ᠡᠷᠬᠢᠮᠯᠡᠵᠤ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ︾ ᠪᠠ ︽ᠨᠠᠮ ᠤᠨ ᠲᠡᠦᠬᠡ | ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠪᠣᠳᠠᠲᠠᠶ ᠶᠠᠪᠤᠳᠠᠯ ᠬᠢᠵᠤ᠂ ᠰᠢᠨ᠎ᠡ ᠪᠠᠶᠢᠳᠠᠯ ᠢ ᠡᠭᠦᠳᠬᠦ︾ | ᠬᠠᠷᠠᠯᠲᠠ ᠱᠠᠭᠠᠷᠳᠠᠯᠭ᠎ᠠ ᠶᠢ ᠴᠢᠩᠭ᠎ᠠ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ | ᠳᠠᠮᠵᠢᠭᠤᠯᠵᠤ᠂ ᠨᠠᠮ ᠤᠨ ᠲᠡᠮᠡᠴᠡᠵᠤ ᠢᠷᠡᠭᠰᠡᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ ᠲᠡᠮᠡᠴᠡᠯ ᠤᠨ | ᠵᠣᠷᠢᠭ ᠢᠶᠠᠨ ᠬᠦᠪᠴᠢᠯᠡᠵᠤ᠂ ᠴᠢᠭᠯᠡᠯ ᠢᠶᠠᠨ ᠦᠨᠡᠨ ᠬᠦ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ | ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠳᠤᠳᠬᠠᠵᠤ᠂ ᠬᠦᠴᠦᠨ ᠢᠶᠠᠨ ᠨᠢᠭᠳᠠᠷᠠᠭᠤᠯᠵᠤ᠂ ᠨᠠᠮ ᠤᠨ | ᠦᠶᠯᠡᠳᠦᠯᠭᠡ ᠶᠢᠨ ᠡᠬᠦᠳᠦᠨ ᠪᠦᠳᠦᠬᠡᠯᠳᠡ ᠪᠠ ᠲᠠᠤᠬᠡᠳᠦ ᠲᠤᠷᠰᠢᠯᠭ᠎ᠠ ᠪᠠᠷ ᠤᠢ ᠪᠢᠯᠢᠭ ᠢᠶᠠᠨ ᠬᠤᠷᠴᠠᠯᠠᠵᠤ᠂ ᠣᠪᠣᠷ | ᠰᠤᠷᠲᠠᠯ ᠢᠶᠠᠨ ᠬᠠᠳᠠᠭᠤᠵᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠵᠠᠮ ᠪᠠ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠤᠷᠤᠭᠰᠢᠯᠠᠯᠲᠠ | ᠶᠢᠨ ᠵᠠᠮ ᠢᠶᠠᠷ ᠰᠢᠨ᠎ᠡ ᠪᠠᠶᠢᠳᠠᠯ ᠢ ᠡᠬᠦᠳᠴᠦ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠤ ᠵᠢᠭᠠᠪᠠ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠪᠣᠯᠤᠨ | ᠵᠦᠪᠯᠡᠯ ᠤᠨ ᠬᠠᠷᠢᠶ᠎ᠠ ᠨᠢᠭᠡᠴᠢ ᠶᠢᠨ ᠪᠦᠬᠦ ᠺᠠᠳ᠋ᠷ ᠠᠵᠢᠯᠳᠠᠨ᠂ ᠬᠡᠰᠡᠭ ᠠᠬᠠᠮᠠᠳ ᠨᠠᠮ ᠤᠨ ᠭᠡᠰᠢᠭᠦᠨ᠂ ᠠᠵᠢᠯ ᠠᠴᠠ | ᠪᠠᠨ ᠠᠮᠠᠷᠠᠭᠰᠠᠨ ᠺᠠᠳ᠋ᠷ ᠤᠨ ᠲᠥᠯᠥᠭᠡᠯᠡᠭᠴᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ | | ᠸᠠᠩ ᠵᠢᠶᠦ᠋ᠨ ᠠᠴᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯ ᠦᠨᠳᠦᠰᠦᠲᠡᠨ ᠤ ᠠᠵᠢᠯ ᠤᠨ ᠭᠤᠤᠯ | ᠬᠠᠷᠢᠭᠤᠴᠠᠯᠭᠠᠲᠤ ᠰᠠᠯᠠᠭ᠎ᠠ ᠮᠥᠴᠢᠷ ᠶᠤᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ | ᠬᠦᠴᠦᠨ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠢᠯᠠᠩᠭᠤᠶ᠎ᠠ ᠨᠠᠮ ᠤᠨ ᠦᠨᠳᠦᠰᠦᠲᠡᠨ ᠤ | ᠠᠵᠢᠯ ᠤᠨ ᠲᠡᠦᠬᠡ ᠶᠢ ᠰᠠᠶᠢᠲᠤᠷ ᠰᠤᠷᠤᠯᠴᠠᠵᠤ᠂ ᠰᠠᠶᠢᠲᠤᠷ ᠰᠤᠳᠤᠯᠵᠤ᠂ ᠰᠠᠶᠢᠲᠤᠷ ᠤᠯᠠᠮᠵᠢᠯᠠᠬᠤ ᠪᠣᠯ ᠨᠠᠮ ᠤᠨ | ᠭᠡᠰᠢᠭᠦᠨ ᠺᠠᠳ᠋ᠷ ᠨᠢᠭᠡᠪᠦᠷᠢ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠤᠯᠤᠨ᠎ᠠ᠂ ᠲᠡᠷᠡᠴᠢᠯᠡᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠨᠢᠭᠡᠨ ᠴᠢᠬᠤᠯᠠ ᠡᠭᠦᠷᠭᠡ ᠮᠥᠨ᠃ ᠵᠠᠭᠤᠨ ᠵᠢᠯ ᠤᠨ ᠨᠠᠮ ᠤᠨ ᠲᠡᠦᠬᠡ ᠨᠢ᠂ | ᠢᠯᠠᠩᠭᠤᠶ᠎ᠠ ᠨᠠᠮ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ | ᠲᠡᠮᠡᠴᠡᠵᠦ᠂ ᠠᠭᠤᠤ ᠶᠡᠭᠡ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠲᠡᠤᠬᠡ ᠪᠠᠷ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤᠳᠬᠠᠵᠤ᠂ ᠲᠡᠦᠬᠡ ᠠᠴᠠ ᠤᠶᠤᠨ ᠤᠬᠠᠭᠠᠨ ᠬᠦᠴᠦᠨ ᠴᠢᠳᠠᠯ ᠢ ᠰᠢᠩᠬᠡᠬᠡᠨ | ᠠᠪᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠶᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠬᠡᠵᠤ | ᠴᠢᠬᠤᠯᠠᠴᠢᠯᠠᠭᠰᠠᠨ ᠪᠠᠶᠢᠨ᠎ᠠ᠃ | ᠸᠠᠩ ᠵᠢᠶᠦ᠋ᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ ᠨᠢᠭᠳᠠ ᠤᠶᠠᠯᠳᠤᠭᠤᠯᠵᠤ᠂ ᠡᠨᠡ ᠬᠦ | ᠭᠤᠣᠯ ᠰᠢᠵᠢᠮ ᠢ ᠢᠮᠠᠭᠲᠠ ᠦᠨᠳᠦᠰᠦᠲᠡᠨ ᠤ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ | ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠰᠤᠷᠤᠯᠴᠠᠨ ᠤᠬᠠᠭᠤᠯᠬᠤ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ᠂ ᠶᠡᠷᠦᠩᠬᠡᠶ ᠱᠦᠵᠢ ᠰᠢ | ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠸᠠᠩ ᠶᠠᠩ ᠨᠥᠬᠦᠷ ᠤᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠲᠣᠭᠤᠷᠢᠨ | ᠪᠠᠶᠢᠴᠠᠭᠠᠬᠤ ᠪᠦᠯᠬᠦᠮ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠪᠥᠬᠦ ᠲᠠᠯ᠎ᠠ | ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠬᠡᠷᠡᠭᠲᠡᠶ᠃ ᠳᠥᠷᠪᠡ ᠳᠤ᠂ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠭᠡᠰᠢᠭᠦᠨ ᠪᠠᠶᠢᠭᠤᠯᠭ᠎ᠠ ᠶᠢᠨ ᠠᠵᠢᠯ᠂ ᠦᠨᠳᠦᠰᠦᠲᠡᠨ ᠤ ᠠᠵᠢᠯ ᠢ ᠰᠢᠯᠭᠠᠨ ᠬᠢᠨᠠᠵᠤ ᠦᠨᠡᠯᠡᠬᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠨᠡᠯᠡᠨ ᠵᠢᠱᠢᠵᠦ ᠲᠣᠭᠲᠠᠭᠠᠬᠤ᠂ | ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ︽ᠳᠥᠷᠪᠡᠨ ᠵᠦᠶᠯ︾ ᠤᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠨᠡᠨ | ᠬᠦ ᠬᠠᠮᠠᠭᠠᠯᠠᠬᠤ ᠬᠡᠷᠡᠭᠲᠡᠶ ᠬᠡᠵᠤ ᠱᠠᠭᠠᠷᠳᠠᠪᠠ᠃ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ | ᠬᠤᠷᠠᠯ ᠤᠨ ᠳᠠᠷᠠᠭ᠎ᠠ᠂ ᠸᠠᠩ ᠵᠢᠶᠦ᠋ᠨ ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠢ | ᠳᠠᠬᠢᠨ ᠤᠩᠰᠢᠵᠤ ᠲᠠᠩᠭᠠᠷᠢᠭᠯᠠᠪᠠ᠃ | | ᠸᠠᠩ ᠵᠢᠶᠦ᠋ᠨ ᠪᠥᠬᠦ ᠨᠠᠮ ᠤᠨ ᠬᠡᠰᠢᠬᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠢ ᠳᠠᠬᠢᠨ | ᠤᠩᠰᠢᠵᠤ ᠪᠤᠢ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠪᠣᠯᠤᠨ | ᠵᠥᠪᠯᠡᠯ ᠤᠨ ᠬᠠᠷᠢᠶ᠎ᠠ ᠨᠢᠭᠡᠴᠢ ᠶᠢᠨ ᠪᠦᠬᠦ ᠺᠠᠳ᠋ᠷ ᠠᠵᠢᠯᠳᠠᠨ᠂ ᠬᠡᠰᠡᠭ ᠠᠬᠠᠮᠠᠳ ᠨᠠᠮ ᠤᠨ ᠭᠡᠰᠢᠭᠦᠨ᠂ ᠠᠵᠢᠯ ᠠᠴᠠ | ᠪᠠᠨ ᠠᠮᠠᠷᠠᠭᠰᠠᠨ ᠺᠠᠳ᠋ᠷ ᠤᠨ ᠲᠥᠯᠥᠭᠡᠯᠡᠭᠴᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ |