7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ | ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠯᠢ ᠰᠢᠶᠠ ᠬᠥᠬᠡᠬᠤᠲᠠ ᠶᠢᠨ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ | ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ | ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠬᠤ ᠶᠢᠨ | ᠬᠠᠮᠲᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ᠂ ᠨᠠᠩ ᠥᠨᠳᠥᠷ ᠪᠠᠷᠢᠮᠵᠢᠶ᠎ᠠ ᠶᠢ ᠪᠠᠷᠢᠮᠲᠠᠯᠠᠵᠤ᠂ ︽ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠡᠯ᠎ᠡ ᠵᠦᠢᠯ ᠤᠨ ᠠᠵᠢᠯᠯᠠᠭ᠎ᠠ ᠶᠢ ᠨᠠᠷᠢᠯᠢᠭ ᠲᠥᠯᠥᠪᠵᠢᠭᠦᠯᠦᠨ | ᠵᠣᠬᠢᠶᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠮᠦᠵᠢᠯ ᠤᠨ | ᠠᠵᠢᠯ ᠢ ᠰᠠᠶᠢᠲᠤᠷ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ | ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ | ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠨᠡᠶᠢᠭᠡᠮ ᠤᠨ ᠳᠠᠪᠬᠤᠷᠭ᠎ᠠ ᠶᠢᠨ | ᠰᠢᠨ᠎ᠡ ᠬᠥᠮᠦᠰ ᠲᠤ ᠨᠢᠭᠡᠳᠦᠮᠡᠯ ᠹᠷᠣᠨᠲ ᠤᠨ ᠠᠵᠢᠯ᠂ ᠨᠢᠭᠡᠳᠦᠮᠡᠯ ᠹᠷᠣᠨᠲ ᠤᠨ ᠤᠬᠠᠭᠤᠯᠭ᠎ᠠ ᠶᠢᠨ ᠠᠵᠢᠯ ᠪᠠ | ᠱᠠᠰᠢᠨ ᠰᠤᠷᠲᠠᠬᠤᠨ ᠤ ᠠᠵᠢᠯ ᠢ ᠴᠢᠨᠠᠬᠰᠢᠳᠠ ᠰᠠᠶᠢᠲᠤᠷ ᠬᠢᠵᠦ᠂ ᠣᠷᠣᠨ ᠤ ᠲᠥᠪ ᠤᠨ ᠨᠢᠭᠡᠳᠦᠮᠡᠯ ᠹᠷᠣᠨᠲ ᠤᠨ | ᠨᠢᠭᠲᠠᠷᠠᠭᠤᠯᠬᠤ ᠬᠦᠴᠦᠨ ᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠢᠭᠡ ᠬᠥᠯᠭᠡ | ᠰᠢᠳᠠᠷ᠎ᠠ ᠮᠡᠳᠦ ᠪᠠᠶᠢᠬᠤ︾ ᠤᠬᠠᠮᠰᠠᠷ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠪᠠᠨ ᠲᠠᠬᠢᠨ ᠨᠠᠶᠢᠳᠠᠪᠤᠷᠢᠵᠢᠭᠤᠯᠬᠤ᠂ | ᠬᠠᠮᠵᠢᠯᠴᠠᠭ᠎ᠠ ᠪᠠᠨ ᠲᠠᠬᠢᠨ ᠴᠢᠩᠭᠠᠳᠬᠠᠬᠤ᠂ ᠶᠠᠰᠤ ᠴᠢᠨᠠᠷ ᠦᠷ᠎ᠡ ᠪᠦᠲᠦᠮᠵᠢ ᠪᠠᠨ ᠲᠠᠬᠢᠨ ᠳᠡᠭᠡᠭᠰᠢᠯᠡᠭᠦᠯᠬᠦ᠂ | ᠱᠠᠭᠠᠷᠳᠠᠨ ᠪᠠᠶᠢᠴᠠᠭᠠᠬᠤ ᠪᠠᠨ ᠲᠠᠬᠢᠨ ᠴᠢᠩᠳᠠᠯᠠᠬᠤ ᠶᠢ ᠦᠨᠡᠨ ᠬᠦ ᠪᠡᠶᠡᠯᠡᠭᠦᠯᠵᠦ᠂ ᠣᠷᠣᠨ ᠤ ᠲᠥᠪ ᠤᠨ ᠨᠢᠭᠡᠳᠦᠮᠡᠯ | ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠣᠮᠣ | ᠨᠢᠭᠡᠳᠦᠮᠡᠯ ᠹᠷᠣᠨᠲ ᠤᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | |