ᠸᠠᠩ ᠵᠢᠶᠦ᠋ᠨ ᠠᠵᠤ ᠠᠬᠤᠶ ᠶᠢᠨ ᠬᠥᠭᠵᠢᠯᠲᠡ ᠶᠢᠨ ᠭᠠᠵᠠᠷ ᠤᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/7/24
     7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠠᠵᠤ ᠠᠬᠤᠶ ᠶᠢᠨ ᠬᠥᠭᠵᠢᠯᠲᠡ ᠶᠢᠨ ᠭᠠᠵᠠᠷ ᠤᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠭᠰᠠᠨ ᠪᠥᠭᠡᠳ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠯ᠎ᠡ ᠨᠠᠮ ᠤᠨ ᠡᠭᠦᠷ ᠤᠨ ᠲᠠᠷᠠᠭᠠᠴᠢ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃
     ᠸᠠᠩ ᠵᠢᠶᠦ᠋ᠨ ᠠᠵᠤ ᠠᠬᠤᠢ ᠶᠢᠨ ᠬᠥᠭᠵᠢᠯᠲᠡ ᠶᠢᠨ ᠭᠠᠵᠠᠷ ᠤᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠭᠰᠠᠨ ᠪᠥᠭᠡᠳ ᠵᠢᠭᠠᠨ ᠵᠢᠯᠣᠭᠤᠳᠪᠠ            ᠸᠠᠩ ᠵᠢᠶᠦ᠋ᠨ ᠠᠵᠤ ᠠᠬᠤᠶ ᠶᠢᠨ ᠬᠥᠭᠵᠢᠯᠲᠡ ᠶᠢᠨ ᠭᠠᠵᠠᠷ ᠤᠨ ᠨᠠᠮ ᠤᠨ ᠡᠭᠦᠷ ᠤᠨ ᠡᠨᠡ ᠤᠳᠠᠭ᠎ᠠ ᠶᠢᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠨᠤᠲᠠᠯᠠᠵᠤ᠂ ᠪᠡᠯᠡᠳᠬᠡᠯ ᠬᠦᠢᠴᠡᠳ᠂ ᠠᠰᠠᠭᠤᠳᠠᠯ ᠢ ᠡᠷᠢᠵᠦ ᠣᠯᠤᠭᠰᠠᠨ ᠨᠢ ᠪᠣᠳᠠᠲᠠᠶ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠭᠰᠡᠨ ᠨᠢ ᠦᠨᠡᠨᠴᠢ ᠰᠢᠳᠤᠷᠭᠤ ᠪᠠᠶᠢᠵᠤ᠂ ︽ᠨᠢᠭᠤᠷ ᠢ ᠨᠢ ᠤᠯᠠᠶᠢᠯᠭᠠᠬᠤ︾ ︽ᠬᠥᠯᠥᠰᠥ ᠶᠢ ᠨᠢ ᠭᠠᠷᠭᠠᠬᠤ︾ ᠵᠣᠷᠢᠯᠭ᠎ᠠ ᠳᠤ ᠪᠠᠨ ᠬᠦᠷᠴᠦ ᠴᠢᠳᠠᠬᠰᠠᠨ ᠪᠦᠭᠡᠳ ᠶᠡᠷᠦᠩᠬᠡᠶ ᠳᠤ ᠪᠠᠨ ᠨᠠᠷᠢᠨ ᠬᠢᠨᠠᠮᠠᠭᠠᠶ᠂ ᠦᠨᠡᠨᠴᠢ ᠰᠢᠳᠤᠷᠭᠤ᠂ ᠪᠣᠳᠠᠲᠠᠶ ᠶᠢ ᠡᠷᠬᠢᠮᠯᠡᠭᠰᠡᠨ ᠪᠠᠶᠢᠨ᠎ᠠ ᠭᠡᠵᠡᠢ᠃      ᠸᠠᠩ ᠵᠢᠶᠦ᠋ᠨ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠲᠠᠯ᠎ᠠ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠴᠢ ᠬᠤᠯᠪᠣᠭᠳᠠᠯ ᠪᠠ ᠦᠢᠯᠡᠳᠦᠯ ᠢ ᠤᠶᠢᠯᠠᠭᠠᠨ ᠡᠵᠡᠮᠰᠢᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠭᠠᠵᠠᠷ ᠤᠨ ᠲᠠᠰ ᠤᠨ ᠺᠠᠳ᠋ᠷ ᠤᠨ ᠲᠤᠳᠤᠷᠠᠬᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠭᠦᠨᠵᠡᠭᠡᠶ ᠰᠤᠷᠤᠯᠴᠠᠨ᠂ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠳᠤ ᠪᠠᠨ ᠵᠣᠷᠢᠭᠲᠠᠶ ᠪᠠᠷ ᠳᠤᠲᠠᠭᠳᠠᠯ ᠢᠶᠠᠨ ᠢᠯᠡᠴᠢᠯᠡᠨ ᠮᠠᠭᠤ ᠪᠠᠨ ᠲᠤᠷᠠᠳᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤ ᠪᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠣᠯᠵᠤ᠂ ᠦᠨᠡᠨ ᠬᠦ ᠥᠨᠳᠥᠷ ᠲᠦᠪᠰᠢᠨ ᠲᠠᠢ ᠴᠢᠨᠠᠷ ᠰᠠᠶᠢᠲᠠᠶ ᠬᠤᠷᠠᠯ ᠢ ᠬᠢᠬᠦ ᠬᠡᠷᠡᠭᠲᠡᠶ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ᠂ ᠤᠯᠤᠰ ᠲᠦᠷᠦ᠂ ᠣᠪᠣᠷ ᠤᠨ ᠲᠠᠯ᠎ᠠ ᠪᠠᠷ ᠬᠢ ᠭᠦᠨ ᠳᠠᠪᠬᠤᠷᠭ᠎ᠠ ᠶᠢᠨ ᠠᠰᠠᠭᠤᠳᠠᠯ ᠢ ᠭᠤᠣᠯᠴᠢᠯᠠᠨ ᠰᠢᠢᠳᠪᠦᠷᠢᠯᠡᠬᠦ ᠬᠡᠷᠡᠭᠲᠡᠢ᠃ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠤᠨ ᠣᠪᠣᠷ ᠪᠠ ᠰᠤᠷᠲᠠᠯ ᠢᠶᠠᠨ ᠲᠥᠪ ᠴᠢᠩᠭ᠎ᠠ ᠪᠣᠯᠭᠠᠵᠤ᠂ ᠦᠵᠡᠯ ᠰᠠᠨᠠᠭ᠎ᠠ᠂ ᠤᠯᠤᠰ ᠲᠥᠷᠥ ᠪᠠ ᠰᠤᠷᠲᠠᠯ ᠤᠨ ᠲᠠᠯ᠎ᠠ ᠪᠠᠷ ᠣᠯᠤᠯᠲᠠ ᠲᠠᠢ᠂ ᠰᠠᠶᠢᠵᠢᠷᠠᠯᠲᠠ ᠲᠠᠢ ᠪᠤᠯᠬᠤ ᠬᠡᠷᠡᠭᠳᠡᠢ᠃ ︽ᠳᠥᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠪᠦᠯᠬᠦᠮᠳᠡᠯ ᠲᠣᠭᠲᠠᠭᠤᠨ᠂ ᠴᠡᠴᠡᠭᠯᠡᠯ ᠬᠥᠭᠵᠢᠯᠲᠡ ᠶᠢ ᠠᠬᠢᠭᠤᠯᠬᠤ ᠳᠡᠭᠡᠷ᠎ᠡ ᠨᠢᠭᠡᠳᠬᠡᠵᠦ᠂ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠡᠭᠡᠷ᠎ᠡ ᠨᠢᠭᠡᠳᠬᠡᠬᠦ ᠬᠡᠷᠡᠭᠲᠡᠶ᠃ ᠭᠤᠷᠪᠠ ᠳᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠪᠣᠯᠭᠠᠬᠤ ᠶᠢ ᠬᠦᠴᠦᠲᠡᠶ ᠠᠬᠢᠭᠤᠯᠬᠤ ᠬᠡᠷᠡᠭᠲᠡᠶ᠃ ᠨᠠᠷᠢᠯᠢᠬᠵᠢᠭᠤᠯᠬᠤ᠂ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠴᠢᠭᠯᠡᠯᠲᠦ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠠᠶ ᠶᠢ ᠡᠷᠬᠢᠮᠯᠡᠭᠰᠡᠨ ᠲᠤᠰᠠᠲᠠᠶ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠳᠤᠯᠠᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠳᠦᠰᠦᠲᠡᠨ ᠤ ᠠᠵᠢᠯ ᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠨ᠂ ᠴᠤ᠋ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ᠂ ᠰᠡᠳᠬᠢᠴᠡ ᠠᠷᠭ᠎ᠠ ᠬᠡᠮᠵᠢᠶ᠎ᠡ᠂ ᠤᠪᠤᠷ ᠰᠤᠷᠲᠠᠯ ᠳᠦᠷᠢ ᠲᠥᠷᠬᠦ ᠪᠠᠷ ᠣᠳᠣᠬᠠᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠰᠢᠨ᠎ᠡ ᠠᠬᠢᠴᠠ ᠲᠠᠢ ᠪᠣᠯᠬᠤ ᠪᠠ ᠰᠢᠨ᠎ᠡ ᠪᠠᠶᠢᠳᠠᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠶ ᠭᠡᠵᠦ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠯ᠎ᠡ ᠨᠠᠮ ᠤᠨ ᠡᠭᠦᠷ ᠢ ᠱᠠᠭᠠᠷᠳᠠᠵᠠᠢ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠶᠠᠨ ᠡᠾᠦ᠋ᠢ ᠯᠦᠩ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠭᠰᠠᠨ ᠪᠥᠭᠡᠳ ᠦᠨᠡᠯᠡᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠨᠥᠬᠦᠳ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠵᠠᠢ᠃
      ᠬᠤᠷᠠᠯ ᠤᠨ ᠲᠠᠯᠠᠪᠠᠢ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ