ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠥᠷᠥ ᠶᠢᠨ ᠪᠣᠳᠣᠯᠭ᠎ᠠ | ᠬᠠᠤᠯᠢ ᠳᠦᠷᠢᠮ ᠤᠨ ᠭᠠᠵᠠᠷ᠂ ᠬᠢᠨᠠᠯᠲᠠ ᠲᠠᠯᠪᠢᠨ ᠪᠠᠶᠢᠴᠠᠭᠠᠬᠤ ᠭᠠᠵᠠᠷ ᠤᠨ ᠨᠠᠮ ᠤᠨ ᠡᠭᠦᠷ ᠲᠦᠩ ᠳ᠋ᠤᠤ ᠬᠤᠶᠢᠲᠤ | ᠵᠡᠭᠡᠯᠢ ᠶᠢᠨ ᠨᠡᠶᠢᠭᠡᠮ ᠲᠣᠭᠤᠷᠢᠭ ᠲᠤ ᠬᠦᠷᠴᠦ ︽ᠦᠨᠳᠦᠰᠦᠲᠡᠨ ᠨᠦᠭᠦᠳ ᠪᠦᠯᠭᠦᠮᠲᠡᠨ ᠨᠢᠭᠡ ᠬᠡᠷ ᠪᠦᠯᠢ ᠶᠢᠨ ᠬᠢᠨ | ᠮᠡᠲᠦ ᠳᠣᠲᠣᠨᠣ ᠪᠠᠶᠢᠵᠤ ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠶ᠎ᠡ︾ ᠭᠡᠬᠦ ᠠᠵᠢᠯᠯᠠᠭ᠎ᠠ | ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠡᠩ ᠤᠨ ᠨᠠᠮ ᠤᠨ ᠭᠡᠰᠢᠭᠦᠨ ᠤ | ᠬᠤᠪᠢ ᠪᠠᠷ ᠠᠵᠢᠯᠯᠠᠭ᠎ᠠ ᠳᠤ ᠣᠷᠣᠯᠴᠠᠪᠠ᠃ | | | ᠠᠵᠢᠯᠯᠠᠭ᠎ᠠ ᠳᠤ᠂ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠭᠠᠵᠠᠷ ᠤᠨ ᠨᠠᠮ ᠤᠨ ᠡᠭᠦᠷ ᠤᠨ ᠱᠦᠵᠢ | ᠰᠦᠨ ᠰᠢᠤᠸᠠᠢ ᠸᠧᠨ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ ᠳᠤ ᠶᠡᠷᠦᠩᠬᠡᠶ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠡᠭᠡᠵᠢᠩ ᠳᠤ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠳᠤ | ᠣᠷᠣᠯᠴᠠᠭᠰᠠᠨ ᠲᠥᠷᠥᠭᠳᠡᠯ ᠢᠶᠠᠨ ᠶᠠᠷᠢᠵᠤ᠂ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ ᠲᠠᠢ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ | ᠰᠣᠯᠢᠯᠴᠠᠪᠠ᠃ ᠣᠯᠠᠨ ᠢᠶᠠᠷ ᠢᠶᠠᠨ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠳᠦᠰᠦᠲᠡᠨ ᠤ ᠬᠠᠤᠯᠢ | ᠴᠠᠭᠠᠵᠠ ᠬᠠᠤᠯᠢ ᠳᠦᠷᠢᠮ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠵᠡᠷᠭᠡ ᠨᠣᠮ ᠰᠤᠳᠤᠷ ᠢ | ᠬᠦᠷᠭᠡᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠭᠤᠭᠠᠯᠢ ᠠᠷᠠᠳ ᠲᠤ ᠦᠨᠳᠦᠰᠦᠲᠡᠨ ᠤ | ᠬᠠᠤᠯᠢ ᠴᠠᠭᠠᠵᠠ ᠬᠠᠤᠯᠢ ᠳᠦᠷᠢᠮ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠪᠠ᠃ | | | ᠳᠡᠳ᠋ ᠡᠷᠬᠢᠯᠡᠭᠴᠢ ᠶᠦᠨ ᠭᠦᠸᠧ ᠱᠧᠩ᠄ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ | ᠠᠭᠤᠯᠭ᠎ᠠ ᠮᠦᠨ᠂ ᠵᠦᠪᠯᠡᠯ ᠤᠨ ᠪᠠᠶᠢᠭᠤᠯᠭ᠎ᠠ ᠶᠢᠨ ᠡᠯ᠎ᠡ ᠨᠠᠮ ᠤᠨ ᠡᠭᠦᠷ ᠭᠡᠰᠡᠨ ᠦᠭᠡᠢ᠂ ᠳᠠᠭᠠᠭᠠᠴᠢᠯᠠᠨ | ᠬᠠᠷᠢᠯᠴᠠᠵᠤ ᠪᠠᠶᠢᠭ᠎ᠠ ᠨᠡᠶᠢᠭᠡᠮ ᠲᠤᠭᠤᠷᠢᠭ ᠭᠡᠰᠡᠨ ᠦᠭᠡᠢ᠂ ᠴᠥᠮ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠣᠯᠠᠨ ᠲᠦᠮᠡᠨ ᠤ ︽ᠲᠤᠯᠭᠠᠮᠳᠠᠵᠤ ᠪᠠᠶᠢᠭ᠎ᠠ᠂ ᠬᠦᠴᠢᠷᠲᠠᠵᠤ ᠪᠠᠶᠢᠭ᠎ᠠ᠂ ᠵᠣᠪᠠᠨᠢᠵᠤ ᠪᠠᠶᠢᠭ᠎ᠠ᠂ ᠬᠦᠰᠡᠮᠵᠢᠯᠡᠵᠦ ᠪᠠᠶᠢᠭ᠎ᠠ︾ | ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ ᠭᠠᠷᠭᠠᠵᠤ᠂ ᠣᠯᠠᠨ ᠲᠦᠮᠡᠨ ᠤ ᠬᠦᠴᠢᠷ ᠠᠰᠠᠭᠤᠳᠠᠯ᠂ ᠰᠡᠳᠬᠢᠯ ᠵᠣᠪᠠᠵᠤ | ᠪᠠᠶᠢᠭ᠎ᠠ ᠶᠠᠪᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠭᠦ ᠬᠡᠷᠡᠭᠲᠡᠶ ᠭᠡᠵᠦ ᠴᠢᠬᠤᠯᠠᠴᠢᠯᠠᠪᠠ᠃ | | | |