7 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠪᠣᠯᠤᠨ ᠵᠥᠪᠯᠡᠯ ᠤᠨ | ᠬᠠᠷᠢᠶ᠎ᠠ ᠨᠢᠭᠡᠴᠢ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ | ᠦᠵᠡᠭᠦᠯᠭᠡ︾ ᠶᠢ ᠲᠣᠭᠤᠷᠢᠨ ᠦᠵᠡᠪᠡ᠃ | ᠲᠠᠶᠢᠯᠪᠤᠷᠢᠯᠠᠭᠴᠢ ᠶᠢᠨ ᠳᠠᠭᠠᠭᠤᠯᠭ᠎ᠠ ᠳᠤᠤᠷ᠎ᠠ ᠣᠯᠠᠨ ᠢᠶᠠᠷ ᠢᠶᠠᠨ ︽ᠳᠤᠮᠳᠠᠳᠤ ᠤᠯᠤᠰ ᠤᠨ ᠡᠪ ᠬᠠᠮᠲᠤ | ᠨᠠᠮ ᠢ ᠪᠠᠶᠢᠭᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠤᠬᠰᠠᠨ | ᠨᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠨᠡᠶᠢᠭᠡᠮ ᠵᠢᠷᠤᠮᠲᠤ ᠬᠤᠪᠢᠰᠬᠠᠯ ᠪᠠ | ᠪᠦᠲᠦᠭᠡᠨ ᠪᠠᠶᠢᠭᠤᠯᠤᠯᠲᠠ ᠬᠢᠭᠰᠡᠨ ᠨᠢ︾᠂ ︽ᠥᠭᠡᠷᠡᠴᠢᠯᠡᠯᠲᠡ ᠨᠡᠭᠡᠭᠡᠯᠲᠡ ᠬᠢᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠡᠭᠦᠳᠦᠨ ᠬᠦᠭᠵᠢᠭᠦᠯᠦᠭᠰᠡᠨ ᠨᠢ︾᠂ ︽ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠦᠭᠰᠡᠨ ᠨᠢ︾ ᠭᠡᠭᠦ ᠲᠦᠷᠪᠡᠨ ᠬᠡᠰᠡᠭ ᠤᠨ ᠦᠵᠡᠭᠦᠯᠭᠡ ᠶᠢ ᠨᠠᠷᠢᠨ ᠨᠢᠮᠪᠠᠢ ᠲᠤᠭᠤᠷᠢᠨ ᠦᠵᠡᠵᠦ | ᠰᠤᠷᠤᠯᠴᠠᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢ ᠢᠮᠠᠭᠲᠠ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠷᠢᠮᠳᠠᠯᠠᠵᠤ᠂ ᠬᠦᠴᠢᠷ ᠪᠡᠷᠬᠡᠰᠢᠶᠡᠯ ᠢ ᠢᠯᠠᠨ ᠲᠠᠪᠠᠵᠤ᠂ ᠠᠤᠭ᠎ᠠ ᠦᠢᠯᠡᠰ ᠪᠤᠰᠬᠠᠵᠤ | ᠰᠠᠭᠤᠷᠢ ᠶᠢ ᠲᠠᠯᠪᠢᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ | ᠴᠢᠷᠮᠠᠶᠢᠨ ᠡᠭᠦᠳᠦᠭᠰᠡᠨ ᠪᠡᠷᠬᠡ ᠬᠠᠲᠠᠭᠤᠵᠢᠯᠲᠠᠶ ᠥᠩᠭᠡᠷᠡᠯᠲᠡ ᠶᠢ ᠬᠦᠡᠵᠡᠭᠡᠢ ᠤᠶᠢᠯᠠᠭᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠶᠠᠭᠠᠬᠢᠭᠠᠳ ᠲᠡᠶᠢᠯᠳᠡᠭ᠂ ᠮᠠᠷᠺᠰ ᠤᠨ ᠦᠵᠡᠯ ᠶᠠᠭᠠᠬᠢᠭᠠᠳ ᠪᠤᠯᠳᠠᠭ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠶ | ᠲᠠᠨᠢᠯᠲᠠ ᠪᠠᠨ ᠭᠦᠡᠵᠡᠭᠡᠶᠢᠷᠡᠭᠦᠯᠪᠡ᠃ | | ᠨᠠᠮ ᠤᠨ ᠭᠡᠰᠢᠭᠦᠨ ᠺᠠᠳ᠋ᠷᠴᠤᠳ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠶ᠎ᠡ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠭᠦᠯᠭᠡ︾ ᠶᠢ ᠲᠣᠭᠤᠷᠢᠨ | ᠦᠵᠡᠵᠦ ᠪᠠᠶᠢᠭ᠎ᠠ ᠨᠢ | | ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠵᠠᠭᠤᠨ ᠵᠢᠯ ᠤᠨ ᠲᠡᠦᠬᠡ ᠶᠢ ᠲᠣᠭᠤᠷᠢᠨ ᠦᠵᠡᠵᠦ | ᠰᠤᠷᠤᠯᠴᠠᠬᠤ ᠪᠠᠷ ᠳᠡᠮᠵᠢᠨ ᠢᠲᠡᠭᠡᠯ ᠬᠦᠰᠡᠯ ᠪᠢᠰᠢᠷᠡᠯ ᠬᠦᠨᠳᠦᠳᠬᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠨᠠᠮ ᠤᠨ ᠰᠢᠯᠢᠳᠡᠭ ᠤᠯᠠᠮᠵᠢᠯᠠᠯ ᠢ ᠶᠡᠭᠡ ᠪᠠᠷ ᠵᠠᠯᠭᠠᠮᠵᠢᠯᠠᠨ | ᠪᠠᠳᠠᠷᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ | ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠢᠮᠠᠭᠲᠠ ᠪᠠᠷᠢᠮᠲᠠᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ | ᠨᠠᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠪᠥᠬᠦ ᠨᠠᠮ ᠤᠨ ᠭᠡᠰᠢᠭᠦᠨ ᠺᠠᠳ᠋ᠷ ᠢ | ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠤᠩᠰᠢᠵᠤ ᠲᠠᠩᠭᠠᠷᠢᠭᠯᠠᠪᠠ | | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ | ᠱᠧᠩ ᠪᠥᠬᠦ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ | ᠤᠩᠰᠢᠵᠤ ᠲᠠᠩᠭᠠᠷᠢᠭᠯᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠠᠨ ᠡᠾᠦ᠋ᠢ ᠯᠦᠩ ᠠᠵᠢᠯᠯᠠᠭ᠎ᠠ ᠳᠤ | ᠣᠷᠣᠯᠴᠠᠪᠠ᠃ |