| | ᠵᠣᠬᠢᠶᠠᠭᠴᠢ᠄ ᠨᠠᠪᠴᠢ ᠶᠢᠨ ᠷᠦᠩ | | | — ᠮᠠᠨ ᠤ ᠣᠷᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠵᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠭᠰᠠᠨ ᠦᠷ᠎ᠡ ᠪᠦᠲᠦᠮᠵᠢ ᠶᠢᠨ ᠲᠤᠬᠠᠢ ᠪᠤᠳᠠᠳᠤ ᠲᠡᠮᠳᠡᠭᠯᠡᠯ | ︵ᠨᠢᠭᠡ︶ | ︽ᠪᠣᠯᠪᠠᠰᠤᠷᠠᠯ ᠨᠢ ᠮᠠᠨ ᠤ ᠰᠢᠨ᠎ᠡ ᠪᠠᠭᠰᠢ ᠨᠠᠷ ᠤᠨ ᠦᠳᠲᠡᠷ ᠲᠦᠷᠭᠡᠨ ᠢᠶᠠᠷ ᠦᠰᠦᠨ ᠪᠤᠶᠢᠵᠢᠬᠤ ᠳᠤ ᠰᠠᠶᠢᠨ | ᠰᠠᠶᠢᠬᠠᠨ ᠲᠠᠪᠴᠠᠩ ᠬᠠᠩᠭᠠᠵᠤ᠂ ᠪᠣᠯᠪᠠᠰᠤᠷᠠᠯ ᠲᠠᠭᠤᠰᠴᠤ᠂ ᠪᠢᠳᠡᠨ ᠤ ᠵᠢᠭᠠᠨ ᠰᠤᠷᠭᠠᠯᠲᠠ ᠶᠢᠨ ᠠᠵᠢᠯ ᠴᠦ ᠡᠬᠢᠯᠡᠬᠦ | ᠪᠤᠯᠤᠯ᠎ᠠ᠃ ᠪᠠᠭᠰᠢ ᠶᠢᠨ ᠠᠵᠢᠯ ᠭᠡᠵᠦ ᠠᠷᠢᠭᠤᠨ ᠲᠠᠷᠬᠠᠨ ᠮᠦᠷᠲᠡᠭᠡᠨ ᠰᠠᠶᠢᠨ ᠰᠠᠶᠢᠬᠠᠨ ᠶᠤᠮ᠃ ᠰᠢᠨ᠎ᠡ ᠴᠠᠭ | ᠦᠶ᠎ᠡ ᠶᠢᠨ ᠵᠠᠯᠠᠭᠤ ᠪᠠᠭᠰᠢ ᠪᠣᠯᠤᠭᠰᠠᠨ ᠤ ᠬᠤᠪᠢ ᠳᠤ᠂ ᠪᠢ ᠲᠤᠷᠠᠳᠠᠶ᠎ᠠ ᠵᠠᠯᠠᠭᠤ ᠨᠠᠰᠤ ᠪᠠᠨ ᠨᠠᠮ ᠤᠨ ᠰᠤᠷᠭᠠᠨ | ᠬᠥᠮᠦᠵᠢᠯ ᠤᠨ ᠦᠢᠯᠡᠰ ᠲᠤ ᠵᠤᠷᠢᠭᠤᠯᠤᠨ᠎ᠠ︾᠃ 8 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ︽ᠭᠤᠷᠪᠠᠨ ᠬᠢᠴᠢᠶᠡᠯ ᠲᠦᠷᠦᠯ︾ ᠤᠨ | ᠣᠨᠴᠠ ᠠᠵᠢᠯ ᠤᠨ ᠪᠠᠶᠢᠷᠢ ᠶᠢᠨ ᠲᠤᠰᠬᠠᠢ ᠲᠥᠷᠥᠯ ᠤᠨ ᠲᠦᠯᠦᠪᠯᠡᠭᠡ ᠶᠢᠨ ᠪᠠᠭᠰᠢ ᠨᠠᠷ ᠤᠨ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠶᠢᠨ ᠲᠡᠭᠦᠰᠬᠦ ᠶᠣᠰᠣᠯᠠᠯ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠳᠤ ᠶᠠᠪᠤᠭᠳᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠰᠤᠯᠤᠩᠭᠤᠸ᠎ᠠ | ᠪᠣᠯᠪᠠᠰᠤᠷᠠᠯ ᠳᠤ ᠤᠷᠤᠯᠴᠠᠭᠰᠠᠨ ᠲᠥᠷᠥᠭᠳᠡᠯ ᠢᠶᠠᠨ ᠡᠶᠢᠨ ᠬᠦ ᠬᠤᠪᠢᠶᠠᠯᠴᠠᠵᠤ ᠪᠠᠶᠢᠯ᠎ᠠ᠃ ᠰᠤᠯᠤᠩᠭᠤᠸ᠎ᠠ᠄ | ︽ᠠᠵᠢᠯ ᠤᠨ ᠪᠠᠶᠢᠷᠢ ᠶᠢᠨ ᠬᠡᠷᠡᠭᠴᠡᠭᠡ ᠪᠠᠷ ᠪᠢᠳᠡ ᠰᠤᠷᠭᠠᠭᠤᠯᠢ ᠶᠢᠨ ᠬᠦᠷᠢᠶᠡᠨ ᠳᠤ ᠠᠯᠬᠤᠨ ᠤᠷᠤᠵᠤ ᠬᠢᠴᠢᠶᠡᠯ ᠤᠨ | ᠳᠠᠶᠢᠰᠠᠨ ᠳᠤ ᠭᠠᠷᠴᠠᠢ᠂ ᠪᠣᠯᠪᠠᠰᠤᠷᠠᠯ ᠤᠨ ᠳᠤᠮᠳᠠ ᠰᠤᠷᠤᠭᠰᠠᠨ ᠮᠡᠳᠡᠯᠭᠡ ᠪᠠᠨ ᠦᠢᠯᠡᠳᠦᠯᠭᠡ ᠶᠢᠨ ᠳᠤᠮᠳᠠ | ᠬᠡᠷᠡᠭᠯᠡᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠬᠠᠮᠲᠤ ᠠᠵᠢᠯᠯᠠᠭᠰᠠᠳ ᠪᠣᠯᠤᠨ ᠵᠢᠯᠤᠭᠤᠳᠤᠭᠴᠢ | ᠪᠠᠭᠰᠢ ᠲᠠᠢ ᠪᠠᠨ ᠦᠵᠡᠯ ᠪᠤᠳᠤᠯ ᠢᠶᠠᠨ ᠰᠤᠯᠢᠯᠴᠠᠨ ᠶᠠᠷᠢᠯᠴᠠᠵᠤ᠂ ᠡᠨᠡ ᠬᠤᠭᠤᠴᠠᠭᠠᠨ ᠤ ᠪᠣᠯᠪᠠᠰᠤᠷᠠᠯ ᠢᠶᠠᠷ ᠮᠠᠰᠢ | ᠰᠠᠶᠢᠨ ᠲᠠᠪᠲᠠᠭᠳᠠᠨ ᠪᠤᠯᠪᠠᠰᠤᠷᠠᠵᠠᠢ︾ ᠬᠡᠵᠦ ᠶᠠᠷᠢᠵᠤ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ ᠨᠡᠶᠢᠲᠡ 90 ᠡᠳᠦᠷ ᠶᠠᠪᠤᠭᠳᠠᠵᠤ᠂ ᠬᠢᠴᠢᠶᠡᠯ ᠤᠨ | ᠲᠣᠬᠢᠷᠠᠭᠤᠯᠤᠯᠲᠠ ᠨᠢ ᠰᠢᠨ᠎ᠡ ᠪᠠᠭᠰᠢ ᠨᠠᠷ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠶᠢ ᠵᠢᠷᠤᠮᠯᠠᠵᠤ᠂ | ᠪᠠᠭᠰᠢ ᠶᠢᠨ ᠪᠣᠯᠪᠠᠰᠤᠷᠠᠯ ᠤᠨ ᠬᠢᠴᠢᠶᠡᠯ ᠲᠦᠷᠦᠯ ᠤᠨ ᠵᠢᠯᠣᠭᠤᠳᠬᠤ ᠪᠠᠷᠢᠮᠵᠢᠶ᠎ᠠ ᠶᠢ ᠦᠨᠳᠦᠰᠦᠯᠡᠨ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠰᠢᠨ᠎ᠡ ᠪᠠᠭᠰᠢ ᠨᠠᠷ ᠤᠨ ᠲᠤᠰᠬᠠᠶ ᠮᠡᠷᠭᠡᠵᠢᠯ ᠤᠨ | ᠬᠥᠭᠵᠢᠯᠲᠡ ᠶᠢᠨ ᠭᠤᠤᠯᠯᠠᠬᠤ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠨᠳᠦᠰᠦᠨ | ᠴᠢᠳᠠᠪᠤᠷᠢ ᠶᠢᠨ ᠲᠤᠭᠤᠷᠢᠨ ᠳᠤ᠂ ᠪᠣᠳᠠᠲᠠᠶ ᠠᠵᠢᠯᠯᠠᠭᠠᠨ ᠤ ᠴᠢᠨᠠᠷ᠂ ᠬᠡᠷᠡᠭᠯᠡᠭᠡᠨ ᠤ ᠴᠢᠨᠠᠷ ᠪᠠ ᠪᠣᠳᠠᠲᠤ ᠦᠷ᠎ᠠ | ᠪᠦᠲᠦᠮᠵᠢᠲᠦ ᠴᠢᠨᠠᠷ ᠢ ᠳᠣᠪᠤᠶᠢᠯᠭᠠᠭᠰᠠᠨ ᠪᠠᠶᠢᠨ᠎ᠠ᠃ ᠰᠤᠷᠤᠯᠭᠠᠳᠠᠳ ᠪᠣᠯᠪᠠᠰᠤᠷᠠᠯ ᠢᠶᠠᠷ ᠳᠠᠮᠵᠢᠭᠠᠳ ᠲᠥᠷᠥ ᠶᠢᠨ | ᠪᠣᠳᠣᠯᠭ᠎ᠠ ᠶᠢ ᠣᠶᠢᠯᠠᠭᠠᠵᠤ᠂ ᠦᠵᠡᠯᠳᠡ ᠲᠠᠨᠢᠯᠲᠠ ᠨᠢ ᠳᠡᠭᠡᠭᠰᠢᠯᠡᠵᠡᠢ︔ ᠬᠢᠴᠢᠶᠡᠯ ᠤᠨ ᠪᠠᠷᠢᠮᠵᠢᠶ᠎ᠠ ᠶᠢ ᠣᠢᠢᠯᠠᠭᠠᠵᠤ᠂ | ᠵᠢᠭᠠᠬᠤ ᠮᠠᠲ᠋ᠧᠷᠢᠶᠠᠯ ᠢ ᠡᠵᠡᠮᠰᠢᠪᠡ︔ ᠦᠢᠯᠡᠳᠦᠯᠭᠡ ᠲᠠᠢ ᠤᠶᠠᠯᠳᠤᠭᠤᠯᠤᠨ᠂ ᠮᠡᠷᠭᠡᠵᠢᠯ ᠨᠢ ᠳᠡᠭᠡᠭᠰᠢᠯᠡᠵᠡᠢ᠃ | ᠨᠢᠳᠤᠨᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠨᠠᠭᠠᠰᠢ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠶᠢᠨ ᠪᠣᠯᠪᠠᠰᠤᠷᠠᠯ ᠢ ᠮᠠᠨ ᠤ ᠣᠷᠣᠨ ᠳᠤ | ᠲᠠᠰᠤᠷᠠᠯᠲᠠ ᠥᠬᠡᠶ ᠥᠷᠨᠢᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠨᠢ ᠰᠠᠭᠤᠷᠢ ᠴᠢᠨᠠᠷᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ᠮᠠᠨ ᠤ ᠣᠷᠣᠨ | ᠦᠨᠳᠦᠰᠦᠲᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠲᠤ ᠤᠯᠤᠰ ᠲᠦᠷᠦ ᠶᠢᠨ ᠬᠡᠪ | ᠪᠤᠯᠪᠠᠰᠤᠷᠠᠯ ᠢᠶᠠᠷ ᠴᠢᠩᠭ᠎ᠠ᠂ ᠵᠢᠭᠠᠨ ᠰᠤᠷᠭᠠᠯᠲᠠ ᠶᠢᠨ ᠬᠢᠷᠢ ᠲᠦᠪᠰᠢᠨ ᠨᠡᠯᠢᠶᠡᠳ ᠥᠨᠳᠥᠷ᠂ ᠪᠠᠭᠰᠢ ᠶᠢᠨ ᠲᠤᠭ᠎ᠠ | ᠬᠡᠮᠵᠢᠶ᠎ᠡ ᠭᠦᠢᠴᠡᠳ ᠨᠢᠭᠡᠨ ᠰᠠᠯᠠᠭ᠎ᠠ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ ᠪᠤᠢ᠃ | ᠦᠵᠦ ᠲᠥᠯᠥᠪᠯᠡᠭᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ︽ᠦᠨᠳᠦᠰᠦᠲᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ | ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ ᠢ ᠪᠠᠶᠢᠭᠤᠯᠬᠤ᠂ ᠪᠠᠭᠰᠢ | ᠨᠥᠬᠦᠪᠥᠷᠢᠯᠡᠬᠦ᠂ ᠪᠠᠭᠰᠢ ᠶᠢᠨ ᠡᠩᠨᠡᠭᠡ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ᠂ ᠰᠢᠯᠢᠳᠡᠭ ᠪᠠᠭᠰᠢ ᠶᠢᠨ ᠪᠡᠯᠡᠳᠬᠡᠯ | ᠬᠦᠴᠦᠨ ᠢ ᠬᠦᠮᠦᠵᠢᠬᠦᠯᠬᠦ ᠵᠡᠷᠭᠡ 4 ᠲᠠᠯ᠎ᠠ ᠠᠴᠠ 13 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠵᠠᠶ᠃ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠮᠠᠨ ᠤ ᠣᠷᠣᠨ ᠲᠠᠷᠦ᠋ᠢᠬᠠᠨ ᠬᠦᠳᠡᠯᠦᠯᠴᠡᠵᠦ᠂ | ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠬᠢᠴᠢᠶᠡᠯ ᠲᠥᠷᠥᠯ︾ ᠤᠨ | ᠪᠠᠭᠰᠢ ᠶᠢᠨ ᠬᠦᠴᠦᠨ ᠢ ᠬᠦᠢᠴᠡᠳ ᠲᠤᠬᠢᠷᠠᠭᠤᠯᠤᠨ ᠬᠦᠴᠦᠷᠬᠡᠭᠵᠢᠬᠦᠯᠪᠡ᠃ | — ︽ᠭᠤᠷᠪᠠᠨ ᠬᠢᠴᠢᠶᠡᠯ ᠲᠥᠷᠥᠯ︾ ᠤᠨ ᠪᠠᠭᠰᠢ ᠶᠢ ᠢᠯᠡ ᠪᠠᠷ ᠤᠷᠢᠵᠤ ᠡᠯᠰᠡᠬᠦ ᠠᠵᠢᠯ ᠢ ᠤᠷᠢᠳᠴᠢᠯᠠᠨ | ᠲᠥᠯᠥᠪᠯᠡᠬᠦ ᠶᠢᠨ ᠬᠠᠮᠲᠤ ᠴᠠᠭ ᠲᠤᠬᠠᠶ ᠳᠤ ᠨᠢ ᠪᠡᠶᠡᠯᠡᠭᠦᠯᠪᠡ᠃ ᠡᠨᠡ ᠵᠢᠯ ᠤᠨ 1 ᠳ᠋ᠦ᠋ᠭᠡᠷ ᠰᠠᠷ᠎ᠠ ᠳᠤ᠂ ᠪᠥᠬᠦ | ᠣᠷᠣᠨ ᠤ ᠡᠯ᠎ᠡ ᠭᠠᠵᠠᠷ ᠤᠨ ᠬᠢᠨ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠨᠣᠪᠴᠢᠲᠠᠶ ᠤᠢᠢᠯᠠᠭᠠᠭᠰᠠᠨ | ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ︽ᠭᠤᠷᠪᠠᠨ ᠬᠢᠴᠢᠶᠡᠯ ᠲᠥᠷᠥᠯ︾ ᠤᠨ ᠪᠠᠭᠰᠢ ᠶᠢ ᠢᠯᠡ ᠪᠠᠷ ᠤᠷᠢᠵᠤ | ᠡᠯᠰᠡᠬᠦ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠡᠯ᠎ᠡ ᠠᠶᠢᠮᠠᠭ ᠬᠤᠲᠠ ᠢᠯᠡ ᠪᠠᠷ ᠤᠷᠢᠵᠤ ᠡᠯᠰᠡᠬᠦ᠂ | ᠰᠤᠷᠭᠠᠭᠤᠯᠢ ᠠᠴᠠ ᠤᠷᠢᠵᠤ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠠᠭᠰᠢ ᠤᠷᠢᠵᠤ ᠡᠯᠰᠡᠬᠦ ᠠᠵᠢᠯ ᠢ ᠪᠡᠶᠡᠯᠡᠭᠦᠯᠬᠦ ᠶᠢᠨ ᠬᠠᠮᠲᠤ᠂ ᠰᠢᠨ᠎ᠡ ᠪᠠᠷ ᠠᠵᠢᠯ ᠳᠤ | ᠣᠷᠣᠬᠤ ᠪᠠᠭᠰᠢ ᠨᠠᠷ ᠲᠤ ᠪᠣᠯᠪᠠᠰᠤᠷᠠᠯ ᠬᠢᠪᠡ᠃ | ︽ᠰᠤᠷᠭᠠᠨ ᠬᠥᠮᠦᠵᠢᠯ ᠤᠨ ᠬᠥᠭᠵᠢᠯᠲᠡ᠂ ᠤᠯᠤᠰ ᠤᠨ ᠴᠡᠴᠡᠭᠯᠡᠯ ᠬᠥᠭᠵᠢᠯ ᠪᠠ ᠦᠨᠳᠦᠰᠦᠲᠡᠨ ᠤ ᠬᠥᠭᠵᠢᠯ | ᠮᠠᠨᠳᠤᠯ ᠤᠨ ᠲᠥᠯᠥᠭᠡ ᠴᠢᠷᠮᠠᠶᠢᠨ ᠲᠡᠮᠡᠴᠡᠨ᠎ᠡ︕︾ 4 ᠳ᠋ᠦ᠋ᠭᠡᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ | ᠭᠤᠷᠪᠠᠨ ᠬᠢᠴᠢᠶᠡᠯ ᠲᠦᠷᠦᠯ ᠤᠨ ᠰᠢᠨ᠎ᠡ ᠠᠵᠢᠯ ᠤᠨ ᠪᠠᠶᠢᠷᠢ ᠳᠤ ᠭᠠᠷᠬᠤ ᠵᠢᠴᠢ ᠪᠤᠰᠤᠳ ᠪᠠᠭᠰᠢ ᠨᠠᠷ ᠤᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ᠂ | ᠪᠥᠬᠦ ᠰᠢᠨ᠎ᠡ ᠪᠠᠭᠰᠢ ᠨᠠᠷ ᠬᠠᠮᠲᠤ ᠪᠠᠷ ᠠᠷᠠᠳ ᠤᠨ ᠪᠠᠭᠰᠢ ᠶᠢᠨ ᠲᠠᠩᠭᠠᠷᠢᠭ ᠤᠨ ᠦᠭᠡ ᠶᠢ ᠤᠩᠰᠢᠨ᠂ ᠪᠠᠭᠰᠢ ᠶᠢᠨ | ᠠᠵᠢᠯ ᠮᠡᠷᠭᠡᠵᠢᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ᠃ | ᠦᠪᠡᠷᠳᠡᠭᠡᠨ ᠵᠠᠰᠠᠬᠤ ᠤᠷᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠲᠡᠯᠭᠡᠷᠡᠬᠦᠯᠦᠨ ᠬᠡᠷᠡᠭᠯᠡᠬᠦ ︽ᠭᠤᠷᠪᠠᠨ ᠬᠢᠴᠢᠶᠡᠯ ᠲᠦᠷᠦᠯ︾ ᠤᠨ ᠪᠠᠭᠰᠢ ᠶᠢᠨ ᠣᠨᠴᠠ ᠠᠵᠢᠯ ᠤᠨ ᠪᠠᠶᠢᠷᠢ ᠶᠢᠨ | ᠲᠤᠰᠬᠠᠶ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠭᠤᠷᠪᠠᠨ ᠬᠢᠴᠢᠶᠡᠯ ᠲᠥᠷᠥᠯ ᠤᠨ ᠪᠠᠭᠰᠢ ᠪᠠᠷ ᠨᠡᠯᠢᠶᠡᠳ | ᠳᠤᠳᠠᠵᠤ ᠪᠠᠶᠢᠭ᠎ᠠ ᠭᠠᠵᠠᠷ ᠣᠷᠣᠨ ᠳᠤ ᠤᠷᠢᠵᠤ ᠡᠯᠰᠡᠭᠰᠡᠨ ᠪᠠᠭᠰᠢ ᠶᠢ ᠪᠤᠯᠪᠠᠰᠤᠷᠠᠯ ᠢᠶᠠᠷ ᠳᠠᠮᠵᠢᠭᠤᠯᠤᠨ ᠠᠵᠢᠯ ᠤᠨ | ᠪᠠᠶᠢᠷᠢ ᠳᠤ ᠭᠠᠷᠭᠠᠪᠠ᠃ ᠨᠢᠳᠤᠨᠤᠨ ᠤ 12 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠭᠤᠷᠪᠠᠨ ᠬᠢᠴᠢᠶᠡᠯ ᠲᠦᠷᠦᠯ ᠤᠨ ︽ᠤᠨᠴᠠ ᠠᠵᠢᠯ ᠤᠨ ᠪᠠᠶᠢᠷᠢ ᠶᠢᠨ ᠪᠠᠭᠰᠢ︾ ᠶᠢ 298 | ᠡᠯᠰᠡᠭᠰᠡᠨ ᠪᠠᠶᠢᠨ᠎ᠠ᠃ 3 ᠰᠠᠷ᠎ᠠ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢᠶᠠᠷ ᠳᠠᠮᠵᠢᠭᠰᠠᠨ | ᠡᠳᠡᠭᠡᠷ ᠪᠠᠭᠰᠢ ᠨᠠᠷ ᠡᠨᠡ ᠵᠢᠯ ᠤᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠤ ᠳᠠᠷᠠᠭ᠎ᠠ ᠨᠢᠭᠡ | ᠬᠤᠭᠤᠴᠠᠭᠠᠨ ᠤ ᠠᠵᠢᠯ ᠤᠨ ᠪᠠᠶᠢᠷᠢ ᠶᠢᠨ ᠳᠠᠳᠤᠯᠭ᠎ᠠ ᠬᠢᠵᠦ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠤ | ᠳᠠᠷᠠᠭ᠎ᠠ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠡᠯ᠎ᠡ ᠰᠤᠷᠭᠠᠭᠤᠯᠢ ᠳᠤ ᠬᠦᠷᠴᠦ ᠠᠵᠢᠯ ᠤᠨ | ᠪᠠᠶᠢᠷᠢ ᠳᠤ ᠭᠠᠷᠬᠤ ᠪᠠᠷ ᠪᠡᠯᠡᠭᠡᠨ ᠪᠣᠯᠵᠠᠢ᠃ | ︽ᠬᠠᠭᠠᠰ ᠵᠢᠯ ᠭᠠᠷᠤᠢ ᠶᠢᠨ ᠪᠣᠯᠪᠠᠰᠤᠷᠠᠯ᠂ ᠠᠵᠢᠯ ᠤᠨ ᠪᠠᠶᠢᠷᠢ ᠶᠢᠨ ᠳᠠᠳᠤᠯᠭ᠎ᠠ ᠵᠡᠷᠭᠡ ᠪᠠᠷ ᠳᠠᠮᠵᠢᠭᠠᠳ ᠪᠢ | ᠮᠠᠰᠢ ᠣᠯᠤᠯᠲᠠ ᠲᠠᠢ ᠪᠣᠯᠵᠠᠢ᠃ ᠠᠷᠠᠳ ᠤᠨ ᠪᠠᠭᠰᠢ ᠪᠢᠴᠢᠭ ᠵᠢᠭᠠᠵᠤ ᠬᠥᠮᠦᠨ ᠬᠦᠮᠦᠵᠢᠭᠦᠯᠬᠦ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠨ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠦᠷᠦᠭᠦᠯᠡᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠰᠤᠷᠤᠭᠴᠢᠳ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠬᠡᠷᠡᠭᠲᠡᠢ ᠭᠡᠳᠡᠭ ᠢ ᠭᠦᠨᠵᠡᠭᠡᠢ ᠳᠠᠨᠢᠵᠠᠢ︾ ᠬᠡᠵᠦ ᠬᠥᠯᠥᠨ ᠪᠤᠶᠢᠷ | ᠬᠤᠳᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ | ᠬᠢᠴᠢᠶᠡᠯ ᠤᠨ ︽ᠤᠨᠴᠠ ᠠᠵᠢᠯ ᠤᠨ ᠪᠠᠶᠢᠷᠢ ᠶᠢᠨ ᠪᠠᠭᠰᠢ︾ ᠵᠤᠤ ᠰᠢ ᠶᠤᠸᠠᠨ ᠬᠡᠯᠡᠨ᠎ᠡ᠃ | ᠰᠢᠶᠠᠨ ᠤ ᠬᠡᠪᠴᠢᠶᠡᠨ ᠳᠤ᠂ ᠬᠤᠲᠠ ᠬᠥᠳᠡᠭᠡ ᠶᠢᠨ ᠬᠤᠭᠤᠷᠣᠨᠳᠣ᠂ ᠰᠤᠷᠭᠠᠭᠤᠯᠢ ᠶᠢᠨ ᠬᠤᠭᠤᠷᠣᠨᠳᠣ᠂ ᠡᠩ ᠤᠨ | ᠰᠤᠷᠭᠠᠭᠤᠯᠢ ᠬᠢᠭᠡᠳ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠠᠵᠢᠯ | ᠲᠦᠷᠦᠯ ᠢᠶᠠᠷ ᠬᠠᠪᠰᠤᠷᠤᠯᠴᠠᠬᠤ ᠬᠠᠪᠰᠤᠷᠤᠨ ᠳᠡᠳᠬᠦᠬᠦ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠦᠭᠡ | ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠭᠤᠷᠪᠠᠨ ᠬᠢᠴᠢᠶᠡᠯ ᠲᠥᠷᠥᠯ ᠤᠨ ᠪᠠᠭᠰᠢ ᠨᠠᠷ ᠤᠨ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠠ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠵᠦ ᠪᠤᠢ᠃ 6 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠥᠬᠦ ᠣᠷᠣᠨ ᠤ 448 ᠡᠩ ᠤᠨ ᠰᠤᠷᠭᠠᠭᠤᠯᠢ ᠪᠣᠯᠤᠨ 313 ᠦᠨᠳᠦᠰᠦᠲᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ︽ᠬᠠᠪᠰᠤᠷᠤᠯᠴᠠᠭ᠎ᠠ ᠶᠢᠨ ᠬᠠᠮᠲᠤ ᠶᠢᠨ ᠴᠣᠭᠴᠠ︾ ᠶᠢ ᠪᠠᠶᠢᠭᠤᠯᠵᠤ᠂ 1475 | ᠪᠠᠭᠰᠢ ᠶᠢ ᠬᠠᠷᠢᠯᠴᠠᠨ ᠲᠣᠮᠢᠯᠠᠪᠠ᠃ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ ᠶᠢᠨ ᠪᠠᠭᠰᠢ ᠨᠠᠷ ᠬᠠᠮᠲᠤ ᠪᠠᠷ | ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠴᠤ ᠦᠨᠡᠯᠡᠬᠦ᠂ ᠨᠡᠷᠡᠲᠦ ᠪᠠᠭᠰᠢ ᠱᠠᠪᠢ ᠳᠠᠭᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭᠰᠢ | ᠨᠠᠷ ᠢ ᠬᠠᠪᠰᠤᠷᠤᠨ ᠵᠢᠭᠠᠨ ᠰᠤᠷᠭᠠᠬᠤ ᠠᠵᠢᠯ ᠢ ᠰᠠᠶᠢᠲᠤᠷ ᠬᠢᠵᠦ᠂ ᠲᠡᠳᠡᠨ ᠤ ᠵᠢᠭᠠᠬᠤ ᠮᠠᠲ᠋ᠧᠷᠢᠶᠠᠯ᠂ ᠵᠢᠭᠠᠨ | ᠰᠤᠷᠭᠠᠯᠲᠠ ᠶᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ ᠪᠤᠢ᠃ ᠡᠭᠦᠨ ᠤ ᠬᠠᠮᠲᠤ᠂ ᠡᠩ ᠤᠨ ᠰᠤᠷᠭᠠᠭᠤᠯᠢ ᠨᠢ | ᠪᠠᠰᠠ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠣᠳᠠᠲᠠᠶ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠪᠢᠴᠢᠯ ᠬᠢᠴᠢᠶᠡᠯ ᠬᠢᠬᠦ᠂ ᠰᠤᠩᠭᠤᠳᠠᠭ ᠪᠣᠯᠪᠠᠰᠤᠷᠠᠯ ᠬᠢᠬᠦ᠂ ᠳᠠᠰᠬᠠᠯ | ᠲᠠᠭᠠᠭᠠᠯᠭᠠᠪᠤᠷᠢ ᠶᠢᠨ ᠲᠥᠯᠥᠪᠯᠡᠭᠡ ᠬᠢᠬᠦ ᠳᠠᠯ᠎ᠠ ᠪᠠᠷ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠵᠤ᠂ ᠭᠤᠷᠪᠠᠨ ᠬᠢᠴᠢᠶᠡᠯ | ᠲᠥᠷᠥᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠵᠢᠭᠠᠨ ᠰᠤᠷᠭᠠᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢ ᠦᠨᠡᠨ ᠬᠦ ᠬᠠᠪᠰᠤᠷᠴᠤ ᠪᠠᠶᠢᠨ᠎ᠠ᠃ | ︽ᠣᠳᠣᠬᠠᠨ ᠤ ᠪᠠᠶᠢᠳᠠᠯ ᠠᠴᠠ ᠦᠵᠡᠪᠡᠯ᠂ ᠣᠷᠳᠣᠰ ᠬᠤᠲᠠ ᠶᠢᠨ ᠡᠩ ᠤᠨ ᠰᠤᠷᠭᠠᠭᠤᠯᠢ ᠬᠢᠭᠡᠳ ᠬᠤᠲᠠ ᠶᠢᠨ | ᠰᠢᠭᠤᠳ ᠬᠠᠷᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠦᠬᠡ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠨᠤᠭᠤᠳ ᠬᠠᠪᠰᠤᠷᠤᠯᠴᠠᠭ᠎ᠠ ᠪᠠᠶᠢᠭᠤᠯᠤᠨ ᠬᠠᠮᠲᠤ ᠪᠠᠷ ᠪᠠᠶᠢᠭᠤᠯᠬᠤ ᠠᠵᠢᠯ ᠵᠣᠬᠢᠬᠤ ᠦᠷ᠎ᠡ | ᠪᠦᠲᠦᠮᠵᠢ ᠤᠯᠪᠠ᠃ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠨᠠᠷ ᠵᠢᠭᠠᠬᠤ ᠮᠠᠲ᠋ᠧᠷᠢᠶᠠᠯ ᠳᠤ ᠪᠥᠬᠦ ᠲᠠᠯ᠎ᠠ ᠶᠢᠨ | ᠲᠠᠨᠢᠯᠲᠠ ᠲᠠᠢ ᠪᠣᠯᠵᠣ᠂ ᠬᠢᠴᠢᠶᠡᠯ ᠪᠡᠯᠡᠳᠬᠡᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠡᠵᠡᠮᠳᠡᠬᠦ | ᠲᠠᠯ᠎ᠠ ᠪᠠᠷ ᠢᠯᠡᠳᠲᠡ ᠳᠠᠪᠰᠢᠯᠲᠠ ᠲᠠᠢ ᠪᠣᠯᠵᠣ᠂ ᠵᠢᠭᠠᠨ ᠰᠤᠷᠭᠠᠯᠲᠠ ᠶᠢᠨ ᠤᠢᠢᠯᠠᠭᠠᠭᠳᠠᠬᠤᠨ ᠤ ᠳᠠᠯ᠎ᠠ ᠪᠠᠷ | ᠢᠯᠡᠳᠲᠡ ᠬᠤᠪᠢᠷᠠᠯᠲᠠ ᠭᠠᠷᠴᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠨᠡᠯᠢᠶᠡᠳ ᠳᠡᠭᠡᠭᠰᠢᠯᠡᠵᠡᠶ᠃ ᠡᠭᠦᠨ ᠤ | ᠬᠠᠮᠲᠤ᠂ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯ ᠨᠢ ᠬᠤᠶᠠᠷ ᠰᠤᠷᠭᠠᠭᠤᠯᠢ ᠶᠢᠨ ᠪᠠᠭᠰᠢ ᠶᠢᠨ | ᠣᠯᠤᠯᠲᠠ ᠲᠥᠷᠥᠭᠳᠡᠯ ᠢᠶᠠᠨ ᠰᠣᠯᠢᠯᠴᠠᠬᠤ᠂ ᠳᠠᠪᠠᠭᠤᠯᠢᠭ ᠳᠠᠯ᠎ᠠ ᠪᠠᠨ ᠰᠤᠷᠤᠯᠴᠠᠵᠤ ᠳᠤᠲᠠᠭᠤᠳᠠᠯ ᠢᠶᠠᠨ | ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳᠡᠯᠬᠦ ᠶᠢ ᠪᠡᠶᠡᠯᠡᠭᠦᠯᠬᠦ ᠳᠤ ᠠᠰᠢᠭᠲᠠᠶ ᠶᠤᠮ︾ ᠭᠡᠵᠦ ᠤᠷᠳᠤᠰ | ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠴᠤᠭ ᠬᠡᠯᠡᠪᠡ᠃ | ᠣᠷᠣᠨ ᠤ ᠳᠣᠲᠣᠷᠠᠬᠢ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠨᠡᠭᠡᠭᠡᠭᠰᠡᠨ 19 ᠶᠡᠭᠡ ᠳᠡᠭᠡᠳᠦ | ᠰᠤᠷᠭᠠᠭᠤᠯᠢ ᠨᠢ ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠵᠣᠬᠢᠶᠠᠨ ᠪᠠᠶᠢᠭᠤᠯᠵᠤ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠣᠯᠭ᠎ᠠ᠂ | ᠪᠠᠭᠰᠢ ᠶᠢᠨ ᠪᠣᠯᠪᠠᠰᠤᠷᠠᠯ᠂ ᠰᠤᠳᠤᠯᠭᠠᠨ ᠤ ᠰᠡᠳᠦᠪ ᠤᠨ ᠪᠣᠭᠤᠮᠲᠠ ᠰᠢᠪᠲᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠢ ᠬᠠᠪᠰᠤᠷᠤᠨ ᠲᠡᠳᠬᠦᠵᠦ ᠪᠤᠢ᠃ ᠡᠨᠡ ᠵᠢᠯ ᠤᠨ 3 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠪᠤᠯᠤᠨ ᠰᠢᠯᠢ ᠶᠢᠨ ᠭᠤᠤᠯ ᠠᠶᠢᠮᠠᠭ᠂ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠬᠢᠭᠡᠳ ᠲᠦᠩᠯᠢᠶᠣᠤ ᠬᠤᠲᠠ᠂ ᠤᠯᠠᠭᠠᠨᠬᠠᠳᠠ ᠳᠡᠭᠡᠳᠦ ᠰᠤᠷᠭᠠᠭᠤᠯᠢ ᠬᠢᠭᠡᠳ ᠤᠯᠠᠭᠠᠨᠬᠠᠳᠠ ᠬᠤᠲᠠ᠂ | ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠬᠢᠩᠭᠠᠨ ᠠᠶᠢᠮᠠᠭ ᠁ ᠬᠠᠮᠢᠶ᠎ᠠ | ᠪᠥᠬᠦᠶ ᠶᠡᠭᠡ ᠳᠡᠭᠡᠳᠦ ᠰᠤᠷᠭᠠᠭᠤᠯᠢ ᠬᠢᠭᠡᠳ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠢᠳᠡᠪᠬᠢᠲᠡᠶ ᠵᠤᠬᠢᠴᠠᠭᠤᠯᠵᠤ᠂ ᠤᠯᠤᠰ ᠲᠥᠷᠥ ᠶᠢᠨ ᠬᠡᠪ ᠪᠤᠯᠪᠠᠰᠤᠷᠠᠯ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠷ ᠴᠢᠩᠭ᠎ᠠ ᠪᠠᠭᠰᠢ ᠰᠣᠷᠣᠭᠴᠢ ᠶᠢ ᠰᠣᠩᠭᠤᠵᠤ ᠰᠤᠷᠭᠠᠭᠤᠯᠢ ᠳᠤ ᠰᠠᠭᠤᠯᠭᠠᠨ ᠰᠤᠷᠭᠠᠨ ᠬᠥᠮᠦᠵᠢᠯ ᠢ | ᠳᠡᠮᠵᠢᠭᠦᠯᠪᠡ᠃ | ᠡᠨᠡ ᠵᠢᠯ ᠤᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ 12 ᠰᠣᠷᠣᠭᠴᠢ ᠲᠣᠮᠢᠯᠠᠨ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ | ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠭᠤᠯᠪᠠ᠂ ᠡᠲᠡᠭᠡᠷ ᠤᠶᠤᠲᠠᠳ | ᠠᠩᠬ᠎ᠠ ᠵᠡᠷᠭᠡ ᠶᠢᠨ ᠨᠢᠭᠡᠳᠦᠭᠡᠷ ᠣᠨ ᠤ ᠰᠤᠷᠤᠭᠴᠢᠳ ᠤᠨ ᠪᠢᠴᠢᠬᠦ ᠪᠠ ᠤᠩᠰᠢᠬᠤ ᠵᠢᠭᠠᠨ ᠰᠤᠷᠭᠠᠯᠲᠠ ᠶᠢᠨ | ᠡᠭᠦᠷᠭᠡ ᠶᠢ ᠡᠭᠦᠷᠭᠡᠯᠡᠬᠦ ᠶᠢᠨ ᠬᠠᠮᠲᠤ ᠬᠥᠮᠦᠨ ᠪᠦᠷᠢ ᠨᠢᠭᠡ ᠠᠩᠭᠢ ᠶᠢ ᠬᠠᠷᠢᠭᠤᠴᠠᠵᠤ᠂ ᠣᠷᠣᠶ ᠶᠢᠨ ᠳᠠᠪᠲᠠᠯᠭ᠎ᠠ ᠶᠢᠨ | ᠴᠠᠭ ᠢ ᠠᠰᠢᠬᠯᠠᠨ ᠰᠤᠷᠤᠭᠴᠢᠳ ᠤᠨ ᠰᠣᠨᠣᠰᠴᠤ ᠤᠩᠰᠢᠵᠤ ᠪᠢᠴᠢᠬᠦ ᠪᠣᠯᠪᠠᠰᠤᠷᠠᠯ ᠢ ᠥᠷᠨᠢᠭᠦᠯᠪᠡ᠃ ᠵᠣᠨ ᠤ | ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠪᠠᠷ᠂ ᠡᠲᠡᠭᠡᠷ ᠤᠶᠤᠲᠠᠳ ᠤᠨ ᠰᠤᠷᠭᠠᠨ ᠬᠥᠮᠦᠵᠢᠯ ᠢ ᠳᠡᠮᠵᠢᠬᠦ | ᠬᠤᠭᠤᠴᠠᠭ᠎ᠠ ᠨᠢ ᠳᠠᠭᠤᠰᠬᠤ ᠪᠤᠯᠤᠯ᠎ᠠ᠂ ᠰᠤᠷᠭᠠᠨ ᠬᠥᠮᠦᠵᠢᠯ ᠢ ᠲᠡᠮᠵᠢᠵᠦ ᠪᠦᠬᠦᠢ ᠰᠤᠷᠤᠭᠴᠢᠳ ᠢᠶᠠᠨ ᠡᠷᠬᠢᠨ | ᠦᠵᠡᠬᠦ ᠪᠠᠷ ᠢᠷᠡᠭᠰᠡᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠳᠤ᠂ ᠰᠤᠷᠭᠠᠭᠤᠯᠢ ᠶᠢᠨ ᠵᠠᠬᠢᠷᠤᠯ ᠴᠢᠩ ᠱᠠᠨ᠄ ︽ᠳᠠᠷᠠᠭ᠎ᠠ ᠰᠤᠷᠤᠯᠭ᠎ᠠ ᠶᠢᠨ ᠬᠤᠭᠤᠴᠠᠭᠠᠨ ᠳᠤ | ᠨᠠᠩ ᠣᠯᠠᠨ ᠰᠤᠷᠤᠭᠴᠢᠳ ᠰᠤᠷᠭᠠᠨ ᠬᠥᠮᠦᠵᠢᠯ ᠢ ᠳᠡᠮᠵᠢᠭᠦ ᠪᠠᠷ ᠢᠷᠡᠬᠦ ᠶᠢ ᠬᠦᠰᠡᠵᠦ ᠪᠠᠶᠢᠨ᠎ᠠ᠂ ᠲᠡᠮᠵᠢᠬᠦ ᠴᠠᠭ | ᠬᠤᠭᠤᠴᠠᠭ᠎ᠠ ᠶᠢ ᠨᠢ ᠵᠤᠬᠢᠰᠳᠠᠢ ᠤᠷᠳᠤᠳᠬᠠᠪᠠᠯ ᠨᠡᠩ ᠰᠠᠶᠢᠨ︾ ᠭᠡᠵᠦ ᠬᠡᠯᠡᠪᠡ᠃ | ᠰᠢᠰᠲ᠋ᠧᠮ ᠲᠠᠢ᠂ ᠨᠠᠷᠢᠯᠢᠭ᠂ ᠲᠠᠰᠤᠯᠳᠠᠭᠤᠯᠤᠯ ᠦᠭᠡᠢ ᠪᠣᠯᠪᠠᠰᠤᠷᠠᠯ ᠥᠷᠨᠢᠭᠦᠯᠬᠦ ᠪᠠᠷ ᠲᠠᠮᠵᠢᠨ᠂ ᠰᠠᠭᠤᠷᠢ ᠠᠨᠠᠢ | ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠴᠢᠳᠠᠪᠤᠷᠢ ᠶᠢ ᠲᠡᠭᠡᠭᠰᠢᠯᠡᠬᠦᠯᠵᠦ᠂ ᠵᠢᠭᠠᠨ ᠰᠤᠷᠭᠠᠯᠳᠠ ᠶᠢᠨ ᠠᠵᠢᠯ ᠤᠨ | ᠪᠠᠶᠢᠷᠢ ᠳᠤ ᠨᠢ ᠭᠠᠷᠭᠠᠨ᠎ᠠ᠃ ᠮᠠᠨ ᠤ ᠣᠷᠣᠨ ᠰᠤᠷᠭᠠᠨ ᠬᠥᠮᠦᠵᠢᠯ ᠤᠨ ᠶᠠᠮᠤᠨ ᠤ ᠳᠡᠮᠵᠢᠯᠭᠡ ᠶᠢ ᠢᠳᠡᠪᠬᠢᠳᠡᠢ ᠣᠯᠵᠤ᠂ | ᠣᠷᠣᠨ ᠤ ᠲᠤᠳᠤᠨ᠎ᠠ ᠭᠠᠳᠠᠨᠠᠬᠢ ᠪᠠᠭᠰᠢ ᠶᠢᠨ ᠲᠤᠰᠬᠠᠶ ᠮᠡᠷᠭᠡᠵᠢᠯ ᠤᠨ 20 ᠰᠤᠷᠭᠠᠭᠤᠯᠢ ᠶᠢ ᠵᠣᠬᠢᠶᠠᠨ ᠪᠠᠶᠢᠭᠤᠯᠵᠤ᠂ | 12 ᠠᠶᠢᠮᠠᠭ ᠬᠤᠲᠠ ᠶᠢ ᠬᠡᠰᠡᠭ ᠬᠤᠪᠢᠶᠠᠨ ᠳᠠᠭᠠᠭᠠᠴᠢᠯᠠᠭᠤᠯᠵᠤ᠂ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ | ᠪᠣᠯᠪᠠᠰᠤᠷᠠᠯ ᠤᠨ ᠠᠵᠢᠯ ᠢ ᠥᠷᠨᠢᠭᠦᠯᠪᠡ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠠᠴᠠ ᠵᠢᠱᠢᠶ᠎ᠡ | ᠦᠵᠡᠭᠦᠯᠬᠦ ᠠᠵᠢᠯ ᠢ ᠠᠳᠬᠤᠬᠤ᠂ ᠠᠶᠢᠮᠠᠭ ᠬᠤᠲᠠ ᠠᠴᠠ ᠭᠤᠤᠯᠯᠠᠭᠴᠢ ᠬᠦ᠋ᠴᠦᠨ ᠢ ᠠᠳᠬᠤᠬᠤ᠂ ᠬᠤᠰᠢᠭᠤ | ᠰᠢᠶᠠᠨ ᠠᠴᠠ ᠪᠦᠬᠦ ᠠᠵᠢᠯᠲᠠᠨ ᠢ ᠠᠳᠬᠤᠬᠤ᠂ ᠰᠤᠷᠭᠠᠭᠤᠯᠢ ᠠᠴᠠ ᠵᠢᠭᠠᠨ ᠰᠤᠳᠤᠯᠬᠤ ᠶᠢ ᠠᠳᠬᠤᠬᠤ︾ | ᠵᠠᠷᠴᠢᠮ ᠢᠶᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠵᠢᠱᠢᠶ᠎ᠡ ᠦᠵᠡᠭᠦᠯᠬᠦ ᠭᠠᠷᠮᠠᠭᠠᠢ | ᠪᠠᠭᠰᠢ︾ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠪᠠ᠃ ︽ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾ ᠳᠤ ᠪᠤᠯᠪᠠᠰᠤᠷᠠᠯ | ᠬᠦᠷᠳᠡᠭᠡᠭᠰᠡᠨ ᠤ ᠳᠠᠷᠠᠭ᠎ᠠ᠂ ᠡᠯ᠎ᠡ ᠱᠠᠲᠤᠨ ᠤ ᠵᠢᠭᠠᠨ ᠰᠤᠳᠤᠯᠤᠭᠴᠢ ᠯᠤᠭ᠎ᠠ ᠬᠠᠮᠲᠤ ᠪᠠᠷ ᠰᠤᠷᠭᠠᠭᠤᠯᠢ ᠳᠤ | ᠭᠦᠨᠵᠡᠭᠡᠶᠢᠷᠡᠭᠦᠯᠦᠨ᠂ ᠭᠤᠷᠪᠠᠨ ᠬᠢᠴᠢᠶᠡᠯ ᠲᠥᠷᠥᠯ ᠤᠨ ᠪᠠᠭᠰᠢ ᠲᠠᠢ ᠨᠢᠭᠤᠷᠳᠠᠨ ᠵᠢᠭᠠᠬᠤ ᠶᠢ ᠰᠤᠳᠤᠯᠤᠨ | ᠵᠢᠯᠣᠭᠤᠳᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠵᠢᠱᠢᠶ᠎ᠡ ᠦᠵᠡᠭᠦᠯᠦᠨ ᠵᠢᠭᠠᠨ ᠰᠤᠷᠭᠠᠬᠤ ᠵᠡᠷᠭᠡ ᠠᠵᠢᠯᠯᠠᠭ᠎ᠠ ᠶᠢ | ᠥᠷᠨᠢᠭᠦᠯᠪᠡ᠃ | ᠤᠯᠠᠭᠠᠨᠬᠤᠲᠠ ᠶᠢᠨ ᠮᠣᠩᠭᠤᠯ ᠦᠨᠳᠦᠰᠦᠲᠡᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠤᠤ | ᠶᠠᠨ ᠴᠢᠶᠠᠩ ᠪᠣᠯ ︽ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾ ᠪᠣᠯᠤᠨ᠎ᠠ᠂ ᠳᠡᠭᠡᠷ᠎ᠡ ᠬᠤᠭᠤᠴᠠᠭᠠᠨ ᠳᠤ᠂ ᠲᠡᠷᠡ ᠬᠤᠶᠠᠷ | ᠤᠳᠠᠭ᠎ᠠ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ | ᠬᠤᠰᠢᠭᠤ ᠪᠣᠯᠤᠨ ᠲᠦᠩᠯᠢᠶᠣᠤ ᠬᠤᠳᠠ ᠶᠢᠨ ᠨᠠᠢᠮᠠᠨ ᠬᠤᠰᠢᠭᠤ᠂ ᠬᠦᠷᠢᠶ᠎ᠡ ᠬᠤᠰᠢᠭᠤᠨ ᠤ ᠦᠨᠳᠦᠰᠦᠲᠡᠨ ᠤ ᠦᠬᠡ | ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠳᠣᠯᠣᠳᠤᠭᠠᠷ ᠣᠨ ᠤ ᠬᠡᠯᠡ ᠪᠢᠴᠢᠭ ᠤᠨ ᠪᠠᠭᠰᠢ ᠨᠠᠷ ᠲᠠᠢ | ᠨᠢᠭᠤᠷᠳᠠᠨ ᠰᠠᠨᠠᠯ ᠢᠶᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠵᠢᠱᠢᠶ᠎ᠡ | ᠦᠵᠡᠭᠦᠯᠵᠦ ᠬᠦᠳᠦᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠦᠨ ᠬᠡᠷᠡᠭᠯᠡᠬᠦ ᠠᠵᠢᠯ ᠳᠤ ᠥᠪᠡᠷ ᠤᠨ ᠬᠦᠴᠦᠨ ᠴᠢᠳᠠᠯ ᠢᠶᠠᠨ | ᠡᠷᠭᠦᠪᠡ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠᠰᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠰᠢᠷᠢᠰ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠦᠬᠦ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠬᠢᠴᠢᠶᠡᠯᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠢ ᠠᠬᠢᠭᠤᠯᠪᠠ᠃ | ᠴᠢᠯᠠᠭᠤᠨ ᠳᠡᠭᠡᠷ᠎ᠡ ᠭᠢᠰᠭᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ ᠪᠠᠶᠢᠬᠤ ᠬᠠᠳᠠᠨ ᠵᠣᠷᠢᠭ ᠢᠶᠠᠷ᠂ | ᠮᠠᠨ ᠤ ᠣᠷᠣᠨ ᠭᠤᠷᠪᠠᠨ ᠬᠢᠴᠢᠶᠡᠯ ᠲᠦᠷᠦᠯ ᠤᠨ ᠪᠠᠭᠰᠢ ᠶᠢᠨ ᠡᠩᠨᠡᠭᠡ ᠶᠢ ᠪᠦᠷᠢᠨ ᠰᠠᠶᠢᠨ ᠲᠤᠬᠢᠷᠠᠭᠤᠯᠬᠤ ᠶᠢ | ᠦᠨᠡᠨ ᠬᠦ ᠠᠬᠢᠭᠤᠯᠪᠠ᠃ ᠣᠳᠣᠬᠠᠨ ᠳᠤ᠂ ᠪᠦᠬᠦ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠳᠤ ᠳᠤᠲᠠᠭᠳᠠᠵᠤ ᠪᠠᠶᠢᠭᠰᠠᠨ 1300 ᠭᠠᠷᠤᠢ ᠪᠠᠭᠰᠢ ᠶᠢ ᠪᠦᠬᠦᠨ ᠢ ᠨᠥᠬᠦᠪᠥᠷᠢᠯᠡᠵᠦ᠂ | ᠭᠤᠷᠪᠠᠨ ᠬᠢᠴᠢᠶᠡᠯ ᠲᠦᠷᠦᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠵᠢᠭᠠᠨ ᠰᠤᠷᠭᠠᠬᠤ ᠴᠢᠳᠠᠪᠤᠷᠢ ᠢᠯᠡᠳᠲᠡ ᠳᠡᠬᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ | ᠣᠷᠣᠨ ᠤ ᠰᠢᠯᠢᠳᠡᠭ ᠪᠠᠭᠰᠢ ᠶᠢᠨ ᠪᠡᠯᠡᠳᠭᠡᠯ ᠬᠦᠴᠦᠨ ᠢ ᠬᠦᠮᠦᠵᠢᠬᠦᠯᠬᠦ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ︽ᠠᠯᠪᠠᠨ ᠵᠠᠷᠤᠳᠠᠯ ᠢᠶᠠᠷ ᠬᠠᠨᠳᠤᠯᠭ᠎ᠠ ᠲᠠᠢ ᠪᠠᠷ ᠪᠠᠭᠰᠢ ᠬᠥᠮᠦᠵᠢᠭᠦᠯᠬᠦ ᠲᠥᠯᠥᠪᠯᠡᠭᠡ︾ ᠪᠠᠷ | ᠳᠠᠮᠵᠢᠭᠤᠯᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ | ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤ ᠨᠠᠶᠢᠳᠠᠨ ᠬᠦᠮᠦᠵᠢᠬᠦᠯᠵᠦ᠂ ᠪᠠᠭᠰᠢ ᠶᠢᠨ ᠰᠠᠶᠢᠨ ᠵᠢᠭᠠᠬᠤ᠂ | ᠰᠤᠷᠤᠭᠴᠢᠳ ᠤᠨ ᠰᠠᠶᠢᠨ ᠰᠤᠷᠬᠤ ᠶᠢ ᠬᠦᠴᠦᠯᠡᠨ ᠪᠠᠲᠤᠯᠠᠨ᠎ᠠ᠃ | |