ᠠᠷᠠᠳ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠠᠨ ᠨᠢᠩ ᠨᠢᠩ︶ ᠣᠶᠢᠷ᠎ᠠ ᠳᠤ | ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ | ᠰᠤᠷᠭᠠᠨ ᠬᠥᠮᠦᠵᠢᠯ ᠤᠨ ︿ᠬᠡᠦᠬᠡᠳ ᠤᠨ ᠬᠡᠯᠡ ᠶᠢ ᠢᠵᠢᠯ ᠠᠪᠢᠶ᠎ᠠ ᠲᠠᠢ ᠪᠣᠯᠭᠠᠬᠤ﹀ ᠲᠥᠯᠥᠪᠯᠡᠭᠡ ᠶᠢ ᠬᠡᠷᠡᠭᠵᠢᠭᠦᠯᠬᠦ | ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠨᠢᠯᠬ᠎ᠠ ᠬᠡᠦᠭᠡᠳ ᠤᠨ ᠦᠭᠡ ᠬᠡᠯᠡ ᠰᠤᠷᠬᠤ ᠵᠠᠩᠭᠢᠯᠠᠭ᠎ᠠ ᠶᠢᠨ ᠴᠠᠭ ᠦᠶ᠎ᠡ ᠶᠢ ᠵᠠᠪᠳᠤᠵᠤ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠰᠤᠷᠭᠠᠨ ᠬᠥᠮᠦᠵᠢᠯ ᠢ ᠬᠦᠴᠦᠯᠡᠨ | ᠴᠢᠩᠭᠠᠳᠬᠠᠵᠤ᠂ ᠨᠠᠰᠤᠨ ᠲᠤᠷᠰᠢᠳᠠ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠬᠤᠪᠢ ᠬᠥᠮᠦᠨ ᠢ | ᠬᠠᠪᠰᠤᠷᠤᠨ ᠦᠰᠭᠡᠨ ᠪᠤᠶᠢᠵᠢᠭᠤᠯᠵᠤ ᠴᠢᠳᠠᠪᠤᠷᠢᠲᠠᠨ ᠪᠣᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠳᠤ ᠦᠢᠯᠡᠴᠢᠯᠡᠬᠦ ᠰᠠᠭᠤᠷᠢ ᠴᠢᠨᠠᠷᠲᠠᠶ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ︽ᠮᠡᠳᠡᠭᠳᠡᠯ︾ ᠳᠤ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ | ᠡᠬᠢᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠨ ᠠᠰᠠᠷᠠᠨ ᠬᠥᠮᠦᠵᠢᠭᠦᠯᠬᠦ | ᠠᠵᠢᠯᠯᠠᠭ᠎ᠠ ᠶᠢ ᠦᠷᠨᠢᠭᠦᠯᠦᠭᠡᠲᠦᠢ ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ ᠤ ᠭᠠᠵᠠᠷ ᠣᠷᠣᠨ ᠤ | ᠬᠡᠦᠬᠡᠳ ᠤᠨ ᠴᠡᠴᠡᠷᠯᠢᠭ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠨ | ᠠᠰᠠᠷᠠᠨ ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠢᠯᠬ᠎ᠠ ᠬᠡᠦᠬᠡᠳ ᠲᠤ ᠨᠡᠶᠢᠲᠡᠯᠢᠭ ᠬᠡᠯᠡᠨ ᠤ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠦᠨᠳᠦᠰᠦᠲᠡᠨ ᠤ ᠭᠠᠵᠠᠷ ᠣᠷᠣᠨ᠂ ᠬᠥᠳᠡᠭᠡ | ᠲᠣᠰᠬᠤᠨ ᠤ ᠭᠠᠵᠠᠷ ᠣᠷᠣᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢᠨ ᠪᠣᠯᠪᠠᠰᠤᠷᠠᠯ ᠢ ᠬᠤᠭᠤᠴᠠᠭ᠎ᠠ ᠪᠦᠯᠦᠭ ᠬᠤᠪᠢᠶᠠᠨ | ᠥᠷᠨᠢᠭᠦᠯᠵᠦ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠢ | ᠦᠨᠳᠦᠰᠦᠨ ᠳᠤ ᠪᠠᠨ ᠰᠢᠢᠳᠪᠦᠷᠢᠯᠡᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ ᠤ ᠭᠠᠵᠠᠷ | ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠢ ᠠᠯᠬᠤᠮ ᠠᠯᠬᠤᠮ ᠢᠶᠠᠷ ᠨᠡᠶᠢᠲᠡᠯᠢᠭ ᠬᠡᠯᠡ ᠪᠠᠷ | ᠰᠣᠯᠢᠯᠴᠠᠬᠤ ᠦᠨᠳᠦᠰᠦᠨ ᠴᠢᠳᠠᠪᠤᠷᠢ ᠲᠠᠢ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤᠨ ᠳᠤ | ᠣᠷᠣᠵᠤ ᠰᠤᠷᠤᠯᠴᠠᠬᠤ ᠳᠤ ᠰᠠᠶᠢᠨ ᠰᠠᠶᠢᠬᠠᠨ ᠬᠡᠯᠡᠨ ᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃ | ︽ᠮᠡᠳᠡᠭᠳᠡᠯ︾ ᠳᠤ᠂ ᠪᠠᠭᠰᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃ ᠦᠨᠳᠦᠰᠦᠲᠡᠨ ᠤ ᠭᠠᠵᠠᠷ | ᠣᠷᠣᠨ᠂ ᠬᠥᠳᠡᠭᠡ ᠲᠣᠰᠬᠤᠨ ᠤ ᠭᠠᠵᠠᠷ ᠣᠷᠣᠨ ᠤ ᠬᠡᠦᠬᠡᠳ ᠤᠨ ᠴᠡᠴᠡᠷᠯᠢᠭ ᠤᠨ ᠭᠤᠤᠯᠯᠠᠬᠴᠢ ᠬᠦᠴᠦᠨ ᠪᠤᠯᠵᠤ | ᠪᠠᠶᠢᠭ᠎ᠠ ᠪᠠᠭᠰᠢ ᠶᠢ ᠰᠢᠯᠢᠨ ᠰᠣᠩᠭᠤᠵᠤ ᠨᠡᠶᠢᠲᠡᠯᠢᠭ ᠬᠡᠯᠡᠨ ᠤ ︽ᠰᠢᠯᠭᠠᠷᠠᠬᠰᠠᠨ︾ ᠪᠠᠭᠰᠢ ᠶᠢᠨ ᠵᠢᠱᠢᠶ᠎ᠡ | ᠦᠵᠡᠭᠦᠯᠬᠦ ᠪᠣᠯᠪᠠᠰᠤᠷᠠᠯ ᠢ ᠥᠷᠨᠢᠭᠦᠯᠵᠦ᠂ ᠨᠡᠶᠢᠲᠡᠯᠢᠭ ᠬᠡᠯᠡ ᠨᠢ ᠪᠠᠷᠢᠮᠵᠢᠶ᠎ᠠ ᠳᠤ ᠡᠰᠡ ᠬᠦᠷᠦᠭᠰᠡᠨ ᠪᠠ ᠰᠠᠭᠤᠷᠢ ᠨᠢ | ᠨᠡᠯᠢᠶᠡᠳ ᠠᠨᠠᠶ ᠬᠡᠦᠬᠡᠳ ᠤᠨ ᠴᠡᠴᠡᠷᠯᠢᠭ ᠤᠨ ᠪᠠᠭᠰᠢ ᠨᠠᠷ ᠢ ᠵᠤᠬᠢᠶᠠᠨ ᠪᠠᠶᠢᠭᠤᠯᠵᠤ ᠲᠥᠪᠯᠡᠷᠡᠭᠦᠯᠦᠨ | ᠪᠣᠯᠪᠠᠰᠤᠷᠠᠭᠤᠯᠬᠤ᠂ ᠬᠦᠮᠦᠵᠢᠯ ᠪᠤᠯᠪᠠᠰᠤᠷᠠᠯ ᠬᠦᠷᠭᠡᠭᠦ᠂ ᠥᠪᠡᠷᠮᠢᠴᠡ ᠪᠠᠷ ᠬᠠᠪᠰᠤᠷᠤᠨ ᠵᠢᠯᠣᠭᠤᠳᠬᠤ᠂ ᠰᠦᠯᠵᠢᠶᠡᠨ | ᠲᠡᠭᠡᠷ᠎ᠡ ᠢᠵᠢᠯ ᠠᠯᠬᠤᠮ ᠪᠠ ᠢᠵᠢᠯ ᠪᠤᠰᠤ ᠠᠯᠬᠤᠮ ᠢᠶᠠᠷ ᠪᠤᠯᠪᠠᠰᠤᠷᠠᠭᠤᠯᠬᠤ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠪᠠᠷ ᠳᠠᠮᠵᠢᠭᠤᠯᠤᠨ ᠪᠤᠯᠪᠠᠰᠤᠷᠠᠯ ᠬᠦᠷᠲᠡᠭᠡᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠬᠡᠦᠬᠡᠳ ᠤᠨ | ᠴᠡᠴᠡᠷᠯᠢᠭ ᠤᠨ ᠪᠠᠭᠰᠢ ᠶᠢᠨ ᠬᠦᠮᠦᠵᠢᠯ ᠪᠣᠯᠪᠠᠰᠤᠷᠠᠯ ᠤᠨ ᠠᠵᠢᠯ ᠢᠶᠠᠨ ᠴᠢᠩᠭᠠᠳᠬᠠᠬᠤ ᠶᠢ ᠳᠡᠮᠵᠢᠵᠦ᠂ ᠣᠷᠣᠨ | ᠨᠤᠲᠤᠭ ᠤᠨ ᠬᠢᠨ ᠤ ᠨᠡᠶᠢᠲᠡᠯᠢᠭ ᠬᠡᠯᠡᠨ ᠤ ᠪᠣᠯᠪᠠᠰᠤᠷᠠᠯ ᠢ ︽ᠤᠯᠤᠰ ᠤᠨ ᠪᠣᠯᠪᠠᠰᠤᠷᠠᠯ ᠬᠦᠷᠲᠡᠭᠡᠭᠦ ᠲᠥᠯᠥᠪᠯᠡᠭᠡ︾᠂ | ︽ᠮᠤᠵᠢ ᠶᠢᠨ ᠪᠣᠯᠪᠠᠰᠤᠷᠠᠯ ᠬᠦᠷᠲᠡᠭᠡᠭᠦ ᠲᠥᠯᠥᠪᠯᠡᠭᠡ︾ ᠵᠡᠷᠭᠡ ᠦᠨᠳᠦᠰᠦᠲᠡᠨ ᠤ ᠭᠠᠵᠠᠷ ᠣᠷᠣᠨ ᠤ ᠬᠡᠦᠬᠡᠳ ᠤᠨ | ᠴᠡᠴᠡᠷᠯᠢᠭ ᠤᠨ ᠪᠠᠭᠰᠢ ᠯᠤᠭ᠎ᠠ ᠬᠤᠯᠪᠣᠭᠳᠠᠬᠤ ᠪᠣᠯᠪᠠᠰᠤᠷᠠᠯ ᠤᠨ ᠲᠥᠷᠥᠯ ᠵᠦᠢᠯ ᠳᠤ ᠣᠷᠣᠭᠤᠯᠬᠤ ᠶᠢ | ᠵᠣᠷᠢᠭᠵᠢᠭᠤᠯᠤᠨ ᠳᠡᠮᠵᠢᠨ᠎ᠡ ᠭᠡᠵᠦ ᠵᠢᠭᠠᠵᠤ ᠭᠠᠷᠭᠠᠪᠠ᠃ | ︽ᠮᠡᠳᠡᠭᠳᠡᠯ︾ ᠳᠤ᠂ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠴᠡᠴᠡᠷᠯᠢᠭ ᠤᠨ | ᠪᠠᠭᠰᠢ ᠨᠠᠷ ᠤᠨ ᠪᠠᠭᠰᠢ ᠶᠢᠨ ᠬᠢᠷᠢ ᠬᠡᠮ ᠪᠠ ᠨᠡᠶᠢᠲᠡᠯᠢᠭ ᠬᠡᠯᠡᠨ ᠤ ᠵᠡᠷᠭᠡ ᠳᠡᠰ ᠤᠨ ᠦᠨᠡᠮᠯᠡᠯ ᠢᠶᠠᠷ ᠠᠵᠢᠯ ᠤᠨ | ᠪᠠᠶᠢᠷᠢ ᠳᠤ ᠭᠠᠷᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ | ᠬᠡᠮ ᠡᠷᠡᠮᠡᠯᠵᠡᠭᠴᠢ ᠪᠠ ᠰᠢᠨ᠎ᠡ ᠪᠠᠷ ᠡᠯᠰᠡᠨ ᠬᠡᠷᠡᠭᠯᠡᠬᠦ ᠬᠡᠦᠬᠡᠳ ᠤᠨ ᠴᠡᠴᠡᠷᠯᠢᠭ ᠤᠨ ᠪᠠᠭᠰᠢ ᠶᠢᠨ ᠨᠡᠶᠢᠲᠡᠯᠢᠭ | ᠬᠡᠯᠡᠨ ᠤ ᠬᠢᠷᠢ ᠲᠦᠪᠰᠢᠨ ᠨᠢ ᠤᠯᠤᠰ ᠤᠨ ᠨᠢᠭᠡᠳᠦᠯᠲᠡᠶ ᠬᠤᠶᠠᠳᠤᠭᠠᠷ ᠵᠡᠷᠭᠡ ᠶᠢᠨ ᠬᠥᠬᠡᠭᠴᠢᠨ ᠲᠠᠰ ᠵᠢᠴᠢ | ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠶ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠪᠤᠶᠤ ᠴᠢᠭᠯᠡᠯ ᠢ ᠪᠠᠭᠲᠠᠭᠠᠭᠰᠠᠨ ᠪᠠᠭᠰᠢ ᠶᠢᠨ ᠳᠡᠭᠡᠳᠦ ᠰᠤᠷᠭᠠᠭᠤᠯᠢ ᠪᠠ | ᠪᠠᠭᠰᠢ ᠶᠢᠨ ᠲᠤᠰᠬᠠᠶ ᠮᠡᠷᠭᠡᠵᠢᠯ ᠳᠤ᠂ ᠦᠨᠳᠦᠰᠦᠲᠡᠨ ᠤ ᠭᠠᠵᠠᠷ ᠣᠷᠣᠨ ᠳᠤ ᠬᠠᠨᠳᠤᠭᠤᠯᠤᠭᠰᠠᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠣᠷᠣᠨ ᠨᠤᠲᠤᠭ ᠤᠨ ᠠᠯᠪᠠᠨ ᠤ | ᠰᠦᠢᠳᠭᠡᠯ ᠢᠶᠠᠷ ᠰᠤᠷᠤᠯᠴᠠᠬᠤ ᠪᠠᠭᠰᠢ ᠶᠢᠨ ᠮᠡᠷᠭᠡᠵᠢᠯ ᠤᠨ ᠤᠶᠤᠲᠠᠳ ᠢ ᠬᠥᠮᠦᠵᠢᠭᠦᠯᠦᠨ ᠨᠥᠬᠦᠪᠥᠷᠢᠯᠡᠬᠦ ᠡᠷᠴᠢᠮ ᠢ | ᠨᠡᠮᠡᠭᠳᠡᠭᠦᠯᠵᠦ᠂ ᠲᠡᠭᠦᠰᠦᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠰᠠᠭᠤᠵᠤ ᠪᠠᠶᠢᠭ᠎ᠠ ᠦᠨᠳᠦᠰᠦᠲᠡᠨ ᠤ ᠭᠠᠵᠠᠷ | ᠣᠷᠣᠨ ᠳᠤ ᠪᠠᠨ ᠪᠤᠴᠠᠵᠤ ᠭᠡᠷ᠎ᠡ ᠪᠠᠨ ᠬᠦᠢᠴᠡᠳᠭᠡᠨ ᠠᠵᠢᠯ ᠤᠯᠬᠤ ᠶᠢ ᠵᠣᠷᠢᠭᠵᠢᠭᠤᠯᠤᠨ᠎ᠠ᠃ ᠦᠨᠳᠦᠰᠦᠲᠡᠨ ᠤ | ᠭᠠᠵᠠᠷ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠴᠢᠳᠠᠪᠤᠷᠢ ᠪᠠᠷ ᠴᠢᠩᠭ᠎ᠠ ᠪᠠᠶᠢᠳᠠᠭ ᠪᠠᠭᠰᠢ ᠶᠢ ᠢᠯᠡᠭᠦᠦ ᠰᠣᠩᠭᠤᠨ ᠲᠣᠮᠢᠯᠠᠨ᠎ᠠ ᠭᠡᠵᠦ ᠲᠤᠳᠤᠷᠬᠠᠢ | ᠲᠤᠬᠳᠠᠭᠠᠪᠠ᠃ | | |