ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/8/19
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠲᠥᠰᠦᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ ᠭᠡᠵᠦ ᠲᠣᠭᠲᠠᠭᠠᠵᠠᠢ᠃ ᠲᠥᠰᠦᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠬᠠᠮᠲᠤ ᠳᠤ ᠨᠢ ᠬᠠᠷᠠᠭᠠᠯᠵᠠᠬᠤ ᠶᠢ ᠪᠠᠷᠢᠮᠲᠠᠯᠠᠵᠤ᠂ ᠭᠤᠷᠪᠠᠨ ᠵᠦᠢᠯ ᠤᠨ ᠠᠵᠢᠯᠯᠠᠭ᠎ᠠ ᠶᠢᠨ ᠠᠭᠤᠯᠭ᠎ᠠ ᠶᠢ ᠵᠣᠬᠢᠶᠠᠨ ᠪᠠᠶᠢᠭᠤᠯᠪᠠ᠃      ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠡᠯ᠎ᠡ ᠭᠠᠵᠠᠷ ᠤᠨ ᠬᠢᠨ ᠢ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠬᠠᠭᠤᠯᠤᠨ ᠲᠤᠭᠤᠰᠢᠯᠠᠭᠤᠯᠬᠤ ᠪᠠᠷ ᠭᠤᠤᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠤᠯᠤᠰ ᠤᠨ ᠪᠠᠶᠢᠳᠠᠯ ᠪᠣᠯᠤᠨ ︽ᠳᠥᠷᠪᠡᠨ ᠬᠠᠮᠲᠤ︾ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷᠴᠤᠳ ᠢ ᠳᠠᠭᠠᠭᠤᠯᠤᠨ ᠵᠢᠯᠣᠭᠤᠳᠴᠤ ᠪᠠᠶᠢᠭᠠᠳ ︽ᠲᠠᠪᠤᠨ ᠮᠡᠳᠡᠷᠡᠭᠦᠢ︾ ᠶᠢᠨ ᠦᠵᠡᠯ ᠰᠠᠨᠠᠭ᠎ᠠ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ︔ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ︽ᠦᠨᠳᠦᠰᠦᠨ ᠬᠠᠤᠯᠢ︾᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠵᠢᠯᠣᠭᠤᠳᠴᠤ ᠪᠠᠶᠢᠭᠠᠳ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠣᠶ ᠪᠤᠯᠭᠠᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠢ᠂ ᠵᠢᠱᠢᠶᠡᠴᠢ ᠬᠤᠪᠢ ᠬᠥᠮᠦᠨ ᠵᠢᠴᠢ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠶᠢᠨ ᠨᠡᠶᠢᠳᠡᠯᠢᠭ ᠦᠢᠯᠡ ᠠᠵᠢᠯᠯᠠᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠬ᠎ᠠ ᠳᠡᠭᠦᠦ ᠮᠡᠲᠦ ᠳᠣᠲᠣᠨᠣ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠳᠠᠭᠠᠭᠤᠯᠤᠨ ᠵᠢᠯᠣᠭᠤᠳᠴᠤ᠂ ᠠᠨᠠᠷ ᠤᠨ ᠦᠷ᠎ᠡ ᠰᠢᠭ ᠨᠢᠭᠲᠠᠷᠠᠭᠤᠯᠤᠨ ᠪᠦᠯᠭᠦᠮᠳᠡᠭᠦᠯᠭᠦ ᠬᠡᠷᠡᠭᠲᠡᠢ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠶᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ ᠭᠡᠵᠦ ᠱᠠᠭᠠᠷᠳᠠᠪᠠ᠃      ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ᠃ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠠᠶ ᠶᠢᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠦ ᠲᠥᠯᠥᠪᠯᠡᠭᠡ ᠶᠢ ᠴᠢᠩᠭᠠᠳᠬᠠᠨ᠂ ᠠᠯᠤᠰ ᠬᠡᠲᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠭᠦᠳᠦᠨ ᠪᠠᠶᠢᠭᠤᠯᠬᠤ ᠠᠵᠢᠯ ᠢ ᠬᠦᠨ ᠭᠦᠨᠵᠡᠭᠡᠶ ᠤᠳᠠᠭᠠᠨ ᠳᠠᠭᠠᠭᠠᠮᠠᠭᠠᠶ ᠦᠷᠨᠢᠭᠦᠯᠭᠦ ᠶᠢ ᠠᠬᠢᠭᠤᠯᠬᠤ ᠬᠡᠷᠡᠭᠲᠡᠶ︔ ᠡᠭᠦᠳᠦᠨ ᠪᠠᠶᠢᠭᠤᠯᠬᠤ  ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠱᠠᠲᠤᠨ ᠳᠤ᠂ ᠤᠯᠠᠨ ᠲᠦᠮᠡᠨ ᠤ ᠲᠤᠮᠳᠠ ᠬᠦᠷᠭᠦ ︽ᠬᠠᠮᠤᠭ ᠤᠨ ᠰᠡᠭᠦᠯᠴᠢ ᠶᠢᠨ ᠨᠢᠭᠡ ᠠᠯᠬᠤᠮ ᠤᠨ ᠵᠠᠢ︾ ᠶᠢ ᠨᠡᠪᠲᠡᠷᠡᠭᠦᠯᠬᠦ ᠬᠡᠷᠡᠭᠲᠡᠶ︔ ᠨᠡᠶᠢᠲᠡᠯᠢᠭ ᠵᠢᠱᠢᠶ᠎ᠡ ᠶᠢ ᠬᠦᠮᠦᠵᠢᠭᠦᠯᠦᠨ ᠪᠤᠶᠢᠵᠢᠭᠤᠯᠵᠤ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠡᠯ᠎ᠡ ᠭᠠᠵᠠᠷ ᠤᠷᠤᠨ ᠡᠯ᠎ᠡ ᠨᠢᠭᠡᠴᠢ  ᠶᠢᠨ ᠡᠭᠦᠳᠦᠨ ᠪᠠᠶᠢᠭᠤᠯᠬᠤ ᠠᠵᠢᠯ ᠤᠨ ᠬᠠᠯᠠᠭᠤᠨ ᠰᠡᠳᠬᠢᠯᠭᠡ ᠶᠢ ᠬᠦᠭᠵᠢᠭᠡᠭᠦ ᠬᠡᠷᠡᠭᠲᠡᠢ︔ ︽ᠨᠠᠢᠮᠠ ᠳᠤ ᠣᠷᠣᠭᠤᠯᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠲᠤ ᠤᠷᠤᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠲᠣᠮᠣ ᠭᠡᠷ ᠪᠦᠯᠢ ᠶᠢ ᠴᠤᠭᠴᠠᠯᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦᠨ᠎ᠡ︾ ᠭᠡᠭᠦ ᠦᠢᠯᠡᠳᠦᠯᠭᠡ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠪᠣᠳᠠᠲᠤ ᠶᠠᠪᠤᠳᠠᠯ ᠬᠢᠵᠦ ᠥᠭᠬᠦ ᠪᠠᠷ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠠᠰᠢᠭᠲᠠᠶ ᠨᠢᠭᠡ ᠪᠦᠯᠦᠭ ᠰᠠᠶᠢᠨ ᠶᠠᠪᠤᠳᠠᠯ ᠪᠣᠳᠠᠲᠤ ᠶᠠᠪᠤᠳᠠᠯ ᠢ ᠬᠦᠴᠦ ᠪᠠᠨ ᠲᠥᠪᠯᠡᠷᠡᠭᠦᠯᠦᠨ ᠬᠢᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠠᠰᠢᠭᠲᠠᠶ ᠠᠯᠢ ᠣᠯᠠᠨ ᠪᠣᠳᠠᠲᠠᠶ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠴᠢᠷᠮᠠᠶᠢᠨ ᠲᠣᠭᠲᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠪᠠᠷ ᠨᠠᠩ ᠬᠠᠨᠤᠮᠵᠢᠲᠠᠢ᠂ ᠵᠤᠯ ᠵᠢᠷᠭᠠᠯ ᠤᠨ ᠲᠥᠷᠥᠭᠳᠡᠯ ᠤᠯᠠᠮ ᠦᠷᠭᠦᠯᠵᠢᠯᠡᠭᠰᠡᠨ᠂ ᠠᠮᠤᠷ ᠲᠦᠪᠰᠢᠨ ᠤ ᠲᠥᠷᠥᠭᠳᠡᠯ ᠢ ᠨᠢ ᠨᠠᠩ ᠪᠠᠲᠤᠯᠠᠭ᠎ᠠ ᠲᠠᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ