ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/8/19
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠬᠠᠮᠲᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠪᠠ᠃      ᠲᠥᠰᠦᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠢᠯᠠᠩᠭᠤᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠡᠶᠢᠭᠡᠮ ᠲᠣᠭᠤᠷᠢᠭ ᠲᠤ ᠣᠷᠣᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠬᠦᠴᠦᠯᠡᠨ ᠴᠢᠩᠭᠠᠳᠬᠠᠵᠤ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠦᠭᠦᠴᠡᠯ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠵᠤ᠂ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠲᠣᠮᠣ ᠬᠡᠷ ᠪᠦᠯᠢ ᠪᠣᠯᠭᠠᠨ ᠴᠤᠭᠴᠠᠯᠠᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠪᠤᠯᠤᠨ᠎ᠠ᠃      ᠲᠥᠰᠦᠯ ᠳᠤ ᠲᠤᠯᠤᠭᠠᠨ ᠭᠤᠤᠯᠳᠠᠯᠭ᠎ᠠ ᠲᠠᠢ ᠠᠵᠢᠯ ᠢ ᠵᠣᠬᠢᠶᠠᠨ ᠪᠠᠶᠢᠭᠤᠯᠵᠤ ᠲᠣᠬᠢᠷᠠᠭᠤᠯᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠬᠦᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠬᠤᠶᠠᠷ ᠲᠤ᠂ ᠰᠢᠬᠢᠳᠭᠡᠯᠲᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠴᠢᠨᠠᠬᠰᠢᠳᠠ ᠪᠠᠶᠢᠭᠤᠯᠤᠨ᠎ᠠ᠃ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠠᠰᠠᠷ ᠪᠠᠶᠢᠰᠢᠩ ᠤᠨ ᠣᠷᠣᠴᠠ ᠪᠦᠷᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠵᠢᠵᠢᠭ ᠰᠠᠵᠢᠭ ᠠᠵᠢᠯᠯᠠᠭ᠎ᠠ︾ ᠶᠢ ᠶᠡᠭᠡ ᠪᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠯᠵᠤ ᠪᠣᠯᠤᠰᠢ ᠥᠬᠡᠶ ᠬᠠᠮᠲᠤ ᠶᠢᠨ ᠨᠢᠭᠲᠠᠷᠠᠮᠠᠯ ᠴᠣᠭᠴᠠ ᠪᠤᠯᠵᠤ ᠪᠦᠷᠢᠯᠳᠦᠬᠦ ᠶᠢ ᠠᠬᠢᠭᠤᠯᠤᠨ᠎ᠠ᠃ ᠭᠤᠷᠪᠠ ᠳᠤ᠂ ᠬᠤᠳᠠ ᠶᠢᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠳᠠᠯᠢ ᠲᠡᠭᠰᠢ᠂ ᠨᠠᠷᠢᠯᠢᠭ ᠣᠨᠣᠪᠴᠢᠲᠠᠢ ᠣᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠬᠠᠩᠭᠠᠵᠤ᠂ ᠠᠵᠢᠯ  ᠣᠯᠭᠤᠯᠲᠠ ᠳᠤ ᠬᠠᠪᠰᠤᠷᠬᠤ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ ᠵᠡᠷᠭᠡ ᠠᠵᠢᠯ ᠢ ᠢᠳᠡᠪᠬᠢᠲᠡᠶ ᠬᠠᠮᠵᠢᠨ ᠰᠠᠶᠢᠲᠤᠷ ᠬᠢᠨ᠎ᠠ᠃ ᠳᠥᠷᠪᠡ ᠳᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠪᠠᠳᠤᠯᠠᠨ᠎ᠠ᠃ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠲᠠᠪᠤ ᠳᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠤᠷᠤᠭᠤᠯᠬᠤ + ᠨᠠᠮ ᠤᠨ ᠪᠠᠶᠢᠭᠤᠯᠤᠯᠲᠠ︾ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ︾᠂ ︽ᠨᠠᠮ ᠤᠨ ᠰᠦᠯᠳᠡ ᠶᠢᠨ ᠭᠡᠷᠡᠯᠲᠦᠭᠦᠯᠭᠡ ᠪᠠᠷ ᠠᠨᠠᠷ ᠤᠯᠠᠶᠢᠨ᠎ᠠ︾ ᠵᠡᠷᠭᠡ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠲᠦᠷᠦᠯ ᠲᠡᠮᠳᠡᠭ ᠢ ᠡᠭᠦᠳᠴᠦ᠂ ᠨᠠᠮ ᠤᠨ ᠪᠠᠶᠢᠭᠤᠯᠤᠯᠲᠠ ᠪᠠ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠢᠷᠭᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠠᠯ᠎ᠠ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠨᠢᠭᠡ ᠪᠦᠯᠦᠭ ᠨᠡᠶᠢᠲᠡᠯᠢᠭ ᠨᠡᠶᠢᠭᠡᠮ ᠲᠣᠭᠤᠷᠢᠭ ᠢ ᠨᠠᠷᠢᠨ ᠨᠢᠮᠪᠠᠶ ᠰᠣᠩᠭᠤᠨ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠤᠷᠤᠭᠤᠯᠬᠤ ᠠᠵᠢᠯ ᠢ ᠰᠢᠨ᠎ᠡ ᠶᠢ ᠡᠭᠦᠳᠦᠨ ᠥᠷᠨᠢᠭᠦᠯᠬᠦ ᠶᠢ ᠠᠬᠢᠭᠤᠯᠤᠨ᠎ᠠ᠃ ᠳᠣᠯᠤᠭ᠎ᠠ ᠳᠤ᠂ ᠨᠡᠶᠢᠭᠡᠮ ᠲᠣᠭᠤᠷᠢᠭ ᠤᠨ ᠺᠠᠳ᠋ᠷᠴᠤᠳ᠂ ᠨᠡᠶᠢᠭᠡᠮ ᠲᠣᠭᠤᠷᠢᠭ ᠤᠨ ᠰᠠᠶᠢᠨ ᠲᠤᠷᠠᠴᠤᠳ ᠪᠣᠯᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ ᠬᠠᠮᠳᠤᠷᠠᠯ ᠬᠦᠴᠦᠨ ᠢ ᠪᠣᠶ ᠪᠤᠯᠭᠠᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ