ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠭᠦᠨᠵᠡᠭᠡᠶ ᠠᠬᠢᠭᠤᠯᠬᠤ ᠲᠤᠬᠠᠢ ᠲᠥᠰᠦᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/8/19
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠬᠤ ᠶᠢᠨ ᠲᠤᠰᠠᠳᠠ᠂ ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠬᠠᠮᠳᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠭᠦᠨᠵᠡᠭᠡᠶ ᠠᠬᠢᠭᠤᠯᠬᠤ ᠲᠤᠬᠠᠢ ᠲᠥᠰᠦᠯ︾ ᠢ ᠲᠠᠷᠤᠮᠠᠯᠯᠠᠨ ᠲᠠᠷᠬᠠᠭᠠᠬᠤ ᠶᠢᠨ ᠬᠠᠮᠳᠤ ᠠᠵᠢᠯ ᠤᠨ ᠱᠠᠭᠠᠷᠳᠠᠯᠭ᠎ᠠ ᠲᠤᠷᠠᠳᠪᠠ᠃      ᠲᠦᠰᠦᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠢᠯᠠᠩᠭᠤᠶ᠎ᠠ ᠦᠡᠳᠦᠰᠦᠲᠡᠨ ᠤ ᠪᠦᠯᠬᠦᠮᠲᠡᠯ ᠲᠠᠪᠰᠢᠯᠳᠠ ᠶᠢ ᠨᠡᠶᠢᠭᠡᠮ ᠲᠤᠭᠤᠷᠢᠭ ᠲᠤ ᠤᠷᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠬᠦᠴᠦᠯᠡᠨ ᠴᠢᠩᠭᠠᠳᠬᠠᠵᠤ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠵᠤ᠂ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠲᠣᠮᠣ ᠬᠡᠷ ᠪᠦᠯᠢ ᠪᠣᠯᠭᠠᠨ ᠪᠥᠲᠥᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠤᠯᠤᠨ᠎ᠠ᠃      ᠲᠥᠰᠦᠯ ᠳᠤ ᠲᠤᠯᠤᠭᠠᠨ ᠭᠤᠤᠯᠳᠠᠯᠭ᠎ᠠ ᠲᠠᠢ ᠠᠵᠢᠯ ᠢ ᠵᠣᠬᠢᠶᠠᠨ ᠪᠠᠶᠢᠭᠤᠯᠵᠤ ᠲᠣᠬᠢᠷᠠᠭᠤᠯᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠦᠲᠦᠯᠦᠨ ᠲᠠᠭᠠᠭᠤᠯᠵᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠬᠦᠢ ᠶᠢ ᠨᠢ ᠲᠠᠰᠤᠷᠠᠯᠲᠠ ᠥᠬᠡᠶ ᠴᠢᠩᠭᠠᠳᠬᠠᠨ᠎ᠠ᠃ ᠬᠤᠶᠠᠷ ᠲᠤ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠤᠬᠴᠠᠯᠠᠨ ᠪᠠᠶᠢᠭᠤᠯᠤᠨ᠎ᠠ᠃ ᠨᠡᠶᠢᠭᠡᠮ ᠲᠣᠭᠤᠷᠢᠭ᠂ ᠬᠤᠷᠢᠶᠠᠯᠠᠯ᠂ ᠠᠰᠠᠷ ᠣᠷᠣᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠪᠢᠴᠢᠯ ᠠᠵᠢᠯᠯᠠᠭ᠎ᠠ︾ ᠶᠢ ᠶᠡᠭᠡ ᠪᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠯᠵᠤ ᠪᠣᠯᠤᠰᠢ ᠥᠬᠡᠶ ᠨᠢᠭᠲᠠ ᠬᠠᠮᠲᠤ ᠶᠢᠨ ᠴᠣᠭᠴᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠭᠤᠷᠪᠠ ᠳᠤ᠂ ᠬᠤᠲᠠ ᠶᠢᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠪᠣᠯᠤᠨ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠳᠠᠯᠢ ᠲᠡᠭᠰᠢ᠂ ᠨᠠᠷᠢᠯᠢᠭ ᠤᠨᠤᠴᠠᠳᠠᠢ ᠣᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠬᠠᠩᠭᠠᠵᠤ᠂ ᠠᠵᠢᠯ ᠣᠯᠬᠤ ᠶᠢ ᠬᠠᠪᠰᠤᠷᠬᠤ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠵᠡᠷᠭᠡ ᠲᠠᠯ᠎ᠠ ᠶᠢᠨ ᠦᠢᠯᠡᠴᠢᠯᠡᠭᠡ ᠶᠢ ᠢᠳᠡᠪᠬᠢᠲᠡᠶ ᠬᠠᠮᠵᠢᠨ ᠰᠠᠶᠢᠲᠤᠷ ᠬᠢᠨ᠎ᠡ᠃ ᠳᠥᠷᠪᠡ ᠳᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠪᠠᠲᠤᠯᠠᠨ᠎ᠠ᠃ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠲᠠᠪᠤ ᠳᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠤᠷᠤᠭᠤᠯᠬᠤ + ᠨᠠᠮ ᠤᠨ ᠪᠠᠶᠢᠭᠤᠯᠤᠯᠲᠠ︾ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ︾᠂ ︽ᠨᠠᠮ ᠤᠨ ᠰᠦᠯᠳᠡ ᠶᠢᠨ ᠭᠡᠭᠡᠨ ᠲᠤᠶᠠᠭᠠᠨ ᠳᠤ ᠠᠨᠠᠷ ᠤᠯᠠᠶᠢᠨ᠎ᠠ︾ ᠵᠡᠷᠭᠡ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠲᠥᠷᠥᠯ ᠲᠡᠮᠳᠡᠭ ᠢ ᠡᠭᠦᠳᠴᠦ᠂ ᠨᠠᠮ ᠤᠨ ᠪᠠᠶᠢᠭᠤᠯᠤᠯᠲᠠ ᠪᠤᠯᠤᠨ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠢᠷᠭᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠢᠳᠡᠪᠬᠢᠲᠡᠶ ᠴᠢᠷᠮᠠᠶᠢᠨ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠠᠯ᠎ᠠ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠨᠢᠭᠡ ᠪᠦᠯᠦᠭ ᠨᠡᠶᠢᠲᠡᠯᠢᠭ ᠨᠡᠶᠢᠭᠡᠮ ᠲᠣᠭᠤᠷᠢᠭ ᠢ ᠰᠡᠳᠬᠢᠯ ᠲᠠᠯᠪᠢᠨ ᠰᠤᠩᠭᠤᠨ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠤᠨ ᠰᠢᠨ᠎ᠡ ᠶᠢ ᠡᠭᠦᠳᠦᠨ ᠥᠷᠨᠢᠭᠦᠯᠬᠦ ᠶᠢ ᠠᠬᠢᠭᠤᠯᠤᠨ᠎ᠠ᠃ ᠲᠤᠯᠤᠭ᠎ᠠ ᠳᠤ᠂ ᠨᠡᠶᠢᠭᠡᠮ ᠲᠣᠭᠤᠷᠢᠭ ᠤᠨ ᠺᠠᠳ᠋ᠷᠴᠤᠳ᠂ ᠨᠡᠶᠢᠭᠡᠮ ᠲᠣᠭᠤᠷᠢᠭ ᠤᠨ ᠰᠠᠶᠢᠨ ᠲᠤᠷᠠᠴᠤᠳ ᠪᠣᠯᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ